5 ᠳ᠋ᠤᠭ᠋ᠠᠷ ᠰᠠᠷ᠎ᠠ ᠵᠢᠨ 15᠎ᠤ ᠡᠳᠦᠷ ᠪᠤᠯ 《ᠪᠦᠬᠦ ᠤᠯᠤᠰ᠎ᠤᠨ ᠳᠤᠤᠷ᠎ᠠ ᠨᠡᠬᠦᠷᠡᠰᠦᠳᠦ᠋ᠷᠦᠭᠴᠢᠳᠦ ᠡᠳᠦᠷ》 ᠪᠤᠯᠤᠨ᠎ᠠ᠂ ᠡᠨᠡ ᠵᠢᠯ᠎ᠤᠨ ᠭᠤᠤᠯ ᠰᠡᠳᠦᠪ ᠪᠤᠯ 《ᠪᠤᠬᠢᠷᠳᠤᠯ ᠦᠭᠡᠢ ᠳᠤᠤᠷ᠎ᠠ ᠨᠡᠬᠦᠷᠡᠰᠦᠳᠦ᠋ᠷᠦᠭᠴᠢᠳᠦ ᠦᠵᠡᠰᠬᠦᠯᠡᠩᠳᠦ ᠰᠠᠶ᠋ᠢᠬᠠᠨ ᠳᠤᠮᠳᠠᠳᠤ ᠤᠯᠤᠰ》 ᠪᠤᠯᠤᠨ᠎ᠠ᠂ ᠪᠢᠳᠡ ᠠᠭᠤᠷ ᠠᠮᠢᠰᠬᠤᠯ᠎ᠤᠨ ᠬᠤᠪᠢᠷᠠᠯᠳᠠ ᠵᠢᠨ ᠨᠦᠯᠦᠭᠡ ᠵᠢ ᠬᠠᠮᠳᠤ᠎ᠪᠠᠷ ᠠᠩᠬᠠᠷᠴᠤ᠂ ᠭᠠᠷ ᠬᠤᠯᠪᠤᠨ ᠳᠦᠭᠦᠮ ᠳᠤᠬᠢᠷᠠᠮᠵᠢᠳᠠᠢ᠂ ᠪᠤᠯᠪᠠᠰᠤᠨ ᠡᠷᠡᠬᠦᠯ ᠠᠮᠢᠳᠤᠷᠠᠯ᠎ᠤᠨ ᠠᠷᠭ᠎ᠠ ᠮᠠᠶᠢᠭ ᠪᠠ ᠬᠡᠷᠡᠭᠯᠡᠭᠡ ᠵᠢᠨ ᠵᠠᠭᠪᠤᠷ᠎ᠢ ᠪᠦᠷᠢᠯᠳᠦᠬᠦᠯᠵᠤ᠂ ᠪᠤᠬᠢᠷᠳᠤᠯ ᠦᠭᠡᠢ ᠳᠤᠤᠷ᠎ᠠ ᠨᠡᠬᠦᠷᠡᠰᠦᠳᠦ᠋ᠷᠦᠭᠴᠢᠳᠦ ᠬᠦᠭᠵᠢᠯᠳᠡ ᠵᠢ ᠬᠠᠮᠳᠤ᠎ᠪᠠᠷ ᠠᠬᠢᠭᠤᠯᠤᠶ᠎ᠠ
ᠶᠠᠭᠤ ᠵᠢ ᠳᠣᠣᠷ᠎ᠠ ᠨᠡᠭᠦᠷᠡᠰᠦᠲᠥ᠋ᠷᠦᠭᠴᠢᠲᠦ ᠭᠡᠳᠡᠭ ᠪᠤᠢ?
ᠳᠣᠣᠷ᠎ᠠ ᠨᠡᠭᠦᠷᠡᠰᠦᠲᠥ᠋ᠷᠦᠭᠴᠢᠲᠦ ᠭᠡᠳᠡᠭ᠎ᠨᠢ ᠬᠥᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ᠎ᠨᠢ ᠨᠡᠩ ᠳᠣᠣᠷ᠎ᠠ ᠪᠣᠯᠬᠤ ᠨᠡᠢ᠌ᠭᠡᠮ᠎ᠤᠨ ᠦᠢ᠍ᠯᠡᠳᠪᠦᠷᠢᠯᠡᠯ ᠠᠮᠢᠳᠤᠷᠠᠯ᠎ᠤᠨ ᠬᠡᠪ ᠵᠠᠭᠪᠤᠷ᠎ᠢ ᠵᠢᠭ᠋ᠠᠵᠤ ᠪᠠᠢ᠌ᠨ᠎ᠠ᠃ ᠳᠣᠤᠷ᠎ᠠ ᠨᠡᠭᠦᠷᠡᠰᠦᠲᠥ᠋ᠷᠥᠭᠴᠢᠲᠦ ᠵᠢᠨ ᠠᠭᠤᠯᠭ᠎ᠠ᠎ᠳᠤ᠄ ᠳᠣᠤᠷ᠎ᠠ ᠨᠡᠭᠦᠷᠡᠰᠦᠲᠥ᠋ᠷᠥᠭᠴᠢᠲᠦ ᠨᠡᠶ᠋ᠢᠭᠡᠮ᠂ ᠳᠣᠤᠷ᠎ᠠ ᠨᠡᠭᠦᠷᠡᠰᠦᠲᠥ᠋ᠷᠥᠭᠴᠢᠲᠦ ᠠᠵᠤ ᠠᠬᠤᠶ᠂ ᠳᠣᠤᠷ᠎ᠠ ᠨᠡᠭᠦᠷᠡᠰᠦᠲᠥ᠋ᠷᠥᠭᠴᠢᠲᠦ ᠦᠢ᠍ᠯᠡᠳᠪᠦᠷᠢᠯᠡᠯ᠂ ᠳᠣᠤᠷ᠎ᠠ ᠨᠡᠭᠦᠷᠡᠰᠦᠲᠥ᠋ᠷᠥᠭᠴᠢᠲᠦ ᠬᠡᠷᠡᠭᠯᠡᠭᠡ᠂ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠂ ᠳᠣᠤᠷ᠎ᠠ ᠨᠡᠭᠦᠷᠡᠰᠦᠲᠥ᠋ᠷᠥᠭᠴᠢᠲᠦ ᠬᠣᠲᠠ᠂ ᠳᠣᠤᠷ᠎ᠠ ᠨᠡᠭᠦᠷᠡᠰᠦᠲᠥ᠋ᠷᠥᠭᠴᠢᠲᠦ ᠨᠡᠶ᠋ᠢᠭᠡᠮ ᠲᠣᠭᠣᠷᠢᠭ᠂ ᠳᠣᠤᠷ᠎ᠠ ᠨᠡᠭᠦᠷᠡᠰᠦᠲᠥ᠋ᠷᠥᠭᠴᠢᠲᠦ ᠭᠡᠷ ᠪᠦᠯᠢ᠂ ᠳᠣᠤᠷ᠎ᠠ ᠨᠡᠭᠦᠷᠡᠰᠦᠲᠥ᠋ᠷᠥᠭᠴᠢᠲᠦ ᠵᠢᠭᠤᠯᠴᠢᠯᠠᠯ᠂ ᠳᠣᠤᠷ᠎ᠠ ᠨᠡᠭᠦᠷᠡᠰᠦᠲᠥ᠋ᠷᠥᠭᠴᠢᠲᠦ ᠰᠣᠶᠣᠯ᠂ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ᠎ᠤᠨ ᠠᠷᠭ᠎ᠠ ᠮᠠᠶᠢᠭ ᠵᠡᠷᠭᠡ ᠪᠠᠭᠲᠠᠨ᠎ᠠ᠂ ᠲᠡᠭᠦᠨ᠎ᠤ ᠭᠣᠤᠯ ᠠᠭᠤᠯᠭ᠎ᠠ᠎ᠨᠢ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠪᠠ ᠳᠣᠤᠷ᠎ᠠ ᠨᠡᠭᠦᠷᠡᠰᠦᠲᠥ᠋ᠷᠥᠭᠴᠢᠲᠦ ᠠᠵᠤ ᠠᠬᠤᠶ ᠪᠣᠯᠤᠨ᠎ᠠ᠃
ᠶᠠᠭᠤᠨ᠎ᠳᠤ 《ᠪᠦᠬᠦ ᠤᠯᠤᠰ᠎ᠤᠨ ᠳᠣᠣᠷ᠎ᠠ ᠨᠡᠭᠦᠷᠡᠰᠦᠳᠦᠷᠦᠭᠴᠢᠲᠦ ᠡᠳᠦᠷ》᠎ᠢ ᠲᠣᠭᠲᠠᠭ᠋ᠠᠭᠰᠠᠨ ᠪᠣᠢ?
ᠠᠭᠤᠷ ᠠᠮᠢᠰᠬᠤᠯ᠎ᠤᠨ ᠬᠤᠪᠢᠷᠠᠯᠲᠠ ᠵᠢᠨ ᠮᠡᠳᠡᠯᠭᠡ ᠵᠢ ᠲᠦᠭᠡᠮᠡᠯᠵᠢᠭᠦᠯᠵᠦ᠂ ᠳᠣᠣᠷ᠎ᠠ ᠨᠡᠭᠦᠷᠡᠰᠦᠲᠥ᠋ᠷᠦᠭᠴᠢᠲᠦ ᠬᠥᠭᠵᠢᠯᠲᠡ ᠵᠢᠨ ᠣᠢ᠍ᠯᠠᠭ᠋ᠠᠭᠳᠠᠬᠤᠨ ᠪᠠ ᠲᠥᠷᠥ ᠵᠢᠨ ᠪᠣᠳᠣᠯᠭ᠎ᠠ ᠵᠢ ᠤᠬᠠᠭᠤᠯᠵᠤ᠂ ᠣᠯᠠᠨ ᠨᠡᠢ᠌ᠲᠡ ᠵᠢᠨ ᠣᠷᠣᠯᠴᠠᠬᠤ ᠵᠢ ᠵᠣᠷᠢᠭᠵᠢᠭᠤᠯᠬᠤ ᠵᠢᠨ ᠲᠥᠯᠥᠭᠡ᠂ 2013 ᠣᠨ᠎ᠠᠴᠠ ᠡᠬᠢᠯᠡᠨ᠂ ᠮᠠᠨ᠎ᠤ ᠤᠯᠤᠰ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠎ᠤᠨ ᠭᠤᠷᠪᠠᠳᠤᠭ᠋ᠠᠷ ᠡᠳᠦᠷ᠎ᠢ 《ᠪᠥᠬᠦ ᠤᠯᠤᠰ᠎ᠤᠨ ᠳᠣᠣᠷ᠎ᠠ ᠨᠡᠭᠦᠷᠡᠰᠦᠳᠦᠷᠦᠭᠴᠢᠲᠦ ᠡᠳᠦᠷ》 ᠵᠶ᠋ᠠᠷ ᠲᠣᠭᠲᠠᠭ᠋ᠠᠵᠤ᠂ 《ᠬᠥᠮᠦᠨ ᠵᠶ᠋ᠠᠷ ᠦᠨᠳᠦᠰᠦ ᠪᠣᠯᠭ᠋ᠠᠬᠤ》 ᠣᠨᠣᠯᠵᠢᠬᠤᠨ᠎ᠢ ᠪᠠᠷᠢᠮᠲᠠᠯᠠᠨ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠮᠡᠳᠡᠯᠭᠡ ᠵᠢ ᠲᠦᠭᠡᠮᠡᠯᠵᠢᠭᠦᠯᠵᠦ᠂ ᠳᠣᠣᠷ᠎ᠠ ᠨᠡᠭᠦᠷᠡᠰᠦᠳᠦᠷᠦᠭᠴᠢᠲᠦ ᠬᠥᠭᠵᠢᠯᠲᠡ ᠵᠢᠨ ᠣᠨᠣᠯᠵᠢᠬᠤᠨ᠎ᠢ ᠪᠣᠶ ᠪᠣᠯᠭ᠋ᠠᠵᠤ᠂ ᠬᠦᠯᠡᠮᠵᠢ ᠵᠢᠨ ᠬᠡᠶ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠬᠠᠷᠠᠯᠲᠠ ᠪᠠ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠵᠢᠨ ᠲᠥᠯᠥᠭᠡ ᠶᠤᠮ᠃
ᠳᠤᠤᠷ᠎ᠠ ᠨᠡᠬᠦᠷᠡᠰᠦᠳᠦ᠋ᠷᠦᠭᠴᠢᠳᠤ ᠤᠷᠴᠢᠨ ᠲᠣᠭᠣᠷᠢᠨ᠎ᠤ ᠬᠠᠮᠠᠭ᠋ᠠᠯᠠᠯᠲᠠ᠎ᠨᠢ ᠶᠡᠷᠦ᠎ᠠᠴᠠ ᠭᠠᠭᠴᠠ ᠤᠷᠢᠶ᠎ᠠ ᠲᠡᠳᠦᠢ ᠪᠢᠰᠢ᠂ ᠳᠡᠷᠬᠡᠳᠡᠬᠢ ᠵᠢᠵᠢᠭ ᠰᠠᠵᠢᠭ ᠶᠠᠪᠤᠳᠠᠯ᠎ᠠᠴᠠ ᠡᠬᠢᠯᠡᠨ ᠡᠳᠦᠷ ᠳᠤᠲᠤᠮ᠎ᠤᠨ ᠠᠵᠢᠯ ᠪᠠ ᠠᠮᠢᠳᠤᠷᠠᠯ᠎ᠤᠨ ᠳᠤᠮᠳᠠ ᠪᠢᠳᠡ ᠢᠩᠬᠢᠵᠦ ᠬᠢᠵᠤ ᠪᠤᠯᠤᠨ᠎ᠠ
↓↓↓
ᠳᠤᠤᠷ᠎ᠠ ᠨᠡᠬᠦᠷᠡᠰᠦᠳᠦ᠋ᠷᠦᠭᠴᠢᠳᠤ ᠠᠯᠪᠠᠯᠠᠬᠤ
ᠪᠠᠢ᠌ᠭ᠋ᠠᠯᠢ ᠵᠢᠨ ᠭᠡᠷᠡᠯ᠎ᠢ ᠬᠡᠷᠡᠭᠯᠡᠵᠦ ᠴᠠᠬᠢᠯᠭ᠋ᠠᠨ ᠠᠷᠪᠢᠯᠠᠵᠤ ᠬᠡᠷᠡᠭᠯᠡᠬᠦ ᠦᠶᠡᠯᠡᠯ᠎ᠢ ᠤᠷᠲᠤᠳᠬᠠᠬᠤ
ᠪᠠᠢ᠌ᠭ᠋ᠠᠯᠢ ᠵᠢᠨ ᠭᠡᠷᠡᠯ ᠭᠦᠢ᠍ᠴᠡᠳ ᠭᠠᠵᠠᠷ ᠣᠷᠣᠨ᠎ᠢ ᠰᠣᠩᠭᠣᠵᠤ ᠰᠤᠷᠤᠯᠴᠠᠨ ᠠᠯᠪᠠᠯᠠᠵᠤ᠂ ᠪᠠᠢ᠌ᠭ᠋ᠠᠯᠢ ᠵᠢᠨ ᠭᠡᠷᠡᠯ ᠭᠦᠢ᠍ᠴᠡᠳ ᠦᠶ᠎ᠡ᠎ᠳᠤ ᠳ᠋ᠧᠩ ᠠᠰᠠᠭ᠋ᠠᠬᠤ ᠦᠭᠡᠢ; ᠡᠨᠧᠷᠭᠢ ᠠᠷᠪᠢᠯᠠᠬᠤ ᠳ᠋ᠧᠩ᠎ᠤᠨ ᠫᠣᠣᠰᠠ ᠵᠢᠨ ᠭᠡᠷᠡᠯᠲᠦᠭᠦᠯᠭᠡ ᠵᠢ ᠠᠰᠢᠭᠯᠠᠵᠤ᠂ ᠭᠡᠷᠡᠯᠲᠦᠭᠦᠯᠭᠡ ᠪᠠᠲᠤᠯᠠᠭ᠎ᠠ᠎ᠲᠠᠢ ᠪᠠᠢ᠌ᠳᠠᠯ ᠳᠣᠣᠷ᠎ᠠ ᠳ᠋ᠧᠩ᠎ᠢ ᠳᠤᠲᠠᠭᠤ ᠨᠣᠴᠣᠭ᠋ᠠᠵᠤ᠂ ᠭᠠᠷᠤᠨ ᠠᠶ᠎ᠠ᠎ᠪᠠᠷ ᠳ᠋ᠧᠩ᠎ᠢ ᠬᠠᠭ᠋ᠠᠬᠤ ᠳᠠᠳᠬᠠᠯ᠎ᠲᠠᠢ ᠪᠣᠯᠵᠤ᠂ ᠡᠨᠡ᠎ᠨᠢ ᠳ᠋ᠧᠩ᠎ᠤᠨ ᠫᠣᠣᠰᠠ ᠵᠢᠨ ᠭᠡᠷᠡᠯᠲᠦᠭᠦᠯᠭᠡ ᠵᠢᠨ ᠴᠠᠬᠢᠯᠭ᠋ᠠᠨ ᠬᠡᠷᠡᠭᠯᠡᠬᠦ᠎ᠠᠴᠠ ᠪᠣᠯᠣᠭᠰᠠᠨ ᠳᠠᠮ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ ᠪᠠᠭ᠋ᠠᠰᠬᠠᠵᠤ᠎ᠪᠠᠷ ᠪᠠᠷᠠᠬᠤ ᠦᠭᠡᠢ᠂ ᠪᠠᠰᠠ ᠳ᠋ᠧᠩ᠎ᠤᠨ ᠫᠣᠣᠰᠠ ᠵᠢᠨ ᠬᠡᠷᠡᠭᠯᠡᠬᠦ ᠠᠮᠢ ᠨᠠᠰᠤ ᠵᠢ ᠤᠷᠲᠤᠳᠬᠠᠵᠤ ᠪᠣᠯᠤᠨ᠎ᠠ᠃
ᠴᠠᠭ᠋ᠠᠰᠤᠨ᠎ᠤ ᠬᠤᠶᠠᠷ ᠲᠠᠯ᠎ᠠ ᠵᠢ ᠬᠡᠷᠡᠭᠯᠡᠵᠦ ᠢᠮᠧᠯ ᠵᠶ᠋ᠡᠷ ᠵᠠᠬᠢᠳᠠᠯ᠎ᠢ ᠣᠷᠣᠯᠠᠬᠤ
ᠪᠣᠬᠢᠷᠳᠣᠯ ᠦᠭᠡᠢ᠎ᠪᠠᠷ ᠴᠠᠭ᠋ᠠᠰᠤ ᠬᠡᠷᠡᠭᠯᠡᠬᠦ᠄ ᠴᠠᠭ᠋ᠠᠰᠤᠨ᠎ᠤ ᠬᠤᠶᠠᠷ ᠲᠠᠯ᠎ᠠ᠎ᠪᠠᠷ ᠳᠠᠷᠤᠮᠠᠯᠯᠠᠵᠤ᠂ ᠬᠠᠭᠤᠯᠪᠤᠷᠢᠯᠠᠬᠤ᠎ᠨᠢ ᠵᠠᠷᠤᠳᠠᠯ᠎ᠢ ᠪᠠᠭ᠋ᠠᠰᠬᠠᠵᠤ ᠪᠣᠯᠬᠤ ᠮᠥᠷᠲᠡᠭᠡᠨ ᠪᠠᠰᠠ ᠡᠨᠧᠷᠭᠢ ᠠᠷᠪᠢᠯᠠᠵᠤ ᠪᠣᠬᠢᠷᠲᠤᠯ᠎ᠢ ᠪᠠᠭ᠋ᠠᠰᠬᠠᠵᠤ ᠪᠣᠯᠤᠨ᠎ᠠ᠃
ᠬᠠᠭᠤᠯᠪᠤᠷᠢᠯᠠᠬᠤ ᠮᠠᠰᠢᠨ᠎ᠤ ᠣᠷᠣᠨ ᠪᠠᠶ᠋ᠢᠷᠢ ᠵᠢ ᠰᠢᠨᠵᠢᠯᠡᠬᠦ ᠤᠬᠠᠭ᠋ᠠᠨᠴᠢ᠎ᠪᠠᠷ ᠰᠣᠩᠭᠤᠬᠤ᠄ ᠬᠠᠭᠤᠯᠪᠤᠷᠢᠯᠠᠬᠤ ᠮᠠᠰᠢᠨ᠎ᠢ ᠢᠯᠴᠢ ᠲᠠᠷᠬᠠᠭ᠋ᠠᠬᠤ᠎ᠳᠤ ᠠᠰᠢᠭᠲᠠᠢ ᠪᠠᠶ᠋ᠢᠷᠢᠨ᠎ᠳᠤ ᠲᠠᠯᠪᠢᠬᠤ᠎ᠨᠢ ᠲᠡᠭᠦᠨ᠎ᠤ ᠠᠵᠢᠯᠯᠠᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠴᠠᠬᠢᠯᠭ᠋ᠠᠨ᠎ᠤ ᠬᠣᠷᠣᠭᠳᠠᠯ᠎ᠢ ᠪᠠᠭᠤᠷᠠᠭᠤᠯᠬᠤ᠎ᠳᠤ ᠠᠰᠢᠭᠲᠠᠢ ᠪᠠᠢ᠌ᠵᠤ᠂ ᠬᠠᠭᠤᠯᠪᠤᠷᠢᠯᠠᠬᠤ ᠮᠠᠰᠢᠨ᠎ᠢ ᠬᠡᠷᠡᠭᠯᠡᠬᠦ᠎ᠳᠤ ᠡᠭᠦᠰᠦᠭᠰᠡᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ᠎ᠳᠤ ᠴᠤ᠌ ᠠᠰᠢᠭᠲᠠᠢ ᠶᠤᠮ᠃
ᠳᠤᠤᠷ᠎ᠠ ᠨᠡᠬᠦᠷᠡᠰᠦᠳᠦ᠋ᠷᠦᠭᠴᠢᠳᠤ ᠶᠠᠪᠤᠵᠤ ᠰᠠᠭᠤᠬᠤ
ᠪᠣᠬᠢᠷᠲᠤᠯ ᠦᠭᠡᠢ ᠳᠤᠤᠷ᠎ᠠ ᠨᠡᠬᠦᠷᠡᠰᠦᠳᠦ᠋ᠷᠦᠭᠴᠢᠳᠤ ᠶᠠᠪᠤᠵᠤ ᠰᠠᠭᠤᠬᠤ
ᠨᠡᠶ᠋ᠢᠲᠡ ᠵᠢᠨ ᠵᠠᠮ ᠬᠠᠷᠢᠯᠴᠠᠭ᠎ᠠ᠎ᠨᠢ ᠵᠠᠮ ᠬᠠᠷᠢᠯᠴᠠᠭ᠋ᠠᠨ᠎ᠤ ᠲᠦᠭᠵᠢᠷᠡᠯ ᠪᠠ ᠨᠡᠭᠦᠷᠡᠰᠦᠳᠦᠷᠦᠭᠴᠢ ᠭᠠᠳᠠᠭᠰᠢᠯᠠᠭᠤᠯᠬᠤ ᠵᠢ ᠪᠠᠭ᠋ᠠᠰᠬᠠᠬᠤ᠎ᠳᠤ ᠠᠰᠢᠭᠲᠠᠢ᠃ 《ᠨᠢᠭᠡ ᠭᠤᠷᠪᠠ ᠲᠠᠪᠤ》 ᠵᠢᠨ ᠪᠣᠬᠢᠷᠲᠤᠯ ᠥᠬᠡᠶ ᠶᠠᠪᠤᠵᠤ ᠰᠠᠭᠤᠬᠤ ᠵᠠᠭᠪᠤᠷ᠎ᠢ ᠬᠡᠷᠡᠭᠯᠡᠬᠦ ᠵᠢ ᠰᠠᠨᠠᠭ᠋ᠠᠴᠢᠯᠠᠶᠠ᠂ ᠳᠠᠷᠤᠶ 3 ᠺᠢᠯᠣᠮᠧᠲᠷ᠎ᠤᠨ ᠳᠣᠲᠣᠷ᠎ᠠ ᠠᠯᠬᠤᠵᠤ᠂ 3 - 5 ᠺᠢᠯᠣᠮᠧᠲᠷ᠎ᠤᠨ ᠳᠣᠲᠣᠷ᠎ᠠ ᠳᠤᠭᠤᠶ ᠲᠡᠷᠭᠡ ᠤᠨᠤᠵᠤ᠂ 5 ᠺᠢᠯᠣᠮᠧᠲᠷ᠎ᠠᠴᠠ ᠳᠡᠭᠡᠭᠰᠢ ᠪᠣᠯ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ ᠵᠢ ᠰᠠᠨᠠᠭ᠋ᠠᠴᠢᠯᠠᠶᠠ᠃
ᠳᠣᠣᠷ᠎ᠠ ᠳᠠᠪᠬᠤᠷᠭ᠎ᠠ᠎ᠳᠤ ᠱᠠᠲᠤ᠎ᠪᠠᠷ ᠶᠠᠪᠤᠬᠤ᠎ᠨᠢ ᠴᠠᠬᠢᠯᠭ᠋ᠠᠨ᠎ᠢ ᠠᠷᠪᠢᠯᠠᠬᠤ ᠮᠥᠷᠲᠡᠭᠡᠨ ᠪᠡᠶ᠎ᠡ ᠵᠢ ᠴᠢᠭᠢᠷᠠᠭᠵᠢᠭᠤᠯᠤᠨ᠎ᠠ
ᠳᠣᠣᠷ᠎ᠠ ᠳᠠᠪᠬᠤᠷᠭ᠎ᠠ᠎ᠳᠤ ᠭᠠᠷᠴᠤ ᠪᠠᠭᠤᠬᠤ᠎ᠳᠤ ᠱᠠᠲᠤ᠎ᠪᠠᠷ ᠶᠠᠪᠤᠵᠤ᠂ ᠴᠠᠬᠢᠯᠭ᠋ᠠᠨ ᠱᠠᠲᠤ ᠵᠢ ᠰᠣᠩᠭᠣᠬᠤ᠎ᠳᠤ ᠵᠥᠪᠬᠡᠨ ᠨᠢᠭᠡ ᠯᠡ ᠡᠵᠡᠮᠰᠢᠯ᠎ᠤᠨ ᠳᠠᠷᠤᠪᠴᠢ ᠵᠢ ᠳᠠᠷᠤᠵᠤ᠂ ᠠᠮᠠᠷᠠᠯᠲᠠ ᠵᠢᠨ ᠴᠠᠭ᠎ᠲᠤ ᠵᠥᠪᠬᠡᠨ ᠬᠡᠰᠡᠭ ᠴᠠᠬᠢᠯᠭ᠋ᠠᠨ ᠱᠠᠲᠤ ᠵᠢ ᠠᠵᠢᠯᠯᠠᠭᠤᠯᠪᠠᠯ᠂ ᠴᠠᠬᠢᠯᠭ᠋ᠠᠨ ᠱᠠᠲᠤ ᠪᠦᠷᠢ᠎ᠨᠢ ᠵᠢᠯ ᠪᠦᠷᠢ 5000 ᠭ᠋ᠷᠠᠳᠦᠢ᠍ᠰ ᠴᠠᠬᠢᠯᠭ᠋ᠠᠨ ᠠᠷᠪᠢᠯᠠᠵᠤ᠂ 4.8 ᠲᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠤᠭᠰᠠᠨ᠎ᠲᠠᠢ ᠲᠡᠩᠴᠡᠨ᠎ᠡ᠃
ᠳᠤᠤᠷ᠎ᠠ ᠨᠡᠬᠦᠷᠡᠰᠦᠳᠦ᠋ᠷᠦᠭᠴᠢᠳᠤ ᠬᠡᠷᠡᠭᠯᠡᠭᠡ
ᠪᠠᠢ᠌ᠭ᠋ᠠᠯᠢ ᠵᠢᠨ ᠲᠦᠭᠦᠬᠡᠢ ᠮᠠᠲ᠋ᠧᠷᠢᠶᠠᠯ ᠵᠶ᠋ᠡᠷ ᠬᠢᠭᠰᠡᠨ ᠬᠤᠪᠴᠠᠰᠤ ᠬᠤᠨᠠᠷ᠎ᠢ ᠰᠣᠩᠭᠣᠨ ᠬᠡᠷᠡᠭᠯᠡᠬᠦ
ᠬᠥᠪᠥᠩ ᠣᠯᠣᠰᠤ᠎ᠪᠠᠷ ᠬᠢᠭᠰᠡᠨ ᠬᠤᠪᠴᠠᠰᠤ ᠬᠤᠨᠠᠷ᠎ᠢ ᠰᠣᠩᠭᠣᠪᠠᠯ᠂ ᠪᠣᠯᠪᠠᠰᠤᠷᠠᠭᠤᠯᠬᠤ ᠶᠠᠪᠤᠴᠠ ᠵᠢᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ ᠪᠣᠯᠣᠨ᠎ᠠ᠃
ᠬᠡᠲᠦ ᠬᠡᠷᠡᠭᠯᠡᠭᠡ ᠵᠢ ᠲᠡᠪᠴᠢᠬᠦ
ᠡᠳᠦᠷ ᠲᠤᠲᠤᠮ᠎ᠤᠨ ᠠᠮᠢᠳᠤᠷᠠᠯ᠎ᠤᠨ ᠬᠡᠷᠡᠭᠴᠡᠭᠡ ᠵᠢ ᠪᠠᠲᠤᠯᠠᠭᠰᠠᠨ ᠤᠷᠢᠲᠠᠯ ᠳᠣᠤᠷ᠎ᠠ᠂ ᠵᠢᠯ ᠪᠦᠷᠢ ᠳᠤᠲᠠᠭᠤ ᠨᠢᠭᠡ ᠵᠠᠬ᠎ᠠ ᠴᠢᠬᠤᠯᠠ ᠪᠤᠰᠤ ᠬᠤᠪᠴᠠᠰᠤ ᠬᠤᠳᠠᠯᠳᠤᠨ ᠠᠪᠴᠤ ᠪᠣᠯᠤᠨ᠎ᠠ᠂ ᠢᠩᠬᠢᠪᠡᠯ 6.4 ᠺᠢᠯᠣᠭ᠌ᠷᠠᠮ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠪᠣᠯᠤᠨ᠎ᠠ᠃
ᠰᠤᠯᠠ ᠲᠠᠯᠪᠢᠵᠤ ᠪᠠᠶ᠋ᠢᠭ᠎ᠠ ᠬᠤᠪᠴᠠᠰᠤ ᠬᠤᠨᠠᠷ᠎ᠢ ᠡᠭᠡᠭᠦᠯᠦᠨ ᠬᠤᠷᠢᠶᠠᠵᠤ ᠬᠠᠨᠳᠢᠪᠯᠠᠬᠤ
ᠰᠤᠯᠠ ᠲᠠᠯᠪᠢᠵᠤ ᠪᠠᠶ᠋ᠢᠭ᠎ᠠ ᠬᠤᠪᠴᠠᠰᠤ ᠬᠤᠨᠠᠷ ᠵᠶ᠋ᠠᠨ ᠬᠡᠷᠡᠭᠴᠡᠭᠡ ᠪᠦᠬᠦᠢ ᠬᠥᠮᠦᠰ ᠪᠠ ᠭᠠᠵᠠᠷ ᠣᠷᠣᠨ᠎ᠳᠤ ᠪᠡᠯᠡᠭᠯᠡᠨ ᠬᠦᠷᠭᠡᠵᠦ᠂ ᠬᠤᠪᠴᠠᠰᠤ ᠬᠤᠨᠠᠷ᠎ᠢ ᠳᠠᠬᠢᠨ ᠠᠰᠢᠭᠯᠠᠵᠤ ᠪᠣᠯᠣᠨ᠎ᠠ᠃
ᠬᠡᠲᠦ ᠪᠣᠭᠣᠳᠠᠯᠯᠠᠭᠰᠠᠨ ᠲᠠᠸᠠᠷ᠎ᠢ ᠪᠠᠭ᠎ᠠ ᠠᠪᠴᠤ ᠬᠡᠷᠡᠭᠯᠡᠬᠦ
ᠡᠭᠡᠯ ᠵᠢᠷ᠎ᠤᠨ ᠬᠡᠷᠡᠭᠯᠡᠭᠡ᠎ᠳᠤ ᠪᠤᠴᠠᠵᠤ᠂ ᠰᠦᠯᠢᠶᠥᠦ ᠬᠡᠷᠡᠭᠯᠡᠬᠦ ᠵᠢ ᠪᠠᠭ᠋ᠠᠰᠬᠤ ᠬᠡᠷᠡᠭᠲᠡᠢ᠃
ᠳᠤᠤᠷ᠎ᠠ ᠨᠡᠬᠦᠷᠡᠰᠦᠳᠦ᠋ᠷᠦᠭᠴᠢᠳᠤ ᠢᠳᠡᠭᠡᠨ ᠤᠮᠳᠠᠭ᠋ᠠᠨ
ᠢᠲᠡᠬᠡᠨᠢ ᠪᠦᠷᠢᠯᠬᠡᠨ ᠰᠦᠢ᠍ᠳᠬᠡᠬᠦ ᠵᠢ ᠪᠠᠭ᠋ᠠᠰᠬᠠᠨ᠎ᠠ
ᠪᠣᠯᠪᠠᠰᠤᠨ ᠬᠤᠪᠢᠳᠠᠨ ᠬᠤᠭᠤᠯᠠᠯᠠᠬᠤ᠂ 《ᠠᠶᠠᠭ᠎ᠠ ᠫᠢᠯᠠ᠎ᠪᠠᠨ ᠬᠤᠭᠤᠰᠣᠯᠠᠬᠤ ᠠᠵᠢᠯᠯᠠᠭ᠎ᠠ》 ᠵᠢ ᠢᠳᠡᠪᠬᠢᠲᠡᠢ ᠦᠢ᠍ᠯᠡᠳᠦᠯᠭᠡᠵᠢᠭᠦᠯᠵᠦ᠂ 《ᠬᠡᠷᠡᠭᠴᠡᠭᠡ᠎ᠪᠠᠷ ᠬᠤᠭᠤᠯᠠ ᠠᠪᠬᠤ》᠂ 《ᠢᠯᠡᠭᠦᠦ ᠵᠠᠬᠢᠶᠠᠯᠠᠬᠤ ᠦᠭᠡᠢ᠂ ᠢᠯᠡᠭᠦᠦ ᠠᠪᠬᠤ ᠦᠭᠡᠢ》᠂ ᠲᠣᠭᠤᠭ᠋ᠠᠨ ᠭᠡᠷ ᠢᠯᠡᠭᠦᠦ ᠬᠢᠬᠦ ᠦᠭᠡᠢ ᠪᠠᠢ᠌ᠵᠤ᠂ ᠪᠦᠷᠢᠯᠭᠡᠨ ᠰᠦᠢ᠍ᠳᠬᠡᠬᠦ ᠵᠢ ᠡᠬᠢ ᠡᠭᠦᠰᠦᠯ᠎ᠠᠴᠠ᠎ᠨᠢ ᠪᠠᠭ᠋ᠠᠰᠬᠠᠨ᠎ᠠ᠃
ᠰᠢᠮ᠎ᠡ ᠲᠡᠵᠢᠭᠡᠯ᠎ᠢ ᠲᠣᠬᠢᠷᠠᠭᠤᠯᠤᠨ ᠵᠣᠬᠢᠰᠲᠠᠢ ᠬᠣᠭᠣᠯᠠᠯᠠᠬᠤ
ᠠᠳᠠᠯᠢ ᠬᠡᠮᠵᠢᠶᠡᠨ᠎ᠤ ᠮᠢᠬ᠎ᠠ ᠢᠳᠡᠬᠦ᠎ᠨᠢ ᠢᠳᠡᠰᠢᠨ ᠨᠣᠭᠣᠭ᠎ᠠ ᠢᠳᠡᠬᠦ᠎ᠠᠴᠠ ᠡᠭᠦᠰᠦᠭᠰᠡᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ᠎ᠨᠢ ᠨᠡᠩ ᠶᠡᠬᠡ ᠪᠠᠶ᠋ᠢᠳᠠᠭ᠃ ᠬᠣᠭᠣᠯᠠ ᠤᠮᠳᠠ᠎ᠪᠠᠨ ᠵᠣᠬᠢᠰᠲᠠᠶ ᠲᠣᠬᠢᠷᠠᠭᠤᠯᠵᠤ᠂ ᠬᠡᠲᠦᠷᠡᠲᠡᠯ᠎ᠡ ᠢᠳᠡᠵᠦ ᠤᠤᠭᠤᠬᠤ ᠦᠭᠡᠢ᠂ ᠬᠡᠲᠦᠷᠡᠲᠡᠯ᠎ᠡ ᠮᠢᠬ᠎ᠠ ᠢᠳᠡᠬᠦ ᠦᠭᠡᠢ᠂ ᠰᠢᠮ᠎ᠡ ᠲᠡᠵᠢᠭᠡᠯ᠎ᠢ ᠪᠠᠲᠤᠯᠠᠭᠰᠠᠨ ᠪᠠᠶ᠋ᠢᠳᠠᠯ ᠳᠣᠤᠷ᠎ᠠ ᠭᠠᠷᠠᠭ ᠪᠦᠷᠢ ᠨᠢᠭᠡ ᠡᠳᠦᠷ ᠳᠤᠲᠠᠭᠤ ᠮᠢᠬ᠎ᠠ ᠢᠳᠡᠬᠦ᠎ᠨᠢ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ᠎ᠳᠤ ᠠᠰᠢᠭᠲᠠᠢ᠃
ᠳᠥᠭᠥᠮ ᠪᠣᠭᠣᠳᠠᠯᠲᠠᠢ ᠢᠳᠡᠭᠡᠨ᠎ᠢ ᠰᠣᠩᠭᠣᠨ ᠬᠡᠷᠡᠭᠯᠡᠬᠦ
1 ᠺᠢᠯᠣᠭ᠌ᠷᠠᠮ ᠪᠣᠭᠤᠳᠠᠯ᠎ᠤᠨ ᠴᠠᠭ᠋ᠠᠰᠤ ᠳᠤᠲᠠᠭᠤ ᠬᠡᠷᠡᠭᠯᠡᠪᠡᠯ᠂ ᠪᠠᠷᠤᠭ 1.3 ᠺᠢᠯᠣᠭ᠌ᠷᠠᠮ᠎ᠤᠨ ᠪᠠᠷᠢᠮᠵᠢᠶᠠᠲᠤ ᠨᠡᠭᠦᠷᠡᠰᠦ ᠠᠷᠪᠢᠯᠠᠵᠤ᠂ 3.5 ᠺᠢᠯᠣᠭ᠌ᠷᠠᠮ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠭᠰᠠᠨ᠎ᠲᠠᠢ ᠲᠡᠩᠴᠡᠨ᠎ᠡ᠃
ᠨᠢᠭᠡ ᠯᠡ ᠤᠳᠠᠭ᠎ᠠ ᠵᠢᠨ ᠴᠢᠨᠠᠷᠲᠠᠶ ᠬᠤᠭᠤᠯᠠᠨ᠎ᠤ ᠰᠠᠪᠠ ᠬᠡᠷᠡᠭᠰᠡᠯ ᠬᠡᠷᠡᠭᠯᠡᠬᠦ ᠵᠢ ᠪᠠᠭ᠋ᠠᠰᠬᠠᠬᠤ
ᠭᠠᠳᠠᠭᠰᠢ ᠭᠠᠷᠬᠤ᠎ᠳᠠᠭᠠᠨ ᠥᠪᠡᠰᠦᠪᠡᠨ ᠤᠰᠤᠨ ᠴᠣᠮᠣ ᠠᠪᠴᠤ ᠶᠠᠪᠤᠬᠤ ᠵᠢ ᠰᠠᠨᠠᠭ᠋ᠠᠴᠢᠯᠠᠵᠤ᠂ ᠨᠢᠭᠡ ᠯᠡ ᠤᠳᠠᠭ᠎ᠠ ᠵᠢᠨ ᠴᠢᠨᠠᠷᠲᠠᠶ ᠴᠣᠮᠣ ᠬᠡᠷᠡᠭᠯᠡᠬᠦ ᠵᠢ ᠪᠠᠭ᠋ᠠᠰᠬᠠᠵᠤ᠂ ᠡᠷᠭᠢᠯᠳᠦᠭᠦᠯᠦᠨ ᠬᠡᠷᠡᠭᠯᠡᠵᠦ ᠪᠣᠯᠬᠤ ᠰᠠᠪᠬ᠎ᠠ᠂ ᠬᠤᠭᠤᠯᠠᠨ ᠬᠠᠶ᠋ᠢᠷᠴᠠᠭ᠎ᠢ ᠢᠯᠡᠭᠦᠬᠡᠨ ᠬᠡᠷᠡᠭᠯᠡᠵᠦ᠂ ᠬᠤᠭᠤᠯᠠᠨ᠎ᠤ ᠪᠠᠭ᠋ᠠᠵᠢ ᠬᠡᠷᠡᠭᠰᠡᠯ᠎ᠢ ᠠᠯᠢ ᠴᠢᠳᠠᠬᠤ᠎ᠪᠠᠷ ᠥᠪᠡᠰᠦᠪᠡᠨ ᠠᠪᠴᠤ ᠶᠠᠪᠤᠨ᠎ᠠ; ᠵᠠᠬᠢᠶᠠᠯᠠᠭ᠎ᠠ ᠵᠢᠨ ᠬᠣᠭᠣᠯᠠ ᠵᠢ ᠠᠯᠢ ᠴᠢᠳᠠᠬᠤ᠎ᠪᠠᠷ ᠳᠤᠲᠠᠭᠤ ᠬᠤᠳᠠᠯᠳᠤᠨ ᠠᠪᠴᠤ᠂ ᠨᠢᠭᠡ ᠯᠡ ᠤᠳᠠᠭ᠎ᠠ ᠵᠢᠨ ᠴᠢᠨᠠᠷᠲᠠᠶ ᠬᠤᠭᠤᠯᠠᠨ᠎ᠤ ᠰᠠᠪᠠ ᠬᠡᠷᠡᠭᠰᠡᠯ᠎ᠢ ᠬᠡᠷᠡᠭᠯᠡᠬᠦ᠎ᠠᠴᠠ ᠵᠠᠶ᠋ᠢᠯᠠᠰᠬᠢᠬᠦ ᠬᠡᠷᠡᠭᠲᠡᠶ᠃