ᠵᠤᠰᠠᠬᠤ ᠢᠳᠡᠭᠡᠨ᠎ᠤ ᠬᠡᠷᠡᠭᠯᠡᠭᠡᠨ᠎ᠤ ᠰᠠᠨᠠᠭᠤᠯᠤᠮᠵᠢ
2024-07-04

     ᠠᠭ᠋ᠠᠭᠢᠮ᠎ᠠ ᠬᠠᠯᠠᠭᠤᠨ ᠵᠤᠨ᠎ᠤ ᠠᠮᠠᠷᠠᠯᠲᠠ ᠤᠳᠠᠯ ᠦᠭᠡᠢ ᠢᠷᠡᠬᠦ ᠭᠡᠵᠦ ᠪᠠᠢ᠌ᠨ᠎ᠠ᠂ ᠵᠤᠰᠠᠬᠤ ᠢᠳᠡᠭᠡᠨ᠎ᠨᠢ ᠬᠡᠷᠡᠭᠯᠡᠭᠴᠢᠳ᠎ᠤᠨ ᠰᠣᠩᠭᠣᠨ ᠬᠤᠳᠠᠯᠳᠤᠨ ᠠᠪᠬᠤ ᠬᠠᠯᠠᠮᠰᠢᠯ ᠪᠣᠯᠪᠠ᠃ ᠬᠡᠷᠡᠭᠯᠡᠭᠴᠢᠳ᠎ᠤᠨ ᠢᠳᠡᠭᠡᠨ ᠤᠮᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠠᠨ᠎ᠳᠤ ᠰᠠᠨᠠᠭᠤᠯᠬᠤ᠎ᠨᠢ᠄

     ᠡᠯ᠎ᠡ ᠵᠦᠢ᠍ᠯ᠎ᠤᠨ ᠵᠤᠰᠠᠬᠤ ᠢᠳᠡᠭᠡᠨ᠎ᠨᠦᠭᠦᠳ᠎ᠢ ᠣᠢ᠌ᠯᠠᠭ᠋ᠠᠷᠠᠢ

     ᠬᠦᠢ᠍ᠲᠡᠨ ᠤᠮᠳᠠᠭ᠋ᠠᠨ ᠵᠢᠱ᠌ᠢᠶᠡᠯᠡᠪᠡᠯ   ᠪᠢᠩᠵᠢᠯᠢᠨ᠂ ᠬᠥᠷᠥᠭᠡᠭᠰᠡᠨ ᠤᠮᠳᠠᠭ᠋ᠠᠨ ᠵᠡᠷᠭᠡ᠎ᠨᠢ ᠪᠡᠶ᠎ᠡ ᠵᠢᠨ ᠳᠤᠯᠠᠭ᠋ᠠᠨ᠎ᠤ ᠬᠡᠮᠵᠢᠶ᠎ᠡ ᠵᠢ ᠲᠦᠷᠭᠡᠨ ᠪᠠᠭᠤᠷᠠᠭᠤᠯᠬᠤ ᠦᠢ᠍ᠯᠡᠳᠦᠯ᠎ᠲᠠᠢ ᠪᠠᠢ᠌ᠵᠤ᠂ ᠵᠤᠨ᠎ᠤ ᠤᠯᠠᠷᠢᠯ᠎ᠤᠨ ᠥᠨᠳᠥᠷ ᠳᠤᠯᠠᠭ᠋ᠠᠨ᠎ᠤ ᠠᠪᠴᠢᠷᠠᠭᠰᠠᠨ ᠡᠪ ᠦᠭᠡᠢ ᠪᠠᠢ᠌ᠳᠠᠯ᠎ᠢ ᠪᠦᠲᠦᠮᠵᠢᠲᠡᠢ ᠨᠠᠮᠳᠠᠭᠤᠯᠵᠤ ᠴᠢᠳᠠᠳᠠᠭ᠃

     ᠵᠢᠮᠢᠰ᠎ᠤᠨ ᠲᠥᠷᠥᠯ᠎ᠤᠨ ᠵᠤᠰᠠᠬᠤ ᠢᠳᠡᠭᠡᠨ ᠵᠢᠱ᠌ᠢᠶᠡᠯᠡᠪᠡᠯ ᠲᠠᠷᠪᠤᠰ᠂ ᠬᠠᠮᠢ ᠭᠤᠸᠠ ᠵᠡᠷᠭᠡ᠎ᠳᠤ ᠤᠰᠤ ᠪᠠ ᠡᠷᠦᠳᠡᠰᠦ ᠡᠯᠪᠡᠭ ᠠᠭᠤᠯᠤᠭᠳᠠᠵᠤ᠂ ᠵᠣᠨ᠎ᠤ ᠡᠳᠦᠷ᠎ᠲᠤ ᠬᠥᠮᠥᠨ᠎ᠤ ᠪᠡᠶ᠎ᠡ᠎ᠳᠤ ᠤᠰᠤ ᠨᠥᠬᠦᠪᠥᠷᠢᠯᠡᠬᠦ ᠵᠢᠨ ᠬᠠᠮᠲᠤ ᠪᠠᠰᠠ ᠪᠡᠶ᠎ᠡ ᠮᠠᠬᠠᠪᠣᠳ᠎ᠲᠤ ᠰᠢᠮ᠎ᠡ ᠲᠡᠵᠢᠭᠡᠯ ᠬᠠᠩᠭ᠋ᠠᠵᠤ ᠴᠢᠳᠠᠨ᠎ᠠ᠃

     ᠬᠠᠯᠠᠭᠤᠨ᠎ᠢ ᠠᠷᠢᠯᠭ᠋ᠠᠵᠤ ᠬᠠᠯᠠᠭᠤᠨ᠎ᠢ ᠲᠠᠢ᠌ᠯᠬᠤ ᠢᠳᠡᠭᠡᠨ ᠵᠢᠱ᠌ᠢᠶᠡᠯᠡᠪᠡᠯ ᠨᠣᠭᠣᠭ᠋ᠠᠨ ᠪᠤᠷᠴᠠᠭ᠎ᠤᠨ ᠱᠥᠯᠥ᠂ ᠮᠥᠰᠥᠨ ᠰᠢᠬᠢᠷᠲᠦ ᠯᠢᠩᠬ᠍ᠸ᠎ᠠ ᠵᠢᠨ ᠦᠷ᠎ᠡ ᠵᠡᠷᠭᠡ᠎ᠨᠢ ᠮᠠᠰᠢ ᠰᠠᠢ᠌ᠨ ᠬᠠᠯᠠᠭᠤᠨ᠎ᠢ ᠪᠠᠭᠤᠷᠠᠭᠤᠯᠬᠤ ᠦᠢ᠍ᠯᠡᠳᠦᠯ᠎ᠲᠠᠢ ᠪᠠᠢ᠌ᠳᠠᠭ᠃

     ᠵᠤᠰᠠᠬᠤ ᠢᠳᠡᠭᠡᠨ᠎ᠢ ᠵᠣᠬᠢᠰᠲᠠᠢ ᠢᠳᠡᠭᠡᠷᠡᠢ

     ᠵᠤᠰᠠᠬᠤ ᠢᠳᠡᠭᠡᠨ᠎ᠤ ᠰᠣᠩᠭᠣᠯᠲᠠ᠃ ᠵᠤᠰᠠᠬᠤ ᠢᠳᠡᠭᠡᠨ᠎ᠤ ᠵᠦᠢ᠍ᠯ᠎ᠢ ᠰᠣᠩᠭᠣᠬᠤ᠎ᠳᠠᠭᠠᠨ᠂ ᠨᠦᠮᠵᠦᠭ ᠦᠭᠡᠢ ᠮᠥᠷᠲᠡᠭᠡᠨ ᠡᠯᠪᠡᠭ ᠤᠰᠤ᠎ᠲᠠᠢ ᠢᠳᠡᠭᠡᠨ ᠵᠶ᠋ᠠᠷ ᠭᠣᠤᠯ ᠪᠣᠯᠭ᠋ᠠᠨ᠂ ᠰᠢᠬᠢᠷ ᠶᠡᠬᠡᠲᠡᠶ᠂ ᠥᠭᠡᠬᠦ ᠶᠡᠬᠡᠲᠡᠶ ᠢᠳᠡᠭᠡᠨ᠎ᠢ ᠬᠡᠲᠦᠷᠡᠲᠡᠯ᠎ᠡ ᠬᠡᠷᠡᠭᠯᠡᠬᠦ᠎ᠠᠴᠠ ᠪᠣᠯᠵᠤ᠂ ᠪᠡᠶ᠎ᠡ ᠵᠢᠨ ᠢᠯᠴᠢ ᠵᠢᠨ ᠬᠡᠮᠵᠢᠶ᠎ᠡ ᠵᠢ ᠨᠡᠮᠡᠭᠳᠡᠭᠦᠯᠵᠦ ᠪᠡᠶ᠎ᠡ ᠵᠢᠨ ᠳᠠᠷᠤᠭ᠋ᠠᠰᠤ ᠵᠢ ᠬᠦᠨᠳᠦᠷᠡᠭᠦᠯᠬᠦ᠎ᠠᠴᠠ ᠵᠠᠶ᠋ᠢᠯᠠᠰᠬᠢᠬᠦ ᠬᠡᠷᠡᠭᠲᠡᠶ᠃

     ᠵᠤᠰᠠᠬᠤ ᠢᠳᠡᠭᠡᠨ᠎ᠨᠢ ᠬᠡᠳᠦᠢ᠌ᠪᠡᠷ ᠳᠤᠯᠠᠭ᠋ᠠᠨ᠎ᠢ ᠪᠠᠭᠤᠷᠠᠭᠤᠯᠬᠤ ᠦᠢ᠍ᠯᠡᠳᠦᠯ᠎ᠲᠠᠢ ᠪᠣᠯᠪᠠᠴᠤ ᠬᠡᠮᠵᠢᠶᠡᠨ᠎ᠠᠴᠠ ᠬᠡᠲᠦᠷᠡᠲᠡᠯ᠎ᠡ ᠢᠳᠡᠵᠦ ᠪᠣᠯᠬᠤ ᠦᠭᠡᠢ᠃ ᠬᠡᠲᠦᠷᠡᠲᠡᠯ᠎ᠡ ᠢᠳᠡᠪᠡᠯ ᠰᠢᠩᠭᠡᠭᠡᠯᠲᠡ ᠵᠢᠨ ᠰᠢᠰᠲ᠋ᠧᠮ᠎ᠤᠨ ᠬᠡᠪ᠎ᠤᠨ ᠠᠵᠢᠯᠯᠠᠭ᠎ᠠ ᠵᠢ ᠨᠥᠯᠦᠭᠡᠯᠡᠵᠦ ᠮᠡᠳᠡᠨ᠎ᠡ᠃ ᠲᠡᠷᠡᠴᠢᠯᠡᠨ ᠰᠠᠭᠤᠯᠭ᠋ᠠᠬᠤ ᠵᠡᠷᠭᠡ ᠦᠯᠦ ᠵᠣᠬᠢᠯᠳᠤᠬᠤ ᠢᠯᠡᠷᠡᠯ ᠭᠠᠷᠴᠤ ᠮᠡᠳᠡᠨ᠎ᠡ᠃ ᠡᠳᠦᠷ ᠪᠦᠷᠢ ᠵᠢᠨ ᠬᠦᠢ᠍ᠲᠡᠨ ᠤᠮᠳᠠᠭ᠋ᠠᠨ ᠤᠤᠭᠤᠬᠤ ᠬᠡᠮᠵᠢᠶ᠎ᠡ ᠵᠢ 500mL ᠎ᠠᠴᠠ ᠳᠠᠪᠠᠭᠤᠯᠬᠤ ᠦᠭᠡᠢ ᠮᠥᠷᠲᠡᠭᠡᠨ ᠥᠯᠦᠨ ᠵᠶ᠋ᠠᠷ ᠪᠤᠶᠤ ᠰᠢᠷᠦᠭᠦᠨ ᠬᠥᠳᠡᠯᠭᠡᠭᠡᠨ ᠬᠢᠭᠰᠡᠨ᠎ᠤ ᠳᠠᠷᠠᠭ᠎ᠠ ᠲᠡᠷᠡ ᠳᠠᠷᠤᠢ ᠢᠳᠡᠵᠦ ᠪᠣᠯᠬᠤ ᠦᠭᠡᠢ᠃

     ᠵᠤᠰᠠᠬᠤ ᠢᠳᠡᠭᠡᠨ᠎ᠤ ᠵᠣᠬᠢᠴᠠᠭᠤᠯᠤᠯᠲᠠ᠃ ᠵᠤᠰᠠᠬᠤ ᠢᠳᠡᠭᠡᠨ ᠢᠳᠡᠬᠦ᠎ᠳᠤ᠂ ᠵᠣᠬᠢᠴᠠᠭᠤᠯᠬᠤ ᠵᠢ ᠠᠩᠬᠠᠷᠴᠤ᠂ ᠠᠯᠢ ᠪᠣᠯᠬᠤᠶ᠋ᠢᠴᠠ ᠸᠢᠲ᠋ᠠᠮᠢᠨ ᠪᠠ ᠡᠷᠦᠳᠡᠰᠦ ᠡᠯᠪᠡᠭ ᠠᠭᠤᠯᠤᠭᠰᠠᠨ ᠢᠳᠡᠭᠡᠨ᠎ᠢ ᠰᠣᠩᠭᠣᠵᠤ᠂ ᠡᠳᠡᠭᠡᠷ ᠰᠢᠮ᠎ᠡ ᠲᠡᠵᠢᠭᠡᠯ᠎ᠤᠨ ᠡᠳ᠋᠎ᠢ ᠵᠣᠬᠢᠰᠲᠠᠶ ᠨᠥᠬᠥᠪᠥᠷᠢᠯᠡᠵᠦ᠂ ᠡᠨᠡ᠎ᠨᠢ ᠡᠭᠡᠯᠢᠯᠡᠬᠦ ᠴᠢᠳᠠᠪᠤᠷᠢ ᠵᠢ ᠨᠡᠮᠡᠭᠳᠡᠭᠦᠯᠬᠦ ᠪᠠ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠪᠠᠲᠤᠯᠠᠬᠤ᠎ᠳᠤ ᠠᠰᠢᠭᠲᠠᠶ ᠪᠠᠢ᠌ᠳᠠᠭ᠃

ᠵᠤᠨ᠎ᠤ ᠤᠯᠠᠷᠢᠯ᠎ᠤᠨ ᠢᠳᠡᠭᠡᠨ ᠤᠮᠳᠠᠭ᠋ᠠᠨ᠎ᠤ ᠶᠡᠷᠦᠩᠬᠡᠢ ᠬᠠᠮᠢᠶᠠᠷᠤᠯᠲᠠ

    1. ᠵᠤᠨ᠎ᠤ ᠤᠯᠠᠷᠢᠯ᠎ᠤᠨ ᠢᠳᠡᠭᠡᠨ ᠤᠮᠳᠠᠭ᠋ᠠᠨ᠎ᠤ ᠲᠣᠬᠢᠷᠠᠭᠤᠯᠤᠯᠲᠠ᠃ ᠵᠤᠨ᠎ᠤ ᠤᠯᠠᠷᠢᠯ᠎ᠳᠤ ᠬᠤᠭᠤᠯᠠ ᠢᠳᠡᠬᠦ᠎ᠳᠡᠭᠡᠨ ᠨᠦᠮᠵᠦᠭ ᠦᠭᠡᠢ᠂ ᠰᠢᠮ᠎ᠡ ᠲᠡᠵᠢᠭᠡᠯ ᠲᠡᠩᠴᠡᠬᠦᠷᠢᠲᠠᠢ᠂ ᠨᠤᠭᠤᠭ᠎ᠠ ᠵᠢᠮᠢᠰ ᠢᠯᠡᠭᠦᠦ ᠢᠳᠡᠵᠤ᠂ ᠲᠣᠰᠣᠯᠢᠭ ᠪᠠ ᠭᠠᠰᠢᠭᠤᠨ ᠭᠤᠱ᠌ᠤᠭᠤᠨ ᠢᠳᠡᠭᠡᠨ ᠳᠤᠲᠠᠭᠤ ᠢᠳᠡᠵᠤ᠂ ᠪᠡᠶ᠎ᠡ ᠲᠤᠳᠣᠷᠠᠬᠢ ᠣᠰᠣᠨ᠎ᠤ ᠲᠡᠩᠴᠡᠭᠦᠷᠢ ᠵᠢ ᠪᠠᠲᠤᠯᠠᠬᠤ ᠬᠡᠷᠡᠭᠲᠠᠢ᠃

    2. ᠢᠳᠡᠭᠡᠨ ᠤᠮᠳᠠᠭ᠋ᠠᠨ ᠬᠢᠭᠡᠳ ᠬᠥᠳᠡᠯᠭᠡᠭᠡᠨ᠎ᠢ ᠤᠶᠠᠯᠳᠤᠭᠤᠯᠬᠤ᠃ ᠵᠣᠬᠢᠰᠲᠠᠶ ᠬᠥᠳᠡᠯᠭᠡᠭᠡᠨ᠎ᠨᠢ ᠬᠣᠭᠣᠯᠠᠨ᠎ᠤ ᠳᠤᠷᠠᠰᠢᠯ᠎ᠢ ᠠᠬᠢᠭᠤᠯᠵᠤ᠂ ᠰᠢᠩᠭᠡᠭᠡᠯᠲᠡ ᠵᠢ ᠠᠬᠢᠭᠤᠯᠳᠠᠭ᠂ ᠭᠡᠪᠡᠴᠦ ᠬᠥᠳᠡᠯᠭᠡᠭᠡᠨ ᠬᠢᠭᠰᠡᠨ᠎ᠤ ᠳᠠᠷᠠᠭ᠎ᠠ ᠤᠰᠤ ᠪᠣᠯᠤᠨ ᠰᠢᠮ᠎ᠡ ᠲᠡᠵᠢᠭᠡᠯ᠎ᠢ ᠴᠠᠭ ᠲᠤᠬᠠᠶ᠎ᠳᠤᠨᠢ ᠨᠥᠬᠥᠪᠥᠷᠢᠯᠡᠵᠦ᠂ ᠪᠡᠶ᠎ᠡ ᠮᠠᠬᠠᠪᠣᠳ᠎ᠤᠨ ᠤᠰᠤ ᠳᠤᠲᠠᠬᠤ ᠪᠠ ᠡᠨᠧᠷᠭᠢ ᠬᠣᠷᠣᠭᠳᠠᠭᠤᠯᠬᠤ᠎ᠠᠴᠠ ᠵᠠᠶ᠋ᠢᠯᠠᠰᠬᠢᠬᠦ ᠬᠡᠷᠡᠭᠲᠡᠶ᠃

    3. ᠵᠤᠨ᠎ᠤ ᠤᠯᠠᠷᠢᠯ᠎ᠤᠨ ᠤᠤᠭᠤᠬᠤ ᠤᠰᠤᠨ᠎ᠤ ᠨᠡᠮᠡᠭᠳᠡᠯ᠃ ᠵᠤᠨ᠎ᠤ ᠤᠯᠠᠷᠢᠯ᠎ᠳᠤ ᠪᠡᠶ᠎ᠡ ᠵᠢᠨ ᠳᠤᠯᠠᠭ᠋ᠠᠨ᠎ᠤ ᠲᠣᠬᠢᠷᠠᠭᠤᠯᠤᠯᠲᠠ ᠬᠢᠬᠦ ᠬᠡᠷᠡᠭᠴᠡᠭᠡ᠎ᠠᠴᠠ ᠪᠣᠯᠵᠤ᠂ ᠤᠤᠭᠤᠬᠤ ᠤᠰᠤᠨ᠎ᠤ ᠬᠡᠮᠵᠢᠶ᠎ᠡ᠎ᠪᠠᠨ ᠵᠣᠬᠢᠰᠲᠠᠶ ᠨᠡᠮᠡᠭᠳᠡᠭᠦᠯᠬᠦ ᠬᠡᠷᠡᠭᠲᠡᠶ᠃  ᠪᠤᠴᠠᠯᠤᠭᠰᠠᠨ ᠤᠰᠤ᠂ ᠴᠡᠩᠬᠡᠭ ᠳᠠᠪᠤᠰᠤ᠎ᠲᠠᠢ ᠤᠰᠤ ᠵᠡᠷᠭᠡ᠎ᠪᠠᠷ ᠬᠥᠯᠥᠰᠦ ᠭᠠᠷᠤᠭᠰᠠᠨ᠎ᠠᠴᠠ ᠪᠣᠯᠣᠭᠰᠠᠨ ᠤᠰᠤᠨ᠎ᠤ ᠠᠯᠳᠠᠭᠳᠠᠯ᠎ᠢ ᠨᠥᠬᠥᠪᠦᠷᠢᠯᠡᠵᠦ ᠪᠣᠯᠤᠨ᠎ᠠ᠃

 

ᠢᠷᠡᠯᠲᠡ᠄ ᠤᠳᠤᠷᠢᠳᠬᠤ ᠳᠤᠭᠤᠶ᠋ᠢᠯᠠᠩ