ᠬᠥᠳᠡᠭᠡ ᠲᠤᠰᠬᠤᠨ᠎ᠤ ᠬᠠᠮᠲᠤ ᠵᠢᠨ ᠬᠣᠭᠣᠯᠠᠯᠠᠭ᠎ᠠ ᠵᠢᠨ ᠢᠳᠡᠭᠡᠨ᠎ᠤ ᠠᠮᠤᠷ ᠲᠦᠪᠰᠢᠨ᠎ᠤ ᠳᠣᠲᠣᠨᠣ ᠰᠠᠨᠠᠭᠤᠯᠤᠮᠵᠢ
2024-08-07

     ᠬᠥᠳᠡᠭᠡ ᠲᠣᠰᠬᠤᠨ᠎ᠤ ᠬᠠᠮᠲᠤ ᠵᠢᠨ ᠬᠣᠭᠣᠯᠠᠯᠠᠭ᠎ᠠ᠎ᠨᠢ ᠨᠤᠲᠤᠭ ᠤᠰᠤᠨ᠎ᠤ ᠬᠠᠶ᠋ᠢᠷ᠎ᠠ ᠰᠡᠳᠬᠢᠯᠭᠡ᠎ᠪᠠᠨ ᠳᠠᠮᠵᠢᠭᠤᠯᠬᠤ ᠂ ᠬᠥᠷᠰᠢ ᠵᠡᠷᠭᠡᠯᠡᠳᠡᠭᠡ ᠵᠢᠨ ᠬᠤᠭᠤᠷᠣᠨᠳᠣᠬᠢ ᠶᠠᠪᠤᠯᠴᠠᠭ᠎ᠠ ᠬᠠᠷᠢᠯᠴᠠᠭ᠎ᠠ᠎ᠪᠠᠨ ᠰᠠᠢ᠌ᠵᠢᠷᠠᠭᠤᠯᠬᠤ ᠴᠢᠬᠤᠯᠠ ᠠᠵᠢᠯᠯᠠᠭ᠎ᠠ ᠪᠣᠯᠤᠭᠰᠠᠨ᠎ᠤ ᠬᠤᠪᠢ᠎ᠳᠤ᠂ ᠦᠷᠭᠦᠯᠵᠢ ᠪᠠᠶᠠᠷ ᠪᠠᠬᠠᠳᠤᠯᠲᠤ ᠦᠭᠡ ᠶᠠᠷᠢᠶ᠎ᠠ ᠪᠠ ᠬᠠᠯᠠᠭᠤᠨ ᠳᠤᠯᠠᠭ᠋ᠠᠨ ᠠᠭᠤᠷ ᠠᠮᠢᠰᠬᠤᠯ ᠵᠶ᠋ᠠᠷ ᠪᠢᠯᠬᠠᠳᠠᠭ᠃ ᠶᠠᠭ ᠡᠢ᠌ᠮᠦᠷᠬᠦᠦ ᠥᠨᠳᠥᠷ ᠬᠠᠯᠠᠭᠤᠨ᠎ᠤ ᠤᠯᠠᠷᠢᠯ ᠬᠦᠷᠴᠦ ᠢᠷᠡᠬᠦ᠎ᠪᠠᠷ ᠪᠠᠺᠲ᠋ᠧᠷᠢ ᠵᠢᠨ ᠥᠰᠦᠯᠲᠡ ᠮᠠᠰᠢ ᠲᠦᠷᠭᠡᠰᠴᠦ᠂ ᠢᠳᠡᠭᠡᠨ ᠠᠮᠠᠷᠬᠠᠨ ᠢᠯᠵᠠᠷᠠᠵᠤ ᠴᠢᠨᠠᠷ᠎ᠨᠢ ᠬᠤᠪᠢᠷᠠᠬᠤ᠎ᠠᠴᠠ ᠢᠳᠡᠭᠡᠨ᠎ᠤ ᠬᠣᠣᠷᠳᠠᠯᠭ᠎ᠠ ᠪᠠ ᠢᠳᠡᠭᠡᠨ᠎ᠤ ᠢᠷᠡᠯᠲᠡ ᠵᠢᠨ ᠴᠢᠨᠠᠷᠲᠠᠢ ᠡᠪᠡᠳᠴᠢᠨ ᠡᠭᠦᠰᠬᠦ ᠬᠤᠭᠤᠴᠠᠭ᠎ᠠ ᠪᠣᠯᠳᠠᠭ᠃ ᠡᠭᠦᠨ᠎ᠳᠤ ᠬᠠᠨᠲᠤᠭᠤᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠳᠣᠲᠣᠨᠣ ᠰᠠᠨᠠᠭᠤᠯᠤᠮᠵᠢ ᠬᠦᠷᠭᠡᠵᠦ ᠪᠠᠢ᠌ᠨ᠎ᠠ᠄

    1. ᠢᠳᠡᠭᠡᠨ᠎ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠎ᠳᠤ᠎ᠪᠠᠨ ᠪᠠᠷᠠᠭ᠎ᠠ ᠣᠷᠣᠭᠤᠯᠬᠤ ᠪᠠᠶ᠋ᠢᠴᠠᠭ᠋ᠠᠨ ᠰᠢᠯᠭ᠋ᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠭᠡᠷᠡᠴᠢ ᠪᠠᠷᠢᠮᠲᠠ ᠠᠪᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠬᠢᠷᠢ ᠴᠢᠳᠠᠮᠵᠢ᠎ᠨᠢ ᠪᠦᠷᠢᠨ ᠭᠦᠢ᠍ᠴᠡᠳ ᠵᠢᠩᠬᠢᠨᠢ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠰᠣᠩᠭᠤᠵᠤ᠂ ᠰᠢᠨ᠎ᠡ ᠰᠣᠷᠭᠤᠭ᠂ ᠠᠮᠤᠷ ᠲᠦᠪᠰᠢᠨ᠂ ᠪᠣᠬᠢᠷᠲᠤᠯ ᠦᠭᠡᠶ ᠢᠳᠡᠭᠡᠨ᠎ᠤ ᠮᠠᠲ᠋ᠧᠷᠢᠶᠠᠯ᠎ᠢ ᠰᠣᠩᠭᠤᠨ ᠬᠤᠳᠠᠯᠳᠤᠨ ᠠᠪᠴᠤ᠂ ᠲᠦᠭᠦᠬᠡᠶ ᠮᠠᠲ᠋ᠧᠷᠢᠶᠠᠯ᠎ᠤᠨ ᠢᠷᠡᠯᠲᠡ ᠵᠢᠨ ᠨᠠᠶ᠋ᠢᠳᠠᠪᠤᠷᠢᠲᠠᠶ ᠪᠠᠶ᠋ᠢᠬᠤ ᠵᠢ ᠦᠨᠡᠨ ᠬᠦ᠌ ᠪᠠᠲᠤᠯᠠᠨ᠎ᠠ; ᠠᠵᠤ ᠦᠢ᠍ᠯᠡᠳᠪᠦᠷᠢ ᠵᠢᠨ ᠳᠠᠪᠤᠰᠤ ᠪᠤᠶᠤ ᠳᠤᠲᠠᠭᠤ ᠠᠽᠣᠲ ᠬᠦᠴᠢᠯ᠎ᠤᠨ ᠳᠠᠪᠤᠰᠤ ᠬᠤᠳᠠᠯᠳᠤᠨ ᠠᠪᠬᠤ᠂ ᠬᠠᠳᠠᠭ᠋ᠠᠯᠠᠬᠤ᠂ ᠬᠡᠷᠡᠭᠯᠡᠬᠦ ᠵᠢ ᠴᠢᠩᠭ᠎ᠠ ᠬᠣᠷᠢᠭᠯᠠᠨ᠎ᠠ;  ᠪᠦᠷᠢᠨ ᠪᠦᠳᠦᠨ ᠲᠡᠮᠳᠡᠭ ᠦᠭᠡᠢ ᠰᠤᠯᠠ᠎ᠪᠠᠷ ᠰᠠᠪᠠᠯᠠᠭᠰᠠᠨ ᠲᠣᠰᠤ ᠵᠢ ᠬᠡᠷᠡᠭᠯᠡᠬᠦ ᠵᠢ ᠴᠢᠩᠭ᠎ᠠ ᠬᠣᠷᠢᠭᠯᠠᠨ᠎ᠠ᠃

    2. ᠢᠳᠡᠭᠡᠨ᠎ᠢ ᠡᠳ᠋ᠰᠢᠭᠦᠯᠦᠨ ᠪᠣᠯᠪᠠᠰᠤᠷᠠᠭᠤᠯᠬᠤ ᠶᠠᠪᠤᠴᠠ ᠵᠢ ᠴᠢᠩᠭ᠎ᠠ ᠵᠢᠷᠤᠮᠯᠠᠨ᠂ ᠠᠵᠢᠯᠯᠠᠭ᠋ᠠᠨ᠎ᠤ ᠵᠢᠷᠤᠮᠵᠢᠯ᠎ᠢ ᠠᠩᠬᠠᠷᠴᠤ᠂ ᠲᠦᠭᠦᠬᠡᠶ ᠪᠣᠯᠭᠤᠭᠰᠠᠨ᠎ᠢ ᠰᠠᠯᠭ᠋ᠠᠬᠤ ᠵᠢ ᠦᠨᠡᠨ ᠬᠦ᠌ ᠪᠠᠲᠤᠯᠠᠵᠤ᠂ ᠰᠣᠯᠪᠢᠴᠠᠨ ᠪᠣᠬᠢᠷᠳᠣᠭᠳᠠᠬᠤ᠎ᠠᠴᠠ ᠵᠠᠢ᠌ᠯᠠᠰᠬᠢᠨ᠎ᠠ; ᠬᠤᠭᠤᠯᠠ ᠬᠢᠬᠦ ᠶᠠᠪᠤᠴᠠ᠎ᠳᠠᠬᠢ ᠳᠤᠯᠠᠭ᠋ᠠᠨ᠎ᠤ ᠬᠡᠮᠵᠢᠶᠡᠨ᠎ᠤ ᠬᠢᠵᠠᠭ᠋ᠠᠷᠯᠠᠯ᠎ᠢ ᠴᠢᠩᠭ᠋ᠠᠳᠬᠠᠵᠤ᠂ ᠢᠳᠡᠭᠡᠨ᠎ᠢ ᠢᠯᠵᠠᠷᠠᠲᠠᠯ᠎ᠠ᠎ᠨᠢ ᠴᠢᠨᠠᠬᠤ ᠵᠢ ᠪᠠᠲᠤᠯᠠᠵᠤ᠂ ᠢᠯᠠᠩᠭᠤᠶ᠎ᠠ ᠮᠢᠬᠠᠨ᠎ᠤ ᠲᠦᠷᠦᠯ᠂ ᠵᠢᠭᠦᠷᠲᠡᠨ᠎ᠤ ᠲᠦᠷᠦᠯ᠂ ᠥᠨᠳᠡᠭᠡᠨ᠎ᠤ ᠲᠦᠷᠦᠯ ᠵᠡᠷᠭᠡ ᠠᠮᠠᠷᠬᠠᠨ ᠪᠣᠬᠢᠷᠳᠣᠭᠳᠠᠬᠤ ᠢᠳᠡᠭᠡᠨ ᠪᠣᠯᠣᠨ᠎ᠠ; ᠬᠤᠭᠤᠯᠠᠯᠠᠬᠤ᠎ᠳᠤ ᠡᠳ᠋ᠰᠢᠭᠦᠯᠦᠨ ᠪᠣᠯᠪᠠᠰᠤᠷᠠᠭᠤᠯᠬᠤ᠎ᠠᠴᠠ ᠢᠳᠡᠬᠦ ᠬᠦᠷᠲᠡᠯ᠎ᠡ᠂ ᠬᠡᠪ᠎ᠤᠨ ᠳᠤᠯᠠᠭ᠋ᠠᠨ᠎ᠳᠤ 2 ᠴᠠᠭ᠎ᠠᠴᠠ ᠬᠡᠲᠦᠷᠡᠭᠦᠯᠵᠦ ᠪᠣᠯᠬᠤ ᠦᠭᠡᠢ᠂ ᠬᠦᠢ᠍ᠲᠡᠨ ᠢᠳᠡᠭᠡᠨ᠎ᠤ ᠲᠦᠷᠦᠯ᠎ᠤᠨ ᠢᠳᠡᠭᠡᠨ᠎ᠢ ᠠᠯᠢ ᠴᠢᠳᠠᠬᠤ᠎ᠪᠠᠷ ᠳᠤᠲᠠᠭᠤ ᠡᠳ᠋ᠰᠢᠭᠦᠯᠦᠨ᠎ᠡ᠃

    3. ᠠᠵᠢᠯᠯᠠᠵᠤ ᠪᠠᠶ᠋ᠢᠭ᠎ᠠ ᠬᠥᠮᠦᠰ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠢ ᠰᠠᠶ᠋ᠢᠲᠤᠷ ᠬᠢᠵᠦ᠂ ᠬᠤᠪᠢ ᠬᠥᠮᠦᠨ᠎ᠤ ᠡᠷᠡᠭᠦᠯ ᠬᠠᠮᠠᠭ᠋ᠠᠯᠠᠯ᠎ᠢ ᠰᠠᠢ᠌ᠲᠤᠷ ᠪᠠᠲᠤᠯᠠᠵᠤ᠂ ᠰᠢᠭᠤᠳ ᠢᠳᠡᠬᠦ ᠢᠳᠡᠭᠡᠨ᠎ᠲᠠᠢ ᠣᠶ᠋ᠢᠷᠠᠳᠬᠤ᠎ᠠᠴᠠ ᠡᠮᠦᠨ᠎ᠡ ᠳᠠᠬᠢᠨ ᠭᠠᠷ ᠵᠶ᠋ᠠᠨ ᠤᠬᠢᠶᠠᠵᠤ ᠠᠷᠢᠭᠤᠳᠬᠠᠨ᠂ ᠠᠵᠢᠯ᠎ᠤᠨ ᠬᠤᠪᠴᠠᠰᠤ᠎ᠪᠠᠨ ᠡᠮᠦᠰᠬᠦ ᠬᠡᠷᠡᠭᠲᠡᠶ᠃ ᠪᠣᠯᠪᠠᠰᠤᠷᠠᠭᠤᠯᠬᠤ ᠭᠠᠵᠠᠷ᠎ᠤᠨ ᠠᠷᠢᠭᠤᠨ ᠴᠡᠪᠡᠷ᠂ ᠡᠷᠡᠭᠦᠯ ᠬᠠᠮᠠᠭ᠋ᠠᠯᠠᠯ ᠵᠶ᠋ᠠᠨ ᠰᠠᠶ᠋ᠢᠲᠤᠷ ᠬᠢᠨ᠎ᠡ; ᠲᠣᠭᠤᠰᠣ ᠵᠢ ᠰᠡᠷᠭᠡᠶ᠋ᠢᠯᠡᠬᠦ᠂ ᠬᠤᠯᠤᠭ᠋ᠠᠨ᠎ᠠ ᠵᠢ ᠰᠡᠷᠭᠡᠶ᠋ᠢᠯᠡᠬᠦ᠂ ᠢᠯᠠᠭ᠎ᠠ ᠵᠢ ᠰᠡᠷᠭᠡᠶ᠋ᠢᠯᠡᠬᠦ ᠪᠡᠯᠡᠳᠬᠡᠮᠵᠢ ᠵᠢ ᠲᠡᠭᠦᠯᠳᠡᠷᠵᠢᠭᠦᠯᠵᠦ᠂ ᠬᠥᠨᠥᠭᠡᠯ᠎ᠲᠠᠢ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠠᠵᠢᠯ᠎ᠢ ᠰᠠᠶ᠋ᠢᠲᠤᠷ ᠬᠢᠨ᠎ᠡ᠃

    4. ᠬᠠᠮᠲᠤ ᠵᠢᠨ ᠴᠢᠨᠠᠷᠲᠠᠶ  ᠬᠤᠭᠤᠯᠠᠯᠠᠭ᠎ᠠ᠎ᠳᠤ ᠢᠳᠡᠭᠡᠨ᠎ᠤ ᠶᠠᠩᠵᠤ ᠦᠯᠡᠳᠡᠭᠡᠬᠦ ᠠᠵᠢᠯ᠎ᠢ ᠰᠠᠶ᠋ᠢᠲᠤᠷ ᠬᠢᠵᠦ᠂ ᠲᠥᠷᠥᠯ ᠵᠦᠢ᠍ᠯ ᠨᠢᠭᠡᠪᠦᠷᠢ ᠵᠢ 125g᠎ᠠᠴᠠ ᠳᠡᠭᠡᠭᠰᠢ ᠦᠯᠡᠳᠡᠭᠡᠨ ᠬᠠᠳᠠᠭ᠋ᠠᠯᠠᠵᠤ᠂ 48 ᠴᠠᠭ᠎ᠠᠴᠠ ᠳᠡᠭᠡᠭᠰᠢ ᠬᠠᠳᠠᠭ᠋ᠠᠯᠠᠬᠤ ᠵᠢᠨ ᠬᠠᠮᠲᠤ ᠥᠯᠢᠭᠡᠷ ᠡᠳ᠋ ᠦᠯᠡᠳᠡᠭᠡᠭᠰᠡᠨ ᠲᠡᠮᠳᠡᠭᠯᠡᠯ᠎ᠢ ᠨᠠᠷᠢᠨ ᠲᠣᠳᠣᠷᠬᠠᠶ ᠰᠠᠶ᠋ᠢᠲᠤᠷ ᠬᠢᠨ᠎ᠠ᠃

 

ᠢᠷᠡᠯᠲᠡ᠄ ᠢᠳᠡᠭᠡᠨ ᠤᠮᠳᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ