ᠴᠠᠬᠢᠯᠭ᠋ᠠᠨ ᠱᠠᠲᠤ ᠵᠢᠨ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠬᠤ᠎ᠨᠢ ᠥᠪᠡᠰᠦᠪᠡᠨ ᠰᠢᠯᠭ᠋ᠠᠨ ᠪᠠᠶ᠋ᠢᠴᠠᠭ᠋ᠠᠬᠤ ᠵᠢ ᠣᠷᠣᠯᠠᠵᠤ ᠪᠣᠯᠣᠨ᠎ᠠ ᠤᠤ? ᠳᠤᠭᠲᠠᠮᠠᠯ ᠬᠤᠭᠤᠴᠠᠭ᠎ᠠ᠎ᠲᠠᠢ ᠰᠢᠯᠭ᠋ᠠᠨ ᠪᠠᠢ᠌ᠴᠠᠭ᠋ᠠᠭᠰᠠᠨ ᠪᠣᠯ ᠥᠪᠡᠰᠦᠪᠡᠨ ᠰᠢᠯᠭ᠋ᠠᠨ ᠪᠠᠶ᠋ᠢᠴᠠᠭ᠋ᠠᠬᠤ ᠦᠭᠡᠢ ᠪᠠᠢ᠌ᠵᠤ ᠪᠣᠯᠣᠨ᠎ᠠ ᠦᠦ?
ᠬᠠᠷᠢᠭᠤᠯᠲᠠ᠄ ᠪᠣᠯᠬᠤ ᠦᠭᠡᠢ᠃ 《ᠣᠨᠴᠠ ᠲᠥᠷᠥᠯ᠎ᠤᠨ ᠲᠣᠨᠣᠭ ᠲᠥᠬᠥᠭᠡᠷᠦᠮᠵᠢ ᠵᠢᠨ ᠠᠮᠤᠷ ᠲᠦᠪᠰᠢᠨ᠎ᠤ ᠬᠠᠤᠯᠢ》 ᠵᠢ ᠦᠨᠳᠦᠰᠦᠯᠡᠪᠡᠯ᠂ ᠣᠨᠴᠠ ᠲᠥᠷᠥᠯ᠎ᠤᠨ ᠲᠣᠨᠣᠭ ᠲᠥᠬᠥᠭᠡᠷᠦᠮᠵᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠬᠤ ᠳᠦᠷᠢᠮ ᠭᠡᠳᠡᠭ᠎ᠨᠢ ᠬᠢᠨᠠᠨ ᠵᠥᠪᠰᠢᠶᠡᠷᠡᠭᠦᠯᠦᠭᠰᠡᠨ ᠣᠨᠴᠠ ᠲᠥᠷᠥᠯ᠎ᠤᠨ ᠲᠣᠨᠣᠭ ᠲᠥᠬᠥᠭᠡᠷᠦᠮᠵᠢ ᠵᠢᠨ ᠰᠢᠯᠭ᠋ᠠᠨ ᠪᠠᠶ᠋ᠢᠴᠠᠭ᠋ᠠᠬᠤ ᠬᠢᠷᠢ ᠭᠡᠮ᠎ᠢ ᠪᠦᠷᠢᠯᠳᠦᠭᠦᠯᠦᠭᠰᠡᠨ ᠪᠠᠶ᠋ᠢᠭᠤᠯᠤᠮᠵᠢ᠎ᠨᠢ᠂ ᠠᠮᠤᠷ ᠲᠦᠪᠰᠢᠨ᠎ᠤ ᠮᠡᠷᠭᠡᠵᠢᠯ᠎ᠤᠨ ᠵᠢᠷᠤᠮᠵᠢᠯ᠎ᠲᠠᠢ ᠬᠣᠯᠪᠣᠭᠳᠠᠬᠤ ᠱᠠᠭ᠋ᠠᠷᠳᠠᠯᠭ᠎ᠠ ᠶᠣᠰᠣᠭ᠋ᠠᠷ᠂ ᠬᠡᠷᠡᠭᠯᠡᠵᠦ ᠪᠠᠢ᠌ᠭ᠎ᠠ ᠣᠨᠴᠠ ᠲᠥᠷᠥᠯ᠎ᠤᠨ ᠲᠣᠨᠣᠭ ᠲᠥᠬᠥᠭᠡᠷᠦᠮᠵᠢ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠯᠲᠠ ᠬᠢᠵᠦ᠂ ᠦᠷᠭᠦᠯᠵᠢᠯᠡᠨ ᠠᠮᠤᠷ ᠲᠦᠪᠰᠢᠨ ᠬᠡᠷᠡᠭᠯᠡᠬᠦ ᠨᠥᠬᠥᠴᠡᠯ᠎ᠳᠤ ᠨᠡᠶ᠋ᠢᠴᠡᠬᠦ ᠡᠰᠡᠬᠦ ᠵᠢ ᠰᠢᠯᠭ᠋ᠠᠨ ᠪᠠᠲᠤᠯᠠᠬᠤ ᠵᠢ ᠵᠢᠭ᠋ᠠᠵᠤ ᠪᠠᠢ᠌ᠨ᠎ᠠ᠃
ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠬᠤ ᠪᠣᠯ ᠨᠢᠭᠡ ᠵᠦᠢ᠍ᠯ᠎ᠤᠨ ᠮᠡᠷᠭᠡᠵᠢᠯ᠎ᠤᠨ ᠴᠢᠨᠠᠷᠲᠠᠢ ᠬᠢᠨᠠᠯᠲᠠ ᠮᠥᠨ᠂ ᠨᠢᠭᠡ ᠵᠦᠢ᠍ᠯ᠎ᠤᠨ ᠬᠠᠤᠯᠢ᠎ᠪᠠᠷ ᠲᠣᠭᠲᠠᠭ᠋ᠠᠭᠰᠠᠨ ᠰᠢᠯᠭ᠋ᠠᠨ ᠪᠠᠲᠤᠯᠠᠬᠤ ᠴᠢᠨᠠᠷᠲᠠᠢ ᠠᠵᠢᠯ ᠮᠥᠨ᠂ ᠥᠪᠡᠰᠦᠪᠡᠨ ᠰᠢᠯᠭ᠋ᠠᠨ ᠪᠠᠢ᠌ᠴᠠᠭ᠋ᠠᠬᠤ ᠭᠡᠳᠡᠭ᠎ᠨᠢ ᠬᠡᠷᠡᠭᠯᠡᠬᠦ ᠨᠢᠭᠡᠴᠢ ᠪᠤᠶᠤ ᠲᠡᠭᠦᠨ᠎ᠤ ᠨᠠᠶ᠋ᠢᠳᠠᠭᠰᠠᠨ ᠨᠢᠭᠡᠴᠢ ᠵᠢᠨ ᠬᠢᠭᠰᠡᠨ ᠬᠤᠯᠪᠣᠭᠳᠠᠯ ᠪᠦᠬᠦᠢ ᠪᠠᠶ᠋ᠢᠴᠠᠭ᠋ᠠᠨ ᠬᠡᠮᠵᠢᠯᠲᠡ ᠪᠠ ᠪᠠᠶ᠋ᠢᠴᠠᠭ᠋ᠠᠯᠲᠠ ᠵᠢᠨ ᠦᠢ᠍ᠯᠡᠴᠢᠯᠡᠭᠡ ᠮᠥᠨ ᠪᠥᠭᠡᠳ ᠬᠡᠷᠡᠭᠯᠡᠬᠦ ᠨᠢᠭᠡᠴᠢ᠎ᠳᠤ ᠬᠠᠷᠢᠭᠤᠴᠠᠬᠤ ᠪᠥᠭᠡᠳ ᠲᠡᠭᠦᠨ᠎ᠤ ᠠᠵᠢᠯ᠎ᠤᠨ ᠱᠠᠭ᠋ᠠᠷᠳᠠᠯᠭ᠎ᠠ᠎ᠨᠢ ᠠᠮᠤᠷ ᠲᠦᠪᠰᠢᠨ᠎ᠤ ᠮᠡᠷᠭᠡᠵᠢᠯ᠎ᠤᠨ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠡᠶ᠋ᠢᠮᠦ᠎ᠠᠴᠠ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠬᠤ᠎ᠨᠢ ᠥᠪᠡᠰᠦᠪᠡᠨ ᠰᠢᠯᠭ᠋ᠠᠨ ᠪᠠᠶ᠋ᠢᠴᠠᠭ᠋ᠠᠬᠤ ᠵᠢ ᠣᠷᠣᠯᠠᠵᠤ ᠪᠣᠯᠬᠤ ᠦᠭᠡᠢ᠃
ᠡᠭᠦᠨ᠎ᠠᠴᠠ ᠭᠠᠳᠠᠨ᠎ᠠ᠂ 《ᠴᠠᠬᠢᠯᠭ᠋ᠠᠨ ᠱᠠᠲᠤ ᠵᠢ ᠬᠢᠨᠠᠨ ᠰᠢᠯᠭ᠋ᠠᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠬᠤ ᠲᠦᠷᠢᠮ》 ᠪᠠ 《ᠴᠠᠬᠢᠯᠭ᠋ᠠᠨ ᠱᠠᠲᠤ ᠵᠢᠨ ᠥᠪᠡᠰᠦᠪᠡᠨ ᠪᠠᠶ᠋ᠢᠴᠠᠭ᠋ᠠᠨ ᠰᠢᠯᠭ᠋ᠠᠬᠤ ᠲᠦᠷᠢᠮ》᠎ᠳᠤ ᠴᠠᠬᠢᠯᠭ᠋ᠠᠨ ᠱᠠᠲᠤ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠬᠤ ᠪᠠ ᠥᠪᠡᠰᠦᠪᠡᠨ ᠪᠠᠶ᠋ᠢᠴᠠᠭ᠋ᠠᠨ ᠰᠢᠯᠭ᠋ᠠᠬᠤ ᠦᠶᠡᠯᠡᠯ᠎ᠤᠨ ᠬᠤᠭᠤᠴᠠᠭ᠎ᠠ ᠵᠢ ᠲᠣᠳᠣᠷᠬᠠᠶ ᠲᠣᠭᠲᠠᠭ᠋ᠠᠵᠤ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ᠂ ᠬᠡᠷᠡᠭᠯᠡᠬᠦ ᠨᠢᠭᠡᠴᠢ᠎ᠨᠢ ᠲᠦᠷᠢᠮ᠎ᠤᠨ ᠱᠠᠭ᠋ᠠᠷᠳᠠᠯᠭ᠎ᠠ ᠶᠣᠰᠣᠭ᠋ᠠᠷ ᠲᠣᠰ ᠲᠣᠰ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠬᠤ ᠪᠤᠶᠤ ᠥᠪᠡᠰᠦᠪᠡᠨ ᠪᠠᠶ᠋ᠢᠴᠠᠭ᠋ᠠᠨ ᠰᠢᠯᠭ᠋ᠠᠬᠤ ᠬᠡᠷᠡᠭᠲᠡᠶ᠃
ᠢᠳᠡᠭᠡᠨ᠎ᠤ ᠵᠦᠢ᠍ᠯ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ᠎ᠨᠢ ᠬᠡᠲᠦᠷᠡᠭᠰᠡᠨᠤ ᠳᠠᠷᠠᠭ᠎ᠠ᠂ ᠦᠷᠭᠦᠯᠵᠢᠯᠡᠨ ᠳᠡᠯᠭᠡᠭᠦᠷ ᠵᠶ᠋ᠠᠨ ᠨᠡᠭᠡᠭᠡᠬᠦ᠎ᠳᠤ ᠬᠦᠷᠪᠡᠯ᠂ 《ᠦᠨᠡᠮᠯᠡᠯ ᠦᠭᠡᠢ ᠡᠵᠡᠩᠨᠡᠯᠲᠡ》᠎ᠳᠤ ᠣᠷᠣᠨ᠎ᠠ ᠤᠤ?
ᠬᠠᠷᠢᠭᠤᠯᠲᠠ᠄ ᠲᠡᠶ᠋ᠢᠮᠦ᠂ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠢᠵᠦ ᠪᠠᠶ᠋ᠢᠭ᠎ᠠ ᠢᠳᠡᠭᠡᠨ᠎ᠤ ᠵᠦᠢ᠍ᠯ᠎ᠤᠨ ᠡᠵᠡᠩᠨᠡᠭᠴᠢ ᠵᠢᠨ ᠢᠳᠡᠭᠡᠨ᠎ᠤ ᠵᠦᠢ᠍ᠯ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠬᠤᠭᠤᠴᠠᠭ᠎ᠠ᠎ᠨᠢ ᠬᠡᠲᠦᠷᠡᠭᠡᠳ ᠦᠷᠭᠦᠯᠵᠢᠯᠡᠭᠦᠯᠬᠦ᠎ᠪᠠᠷ ᠭᠤᠶᠤᠴᠢᠯᠠᠭᠰᠠᠨ ᠦᠭᠡᠢ ᠪᠠᠶ᠋ᠢᠪᠠᠯ᠂ 《ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠨ ᠵᠠᠭᠤ ᠬᠤᠷᠢᠨ ᠬᠤᠶᠠᠳᠤᠭ᠋ᠠᠷ ᠵᠦᠢ᠍ᠯ᠎ᠳᠠᠬᠢ 《ᠢᠳᠡᠭᠡᠨ ᠦᠢ᠍ᠯᠡᠳᠪᠦᠷᠢᠯᠡᠵᠦ ᠡᠵᠡᠩᠨᠡᠬᠦ ᠵᠥᠪᠰᠢᠶᠡᠷᠡᠯ᠎ᠢ ᠣᠯᠤᠭ᠋ᠠᠳᠤᠶ᠎ᠪᠠᠷ ᠢᠳᠡᠭᠡᠨ ᠦᠢ᠍ᠯᠡᠳᠪᠦᠷᠢᠯᠡᠵᠦ ᠡᠵᠡᠩᠨᠡᠬᠦ》᠎ᠳᠤ ᠲᠣᠬᠢᠷᠠᠨ᠎ᠠ᠃
ᠪᠢᠳᠡ ᠪᠣᠯ ᠨᠢᠭᠡ ᠢᠳᠡᠭᠡᠨ᠎ᠤ ᠺᠣᠮᠫᠠᠨᠢ ᠮᠥᠨ᠂ ᠣᠶ᠋ᠢᠷ᠎ᠠ᠎ᠳᠤ ᠠᠵᠤ ᠠᠬᠤᠶ᠋ᠢᠯᠠᠯ᠎ᠤᠨ ᠨᠡᠷᠡᠶ᠋ᠢᠳᠦᠯ ᠵᠶ᠋ᠠᠨ ᠰᠣᠯᠢᠭᠰᠠᠨ ᠪᠠᠶ᠋ᠢᠨ᠎ᠠ᠂ ᠲᠡᠭᠡᠪᠡᠯ ᠰᠣᠯᠢᠬᠤ᠎ᠠᠴᠠ ᠡᠮᠦᠨᠡᠬᠢ ᠢᠳᠡᠭᠡᠨ᠎ᠤ ᠵᠦᠢ᠍ᠯ᠎ᠤᠨ ᠦᠢ᠍ᠯᠡᠳᠪᠦᠷᠢᠯᠡᠯ᠎ᠤᠨ ᠬᠠᠭᠤᠴᠢᠨ ᠪᠣᠭᠣᠳᠠᠯᠯᠠᠬᠤ ᠮᠠᠲ᠋ᠧᠷᠢᠶᠠᠯ ᠵᠶ᠋ᠠᠨ ᠦᠷᠭᠦᠯᠵᠢᠯᠡᠨ ᠬᠡᠷᠡᠭᠯᠡᠵᠦ ᠪᠣᠯᠣᠨ᠎ᠠ ᠤᠤ?
ᠬᠠᠷᠢᠭᠤᠯᠲᠠ᠄ ᠡᠬᠢ ᠪᠠᠶᠠᠯᠢᠭ᠎ᠢ ᠠᠷᠪᠢᠯᠠᠵᠤ᠂ ᠵᠦᠢ ᠵᠣᠬᠢᠰᠲᠠᠢ ᠬᠡᠷᠡᠭᠯᠡᠬᠦ ᠵᠠᠷᠴᠢᠮ ᠶᠣᠰᠣᠭ᠋ᠠᠷ᠂ ᠠᠳᠠᠯᠢ ᠨᠢᠭᠡ ᠵᠠᠬ᠎ᠠ ᠳᠡᠯᠭᠡᠭᠦᠷ᠎ᠤᠨ ᠭᠤᠣᠯ ᠴᠣᠭᠴᠠ᠎ᠨᠢ ᠠᠵᠤ ᠠᠬᠤᠶ᠋ᠢᠯᠠᠯ᠎ᠤᠨ ᠨᠡᠷᠡᠶ᠋ᠢᠳᠦᠯ ᠵᠶ᠋ᠠᠨ ᠬᠤᠪᠢᠷᠠᠭᠤᠯᠤᠭᠰᠠᠨ᠎ᠤ ᠳᠠᠷᠠᠭ᠎ᠠ᠂ ᠰᠢᠨ᠎ᠡ ᠬᠠᠭᠤᠴᠢᠨ ᠪᠣᠭᠤᠳᠠᠯ ᠪᠠᠭᠯᠠᠭ᠎ᠠ ᠵᠢ ᠬᠤᠯᠢᠯᠳᠤᠭᠤᠯᠤᠨ ᠬᠡᠷᠡᠭᠯᠡᠬᠦ ᠰᠢᠯᠵᠢᠯᠲᠡ ᠵᠢᠨ ᠬᠤᠭᠤᠴᠠᠭ᠎ᠠ᠎ᠨᠢ 6 ᠰᠠᠷ᠎ᠠ ᠪᠠᠶ᠋ᠢᠵᠤ᠂ ᠢᠳᠡᠭᠡᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠨᠡᠷᠡᠶ᠋ᠢᠳᠦᠯ ᠵᠶ᠋ᠠᠨ ᠬᠤᠪᠢᠷᠠᠭᠤᠯᠤᠭᠰᠠᠨ ᠡᠳᠦᠷ᠎ᠠᠴᠠ ᠡᠬᠢᠯᠡᠵᠦ ᠪᠣᠳᠣᠨ᠎ᠠ᠃
ᠪᠢᠳᠡ ᠪᠣᠯ ᠨᠢᠭᠡᠨ ᠢᠳᠡᠭᠡᠨ ᠦᠢ᠍ᠯᠡᠳᠪᠦᠷᠢᠯᠡᠬᠦ ᠦᠢ᠍ᠯᠡᠳᠪᠦᠷᠢ ᠮᠥᠨ᠂ ᠬᠡᠷᠪᠡ ᠪᠢᠳᠡ ᠥᠪᠡᠰᠦᠪᠡᠨ ᠪᠠᠢ᠌ᠴᠠᠭ᠋ᠠᠬᠤ ᠲᠤᠷᠰᠢᠯᠲᠠ ᠵᠢᠨ ᠲᠠᠰᠤᠭ ᠪᠠᠢ᠌ᠭᠤᠯᠬᠤ ᠭᠡᠪᠡᠯ ᠶᠠᠮᠠᠷ ᠬᠢᠷᠢ ᠭᠡᠮ ᠣᠯᠬᠤ ᠴᠢᠬᠤᠯᠠᠲᠠᠢ ᠤᠤ?
ᠬᠠᠷᠢᠭᠤᠯᠲᠠ᠄ ᠢᠳᠡᠭᠡᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠨᠢ ᠥᠪᠡᠰᠦᠪᠡᠨ ᠪᠠᠶ᠋ᠢᠴᠠᠭ᠋ᠠᠬᠤ ᠲᠤᠷᠰᠢᠯᠲᠠ ᠵᠢᠨ ᠲᠠᠰᠤᠭ ᠪᠠᠶ᠋ᠢᠭᠤᠯᠵᠤ᠂ ᠦᠢ᠍ᠯᠡᠳᠪᠦᠷᠢᠯᠡᠭᠰᠡᠨ ᠢᠳᠡᠭᠡᠨ ᠵᠶ᠋ᠡᠨ ᠥᠪᠡᠰᠦᠪᠡᠨ ᠦᠢ᠍ᠯᠡᠳᠪᠦᠷᠢ᠎ᠠᠴᠠ ᠭᠠᠷᠭ᠋ᠠᠬᠤ ᠰᠢᠯᠭ᠋ᠠᠨ ᠪᠠᠢ᠌ᠴᠠᠭ᠋ᠠᠯᠲᠠ ᠬᠢᠵᠦ ᠪᠣᠯᠣᠨ᠎ᠠ᠃ ᠦᠢ᠍ᠯᠡᠳᠪᠦᠷᠢ᠎ᠠᠴᠠ ᠭᠠᠷᠭ᠋ᠠᠬᠤ ᠰᠢᠯᠭ᠋ᠠᠨ ᠪᠠᠢ᠌ᠴᠠᠭ᠋ᠠᠯᠲᠠ ᠵᠢᠨ ᠲᠥᠬᠥᠭᠡᠷᠦᠮᠵᠢ ᠪᠡᠯᠡᠳᠬᠡᠮᠵᠢ᠂ ᠠᠵᠢᠯᠲᠠᠨ᠎ᠤ ᠬᠠᠮᠢᠶᠠᠷᠤᠯᠲᠠ᠂ ᠰᠢᠯᠭ᠋ᠠᠨ ᠪᠠᠢ᠌ᠴᠠᠭ᠋ᠠᠬᠤ ᠠᠵᠢᠯᠯᠠᠭ᠎ᠠ᠎ᠨᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠥᠪᠡᠷ᠎ᠤᠨ ᠲᠡᠵᠢᠭᠡᠭᠰᠡᠨ ᠵᠥᠭᠡᠢ ᠵᠢᠨ ᠪᠠᠯ᠎ᠨᠢ ᠲᠠᠷᠢᠶᠠᠯᠠᠩ᠎ᠤᠨ ᠪᠦᠲᠦᠭᠡᠭᠳᠡᠬᠦᠨ᠎ᠳᠤ ᠲᠣᠭ᠋ᠠᠴᠠᠭᠳᠠᠨ᠎ᠠ ᠦᠦ? ᠪᠣᠷᠣᠯᠠᠭᠤᠯᠬᠤ᠎ᠳᠤ ᠢᠳᠡᠭᠡᠨ᠎ᠤ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠭᠦᠢ᠍ᠴᠡᠳᠬᠡᠬᠦ ᠴᠢᠬᠤᠯᠠᠲᠠᠢ ᠤᠤ?
ᠬᠠᠷᠢᠭᠤᠯᠲᠠ᠄ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠨ ᠬᠤᠯᠪᠣᠭᠳᠠᠯ ᠪᠥᠬᠦᠶ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠳᠣᠷᠬᠠᠢ᠌ᠯᠠᠯᠲᠠ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠣᠯᠠᠭᠤᠯᠭ᠎ᠠ ᠵᠢᠨ ᠲᠣᠭᠲᠠᠭ᠋ᠠᠯ᠎ᠢ ᠦᠨᠳᠦᠰᠦᠯᠡᠪᠡᠯ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ ᠪᠣᠯ ᠲᠠᠷᠢᠶᠠᠯᠠᠩ᠎ᠠᠴᠠ ᠢᠷᠡᠯᠲᠡ᠎ᠲᠠᠢ ᠠᠩᠬᠠᠨ᠎ᠤ ᠪᠦᠲᠦᠭᠡᠭᠳᠡᠬᠦᠨ᠎ᠢ ᠵᠢᠭ᠋ᠠᠵᠤ ᠪᠠᠶ᠋ᠢᠨ᠎ᠠ᠂ ᠲᠤᠬᠠᠶ᠋ᠢᠯᠠᠪᠠᠯ ᠲᠠᠷᠢᠶᠠᠯᠠᠩ᠎ᠤᠨ ᠠᠵᠢᠯᠯᠠᠭ᠋ᠠᠨ᠎ᠤ ᠳᠤᠮᠳᠠ ᠣᠯᠤᠭᠰᠠᠨ ᠤᠷᠭᠤᠮᠠᠯ᠂ ᠠᠮᠢᠲᠠᠨ᠂ ᠮᠢᠺᠷᠣᠪ ᠵᠢᠴᠢ ᠲᠡᠭᠦᠨ᠎ᠤ ᠪᠦᠲᠦᠭᠡᠭᠳᠡᠬᠦᠨ᠎ᠢ ᠵᠢᠭ᠋ᠠᠵᠤ᠂ ᠥᠪᠡᠷ᠎ᠤᠨ ᠭᠡᠷ᠎ᠤᠨ ᠲᠡᠵᠢᠭᠡᠪᠦᠷᠢ ᠵᠥᠭᠡᠢ ᠵᠢᠨ ᠪᠠᠯ᠎ᠨᠢ ᠲᠠᠷᠢᠶᠠᠯᠠᠩ᠎ᠤᠨ ᠪᠦᠲᠦᠭᠡᠭᠳᠡᠬᠦᠨ᠎ᠳᠤ ᠬᠠᠷᠢᠶᠠᠯᠠᠭᠳᠠᠨ᠎ᠠ᠃ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠷᠣᠯᠠᠭᠤᠯᠬᠤ᠎ᠳᠤ ᠢᠳᠡᠭᠡᠨ᠎ᠤ ᠵᠥᠪᠰᠢᠶᠡᠷᠡᠯ ᠠᠪᠬᠤ ᠴᠢᠬᠤᠯᠠ ᠦᠭᠡᠢ᠃