《ᠭᠠᠵᠠᠷ ᠵᠦᠶ ᠵᠢᠨ ᠪᠡᠯᠭᠡ ᠲᠡᠮᠳᠡᠭ ᠵᠶ᠋ᠠᠷ ᠣᠷᠣᠨ ᠪᠦᠰᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ》 ᠨᠡᠶ᠋ᠢᠲᠡᠯᠢᠭ ᠬᠡᠷᠡᠭ᠎ᠤᠨ ᠵᠢᠱ᠌ᠢᠶ᠎ᠡ — 《ᠬᠢᠩᠭ᠋ᠠᠨ ᠠᠶ᠋ᠢᠮᠠᠭ᠎ᠤᠨ ᠲᠤᠲᠤᠷᠭ᠎ᠠ》᠎ᠪᠠᠷ ᠳᠠᠮᠵᠢᠨ ᠲᠠᠷᠢᠶᠠᠴᠢᠳ᠎ᠤᠨ ᠠᠵᠤ ᠦᠢ᠍ᠯᠡᠰ᠎ᠢ ᠬᠦᠴᠦᠷᠬᠡᠭᠵᠢᠬᠦᠯᠪᠡ
2024-08-26

     ᠭᠠᠵᠠᠷ ᠵᠦᠶ ᠵᠢᠨ ᠪᠡᠯᠭᠡ ᠲᠡᠮᠳᠡᠭ ᠵᠶ᠋ᠠᠷ ᠣᠷᠣᠨ ᠪᠦᠰᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠵᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ᠎ᠤ ᠤᠨᠴᠠᠯᠢᠬᠳᠤ ᠠᠵᠤ ᠦᠢ᠍ᠯᠡᠰ ᠵᠶ᠋ᠠᠷ ᠲᠠᠷᠢᠶᠠᠴᠢᠳ᠎ᠢ ᠪᠠᠶᠠᠵᠢᠭᠤᠯᠬᠤ ᠪᠠ ᠨᠠᠷᠠᠲᠤ ᠲᠡᠮᠳᠡᠭᠲᠦ ᠵᠢᠨ ᠠᠵᠤ ᠠᠬᠤᠶ ᠵᠢ ᠠᠬᠢᠭᠤᠯᠵᠤ᠂ ᠭᠠᠵᠠᠷ ᠵᠦᠶ ᠵᠢᠨ ᠲᠡᠮᠳᠡᠭᠲᠦ ᠪᠦᠲᠦᠭᠡᠭᠳᠡᠬᠦᠨ᠎ᠤ ᠨᠠᠷᠠᠲᠤ ᠲᠡᠮᠳᠡᠭᠲᠦ ᠵᠢᠨ ᠨᠥᠯᠥᠭᠡᠯᠡᠬᠦ ᠬᠦᠴᠦᠨ ᠪᠠ ᠨᠡᠮᠡᠯᠲᠡ ᠥᠷᠲᠡᠭ᠎ᠢ ᠳᠡᠭᠡᠭᠰᠢᠯᠡᠭᠦᠯᠦᠨ᠂ ᠨᠡᠶ᠋ᠢᠲᠡᠯᠢᠭ ᠲᠤᠷᠰᠢᠯᠭ᠎ᠠ ᠪᠠ ᠰᠢᠯᠢᠳᠡᠭ ᠬᠡᠷᠡᠭ᠎ᠤᠨ ᠵᠢᠱ᠌ᠢᠶ᠎ᠡ ᠵᠢ ᠴᠠᠭ ᠲᠤᠬᠠᠶ᠎ᠳᠤ᠎ᠨᠢ ᠤᠬᠠᠭᠤᠯᠤᠨ ᠳ᠋ᠦᠩᠨᠡᠬᠦ ᠵᠢᠨ ᠲᠤᠰᠠᠳᠠ᠂ 2024 ᠣᠨ᠎ᠤ 5 ᠳ᠋ᠤᠭ᠋ᠠᠷ ᠰᠠᠷ᠎ᠠ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠎ᠠᠴᠠ ᠪᠥᠬᠦ ᠣᠷᠣᠨ᠎ᠳᠤ 《ᠭᠠᠵᠠᠷ ᠵᠦᠶ ᠵᠢᠨ ᠪᠡᠯᠭᠡ ᠲᠡᠮᠳᠡᠭ ᠵᠶ᠋ᠠᠷ ᠣᠷᠣᠨ ᠪᠦᠰᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ》 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠴᠤᠭᠯᠠᠭᠤᠯᠬᠤ ᠠᠵᠢᠯ᠎ᠢ ᠥᠷᠨᠢᠭᠦᠯᠪᠡ᠃ ᠡᠯ᠎ᠡ ᠠᠶ᠋ᠢᠮᠠᠭ ᠬᠤᠲᠠ ᠵᠢᠨ ᠰᠢᠯᠢᠨ ᠰᠣᠩᠭᠤᠵᠤ ᠲᠠᠨᠢᠯᠴᠠᠭᠤᠯᠬᠤ᠂ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ᠎ᠪᠠᠷ ᠳᠡᠮᠵᠢᠨ᠂ ᠣᠲᠣ ᠥᠪᠥᠷ ᠮᠣᠩᠭᠤᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠣᠯᠠᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ ᠵᠠᠯᠭ᠋ᠠᠭ᠎ᠠ᠎ᠪᠠᠷ ᠠᠷᠪᠠᠨ ᠶᠡᠭᠡ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠵᠦ᠂ ᠰᠤᠷᠤᠯᠴᠠᠵᠤ ᠯᠠᠪᠯᠠᠯᠲᠠ ᠪᠣᠯᠭ᠋ᠠᠬᠤ᠎ᠳᠤ ᠬᠠᠩᠭ᠋ᠠᠵᠤ ᠪᠠᠶ᠋ᠢᠨ᠎ᠠ᠃


1.png


    2021 ᠣᠨ᠎ᠳᠤ 《ᠬᠢᠩᠭ᠋ᠠᠨ ᠠᠶ᠋ᠢᠮᠠᠭ᠎ᠤᠨ ᠲᠤᠲᠤᠷᠭ᠎ᠠ》᠎ᠨᠢ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠨᠢᠭᠡᠳᠦᠭᠡᠷ ᠪᠦᠯᠦᠭ ᠭᠠᠵᠠᠷ ᠵᠦᠶ ᠵᠢᠨ ᠪᠡᠯᠭᠡ ᠲᠡᠮᠳᠡᠭ᠎ᠤᠨ ᠭᠤᠤᠯᠳᠠᠯᠭ᠎ᠠ᠎ᠲᠠᠢ ᠬᠠᠷᠢᠯᠴᠠᠵᠤ ᠵᠢᠯᠣᠭᠤᠳᠬᠤ ᠨᠡᠷᠡᠰ᠎ᠤᠨ ᠵᠢᠭᠰᠠᠭ᠋ᠠᠯᠲᠠ᠎ᠳᠤ ᠠᠮᠵᠢᠯᠲᠠ᠎ᠲᠠᠢ ᠰᠣᠩᠭᠤᠭᠳᠠᠪᠠ᠃ 《ᠬᠢᠩᠭ᠋ᠠᠨ ᠠᠶ᠋ᠢᠮᠠᠭ᠎ᠤᠨ ᠲᠤᠲᠤᠷᠭ᠎ᠠ》 ᠵᠢᠨ ᠭᠠᠵᠠᠷ ᠵᠦᠶ ᠵᠢᠨ ᠪᠡᠯᠭᠡ ᠲᠡᠮᠳᠡᠭ᠎ᠤᠨ ᠬᠡᠷᠡᠭᠯᠡᠯᠲᠡ ᠵᠢ ᠠᠬᠢᠭᠤᠯᠤᠭᠰᠠᠨ ᠲᠤᠷᠰᠢᠯᠭ᠎ᠠ᠂ ᠥᠪᠥᠷ ᠮᠣᠩᠭᠤᠯ᠎ᠤᠨ ᠴᠣᠷ᠎ᠤᠨ ᠭᠠᠭᠴᠠ 《ᠭᠠᠵᠠᠷ ᠵᠦᠢ ᠵᠢᠨ ᠪᠡᠯᠭᠡ ᠲᠡᠮᠳᠡᠭ ᠵᠶ᠋ᠡᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠡᠮᠬᠢᠳᠬᠡᠯ》᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠪᠣᠯᠪᠠ᠃ 2022 ᠣᠨ᠎ᠳᠤ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠨᠢᠭᠡᠳᠦᠭᠡᠷ ᠪᠦᠯᠦᠭ᠎ᠤᠨ ᠭᠠᠵᠠᠷ ᠵᠦᠶ ᠵᠢᠨ ᠲᠡᠮᠳᠡᠭ᠎ᠤᠨ ᠬᠡᠷᠡᠭᠯᠡᠯᠲᠡ ᠵᠢ ᠠᠬᠢᠭᠤᠯᠬᠤ ᠢᠨᠵᠧᠨᠧᠷᠢᠩ᠎ᠤᠨ ᠰᠢᠯᠭ᠋ᠠᠨ ᠠᠪᠤᠯᠲᠠ ᠵᠢ ᠠᠮᠵᠢᠯᠲᠠ᠎ᠲᠠᠢ ᠥᠩᠭᠡᠷᠡᠪᠡ᠃ 2024 ᠣᠨ᠎ᠳᠤ 《ᠬᠢᠩᠭ᠋ᠠᠨ ᠠᠶ᠋ᠢᠮᠠᠭ᠎ᠤᠨ ᠲᠤᠲᠤᠷᠭ᠎ᠠ》᠎ᠨᠢ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠵᠢᠨ 《ᠤᠯᠤᠰ᠎ᠤᠨ ᠤᠷᠤᠰᠬᠠᠯᠲᠤ ᠥᠯᠵᠡᠶ᠋ᠢᠲᠦ ᠪᠣᠤᠪᠤ ᠪᠠ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠣᠷᠳᠣᠨ》᠎ᠤ ᠬᠥᠰᠢᠭᠡ ᠵᠢ ᠨᠡᠭᠡᠭᠡᠬᠦ ᠠᠵᠢᠯᠯᠠᠭ᠎ᠠ ᠵᠢᠨ ᠰᠢᠨ᠎ᠡ ᠵᠦᠢ᠍ᠯ ᠪᠣᠯᠵᠤ᠂ ᠠᠯᠳᠠᠷᠰᠢᠯ ᠪᠠ ᠢᠷᠠᠭᠤ ᠠᠯᠳᠠᠷ᠎ᠤᠨ ᠬᠡᠮᠵᠢᠶ᠎ᠡ ᠵᠢ ᠤᠯᠠᠮ ᠨᠢᠭᠡ ᠠᠯᠬᠤᠮ ᠨᠡᠮᠡᠭᠳᠡᠭᠦᠯᠦᠨ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠪᠡ᠃


2.png


     ᠣᠲᠣ ᠨᠢᠭᠡᠨᠲᠡ 15 ᠨᠢᠭᠡ᠂ ᠬᠤᠶᠠᠷ᠂ ᠭᠤᠷᠪᠠᠳᠤᠭ᠋ᠠᠷ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠪᠠ᠃ 《ᠤᠯᠤᠰ᠎ᠤᠨ ᠲᠠᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ》᠎ᠤᠨ ᠵᠠᠯᠠᠶ᠋ᠢᠳ ᠬᠤᠰᠢᠭᠤᠨ᠎ᠤ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ ᠵᠶ᠋ᠠᠷ ᠵᠢᠱ᠌ᠢᠶᠡᠯᠡᠪᠡᠯ᠂ ᠠᠵᠤ ᠦᠢ᠍ᠯᠡᠰ᠎ᠤᠨ ᠬᠦᠷᠢᠶᠡᠯᠡᠩ᠎ᠤᠨ ᠶᠡᠷᠦᠩᠬᠡᠶ ᠲᠠᠯᠠᠪᠠᠶ᠎ᠨᠢ 686 ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ 2 ᠰᠢᠶᠠᠩ ᠪᠠᠯᠭ᠋ᠠᠰᠤ᠂ 33 ᠵᠠᠰᠠᠭ ᠵᠠᠬᠢᠷᠭ᠋ᠠᠨ᠎ᠤ ᠲᠣᠰᠬᠤᠨ᠂ 5.47 ᠲᠦᠮᠡᠨ ᠬᠥᠮᠦᠨ ᠠᠮᠠ᠂ 60 ᠲᠦᠮᠡᠨ ᠮᠥ᠍ ᠲᠠᠷᠢᠶᠠᠨ ᠭᠠᠵᠠᠷ᠎ᠢ ᠬᠠᠮᠤᠷᠪᠠ᠃ 2020 ᠣᠨ᠎ᠳᠤ᠂ ᠠᠵᠤ ᠦᠢ᠍ᠯᠡᠰ᠎ᠤᠨ ᠬᠦᠷᠢᠶᠡᠯᠡᠩ᠎ᠤᠨ ᠶᠡᠷᠦᠩᠬᠡᠶ ᠦᠢ᠍ᠯᠡᠳᠬᠦᠨ᠎ᠤ ᠥᠷᠲᠡᠭ 73 ᠳ᠋ᠦᠩᠰᠢᠭᠤᠷ ᠲᠥᠭᠦᠷᠢᠭ᠎ᠲᠤ ᠬᠦᠷᠴᠦ᠂ ᠲᠠᠷᠢᠶᠠᠴᠢᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 2.5 ᠲᠦᠮᠡᠨ ᠲᠥᠭᠦᠷᠢᠭ᠎ᠲᠤ ᠬᠦᠷᠴᠦ᠂ ᠵᠠᠯᠠᠶ᠋ᠢᠳ ᠬᠤᠰᠢᠭᠤᠨ᠎ᠤ ᠮᠠᠯᠴᠢᠨ ᠲᠠᠷᠢᠶᠠᠴᠢᠨ᠎ᠤ ᠳᠤᠮᠳᠠᠴᠢ ᠬᠢᠷᠢ ᠲᠦᠪᠰᠢᠨ᠎ᠤ 2 ᠳᠠᠬᠢᠨ᠎ᠠᠴᠠ ᠳᠡᠭᠡᠭᠰᠢ ᠪᠠᠶ᠋ᠢᠵᠤ᠂ ᠭᠤᠤᠯᠯᠠᠬᠤ ᠠᠵᠤ ᠦᠢ᠍ᠯᠡᠰ᠎ᠤᠨ 《ᠦᠢ᠍ᠯᠡᠳᠪᠦᠷᠢᠯᠡᠬᠦ + ᠪᠣᠯᠪᠠᠰᠤᠷᠠᠭᠤᠯᠬᠤ + ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ》᠎ᠳᠤ ᠲᠦᠰᠢᠭᠯᠡᠨ᠂ 《ᠬᠢᠩᠭ᠋ᠠᠨ ᠠᠶ᠋ᠢᠮᠠᠭ᠎ᠤᠨ ᠲᠤᠲᠤᠷᠭ᠎ᠠ》 ᠵᠢᠨ ᠪᠥᠬᠦ ᠶᠠᠪᠤᠴᠠ ᠵᠢᠨ ᠶᠠᠰᠤ ᠴᠢᠨᠠᠷ᠎ᠢ ᠮᠥᠷᠳᠡᠬᠦ ᠵᠢ ᠪᠡᠶᠡᠯᠡᠭᠦᠯᠬᠦ ᠵᠢᠨ ᠬᠠᠮᠲᠤ ᠵᠢᠭᠤᠯᠴᠢᠯᠠᠯ᠂ ᠰᠤᠳᠤᠯᠤᠨ ᠰᠤᠷᠤᠯᠴᠠᠬᠤ ᠰᠢᠨ᠎ᠡ 《ᠰᠦᠯᠵᠢᠶᠡᠨ᠎ᠤ ᠲᠡᠮᠲᠡᠭᠯᠡᠬᠦ ᠭᠠᠵᠠᠷ》 ᠪᠣᠯᠤᠭᠰᠠᠨ ᠪᠠᠶ᠋ᠢᠨ᠎ᠠ᠃ ᠡᠭᠦᠨ᠎ᠤ ᠬᠠᠮᠲᠤ 《ᠨᠠᠳᠠᠳᠤ ᠨᠢᠭᠡ ᠮᠦ᠍ ᠲᠠᠷᠢᠶ᠎ᠠ᠎ᠲᠠᠢ》᠂ 《ᠲᠤᠲᠤᠷᠭ᠎ᠠ ᠵᠢᠨ ᠣᠭᠲᠠᠷᠭᠤᠢ》᠂ 《ᠲᠤᠳᠤᠷᠭ᠋ᠠᠨ ᠲᠠᠷᠢᠶᠠᠨ᠎ᠤ ᠵᠢᠭ᠋ᠠᠰᠤ》᠂ 《ᠲᠤᠳᠤᠷᠭ᠋ᠠᠨ ᠲᠠᠷᠢᠶᠠᠨ᠎ᠤ ᠨᠤᠭᠤᠰᠤ》 ᠵᠡᠷᠭᠡ ᠡᠵᠡᠩᠨᠡᠨ ᠪᠣᠷᠣᠯᠠᠭᠤᠯᠬᠤ ᠰᠢᠨ᠎ᠡ ᠬᠡᠪ ᠵᠠᠭᠪᠤᠷ᠎ᠢ ᠬᠡᠷᠡᠭᠵᠢᠭᠦᠯᠵᠦ᠂ ᠠᠵᠤ ᠦᠢ᠍ᠯᠡᠰ᠎ᠤᠨ ᠠᠵᠤ ᠠᠬᠤᠶ ᠵᠢᠨ ᠦᠷ᠎ᠡ ᠠᠰᠢᠭ ᠪᠠ ᠨᠡᠶ᠋ᠢᠭᠡᠮ᠎ᠤᠨ ᠦᠷ᠎ᠡ ᠠᠰᠢᠭ᠎ᠢ ᠲᠠᠰᠤᠷᠠᠯᠲᠠ ᠦᠭᠡᠢ ᠨᠡᠮᠡᠭᠳᠡᠭᠦᠯᠪᠡ᠃ 2023 ᠣᠨ᠎ᠳᠤ ᠲᠣᠰ ᠬᠦᠷᠢᠶᠡᠯᠡᠩ ᠲᠣᠭᠤᠷᠢᠭ᠎ᠲᠤ 《ᠬᠢᠩᠭ᠋ᠠᠨ ᠠᠶ᠋ᠢᠮᠠᠭ᠎ᠤᠨ ᠲᠤᠲᠤᠷᠭ᠎ᠠ》 ᠵᠢᠨ ᠤᠯᠤᠰ᠎ᠤᠨ ᠭᠠᠵᠠᠷ ᠵᠦᠶ ᠵᠢᠨ ᠪᠡᠯᠭᠡ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠣᠷᠣᠨ᠎ᠢ ᠪᠤᠶ᠋ᠢᠵᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠦᠢ᠍ᠯᠡᠳᠬᠦᠨ᠎ᠤ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ᠂ ᠶᠠᠰᠤ ᠴᠢᠨᠠᠷ᠎ᠢ ᠮᠥᠷᠳᠡᠬᠦ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃


3.png


     ᠬᠢᠩᠭ᠋ᠠᠨ ᠠᠢ᠌ᠮᠠᠭ᠎ᠤᠨ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶ᠎ᠠ ᠰᠠᠨᠠᠭ᠋ᠠᠴᠢᠯᠠᠭ᠎ᠠ᠎ᠠᠴᠠ᠎ᠪᠠᠨ 《ᠬᠢᠩᠭ᠋ᠠᠨ ᠠᠢ᠌ᠮᠠᠭ᠎ᠤᠨ ᠲᠤᠲᠤᠷᠭ᠎ᠠ》 ᠵᠢᠨ ᠡᠷᠬᠡ ᠵᠢ ᠣᠯᠣᠭᠰᠠᠨ ᠠᠵᠤ  ᠠᠬᠤᠢ᠌ᠯᠠᠯ᠎ᠳᠤ 《ᠥᠮᠴᠢᠯᠡᠯ᠎ᠤᠨ ᠡᠷᠬᠡ》 ᠵᠢ 《ᠡᠳ᠋ ᠬᠥᠷᠥᠩᠭᠡ》 ᠪᠣᠯᠭ᠋ᠠᠨ ᠰᠣᠯᠢᠬᠤ ᠬᠥᠭᠥᠷᠭᠡ ᠵᠢ ᠪᠠᠢ᠌ᠭᠤᠯᠪᠠ᠃ ᠯᠦᠩ ᠳ᠋ᠢᠩ ᠠᠮᠤ ᠪᠤᠳᠠᠭ᠋ᠠᠨ᠎ᠤ ᠦᠢ᠍ᠯᠡᠰ 3 ᠵᠢᠯ ᠳᠠᠷᠠᠭ᠋ᠠᠯᠠᠨ ᠲᠤᠰᠬᠠᠢ ᠠᠰᠢᠭ ᠵᠶ᠋ᠠᠷ ᠳᠠᠨᠵᠢᠯᠠᠵᠤ ᠪᠡᠯᠡ ᠮᠥᠩᠭᠦ 6600 ᠲᠦᠮᠡᠨ ᠲᠥᠭᠦᠷᠢᠭ ᠣᠯᠵᠤ᠂ ᠴᠤᠤᠯ ᠭᠤᠣᠯ ᠮᠥᠩᠭᠦᠨ ᠰᠤᠪᠤᠳ ᠠᠮᠤ ᠵᠢᠨ ᠦᠢ᠍ᠯᠡᠰ 300 ᠲᠦᠮᠡᠨ ᠲᠥᠭᠦᠷᠢᠭ᠎ᠤᠨ 《ᠥᠪᠥᠷ ᠮᠣᠩᠭᠤᠯ》 ᠦᠰᠦᠭ ᠵᠶ᠋ᠠᠷ ᠳᠠᠨᠵᠢᠯᠠᠵᠤ ᠪᠡᠯᠡ ᠮᠥᠩᠭᠦ ᠴᠤᠭᠯᠠᠭᠤᠯᠪᠠ᠃ ᠯᠢᠩ ᠨᠠᠨ᠎ᠤ ᠰᠢᠶᠠᠩ ᠮᠢ ᠦᠢ᠍ᠯᠡᠰ ᠲᠤᠰᠬᠠᠢ ᠠᠰᠢᠭ᠎ᠤᠨ ᠪᠠᠷᠢᠴᠠᠭ᠋ᠠᠨ᠎ᠤ ᠪᠡᠯᠡ ᠮᠥᠩᠭᠥ 100 ᠲᠦᠮᠡᠨ ᠲᠥᠭᠥᠷᠢᠭ ᠣᠯᠵᠠᠢ᠃ ᠠᠶ᠋ᠢᠮᠠᠭ᠎ᠤᠨ ᠨᠠᠮ᠎ᠤᠨ ᠬᠤᠷᠢᠶ᠎ᠠ᠂ ᠵᠠᠬᠢᠷᠭ᠎ᠠ ᠵᠢᠨ ᠳᠡᠭᠡᠳᠦ ᠬᠡᠮᠵᠢᠶᠡᠨ᠎ᠤ ᠴᠢᠬᠤᠯᠠᠴᠢᠯᠠᠯ ᠪᠠ ᠬᠦᠴᠦᠲᠡᠶ ᠠᠬᠢᠭᠤᠯᠤᠯ ᠳᠣᠣᠷ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠲᠦᠷᠦᠭᠦᠯᠡᠨ 《ᠬᠢᠩᠭ᠋ᠠᠨ ᠠᠶ᠋ᠢᠮᠠᠭ᠎ᠤᠨ ᠲᠤᠲᠤᠷᠭ᠎ᠠ》 ᠤᠯᠤᠰ᠎ᠤᠨ ᠭᠠᠵᠠᠷ ᠵᠦᠶ ᠵᠢᠨ ᠪᠡᠯᠭᠡ ᠲᠡᠮᠳᠡᠭ᠎ᠤᠨ ᠪᠦᠲᠦᠭᠡᠭᠳᠡᠬᠦᠨ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠣᠷᠣᠨ᠎ᠢ ᠪᠤᠶ᠋ᠢᠵᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠭᠠᠵᠠᠷ ᠵᠦᠶ ᠵᠢᠨ ᠪᠡᠯᠭᠡ ᠲᠡᠮᠳᠡᠭ ᠵᠶ᠋ᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠥᠷᠨᠢᠭᠦᠯᠵᠦ᠂ 36 ᠠᠵᠤ ᠠᠬᠤᠶ᠋ᠢᠯᠠᠯ᠎ᠳᠤ ᠡᠷᠬᠡ ᠣᠯᠭᠤᠭᠰᠠᠨ 《ᠭᠠᠵᠠᠷ ᠵᠦᠶ ᠵᠢᠨ ᠪᠡᠯᠭᠡ ᠲᠡᠮᠳᠡᠭ + ᠠᠵᠤ ᠠᠬᠤᠶ᠋ᠢᠯᠠᠯ᠎ᠤᠨ ᠰᠠᠭᠤᠷᠢᠨ ᠭᠠᠵᠠᠷ + ᠲᠠᠷᠢᠶᠠᠴᠢᠨ ᠡᠷᠦᠬᠡ》 ᠵᠡᠷᠭᠡ ᠣᠯᠠᠨ ᠵᠦᠢ᠍ᠯ᠎ᠤᠨ ᠬᠡᠯᠪᠡᠷᠢ ᠵᠢᠨ ᠠᠰᠢᠭ ᠲᠤᠰᠠ ᠵᠢᠨ ᠬᠤᠯᠪᠣᠭ᠋ᠠᠨ᠎ᠤ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ ᠴᠢᠨᠠᠷ ᠰᠠᠶ᠋ᠢᠲᠠᠶ ᠪᠠᠷᠢᠮᠵᠢᠶ᠎ᠠ ᠵᠢᠨ ᠲᠣᠭᠲᠠᠯᠴᠠᠭ᠎ᠠ᠂ ᠪᠦᠲᠦᠭᠡᠭᠳᠡᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠ ᠶᠠᠰᠤ ᠴᠢᠨᠠᠷ᠎ᠢ ᠮᠥᠷᠳᠡᠬᠦ ᠲᠣᠭᠲᠠᠯᠴᠠᠭ᠎ᠠ ᠵᠢ ᠪᠦᠬᠦ ᠬᠦᠴᠦᠨ ᠵᠶ᠋ᠠᠷ ᠪᠠᠶ᠋ᠢᠭᠤᠯᠵᠤ᠂ 15 ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ ᠵᠢᠨ ᠬᠠᠮᠲᠤ 《ᠵᠢᠭᠤᠯᠴᠢᠯᠠᠯ + ᠤᠰᠤᠨ ᠲᠤᠲᠤᠷᠭ᠎ᠠ ᠵᠢᠨ ᠠᠵᠤ ᠦᠢ᠍ᠯᠡᠰ》᠎ᠤᠨ ᠡᠵᠡᠩᠨᠡᠯᠲᠡ ᠵᠢᠨ ᠬᠡᠪ ᠵᠠᠭᠪᠤᠷ᠎ᠢ ᠳᠡᠯᠭᠡᠷᠡᠭᠦᠯᠵᠦ᠂ ᠭᠠᠵᠠᠷ ᠵᠦᠶ ᠵᠢᠨ ᠪᠡᠯᠭᠡ ᠲᠡᠮᠳᠡᠭ᠎ᠤᠨ ᠲᠥᠷᠥᠯ ᠲᠡᠮᠳᠡᠭᠲᠦ ᠵᠢᠨ ᠥᠷᠲᠡᠭ᠎ᠤᠨ ᠳᠡᠭᠡᠭᠰᠢᠯᠡᠯᠲᠡ᠎ᠳᠤ ᠰᠠᠭᠤᠷᠢ ᠲᠠᠯᠪᠢᠵᠤ ᠥᠭᠴᠡᠶ᠃ ᠬᠣᠯᠪᠣᠭᠳᠠᠯ ᠪᠦᠬᠦᠢ ᠠᠵᠤ ᠠᠬᠤᠶ᠋ᠢᠯᠠᠯ ᠨᠡᠶ᠋ᠢᠲᠡ 7000 ᠭᠠᠷᠤᠢ ᠲᠦᠮᠡᠨ ᠲᠥᠭᠦᠷᠢᠭ᠎ᠤᠨ ᠳᠠᠨᠵᠢᠯᠠᠭ᠎ᠠ᠎ᠲᠠᠢ ᠪᠡᠯᠡ ᠮᠥᠩᠭᠦ ᠣᠯᠵᠠᠢ᠃ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠵᠢᠱ᠌ᠢᠵᠦ ᠪᠤᠳᠤᠭᠰᠠᠨ ᠵᠶ᠋ᠠᠷ᠂ 《ᠬᠢᠩᠭ᠋ᠠᠨ ᠠᠶ᠋ᠢᠮᠠᠭ᠎ᠤᠨ ᠲᠤᠲᠤᠷᠭ᠎ᠠ》 ᠵᠢᠨ ᠨᠠᠷᠠᠲᠤ ᠲᠡᠮᠳᠡᠭᠲᠦ ᠵᠢᠨ ᠥᠷᠲᠡᠭ᠎ᠨᠢ ᠨᠢᠭᠡᠨᠲᠡ 262.87 ᠳ᠋ᠦᠩᠰᠢᠭᠤᠷ ᠲᠥᠭᠦᠷᠢᠭ᠎ᠲᠤ ᠬᠦᠷᠴᠦ᠂ ᠲᠡᠤᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃

 

ᠢᠷᠡᠯᠲᠡ᠄ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠡᠷᠡᠭᠯᠡᠯᠲᠡ ᠵᠢ ᠠᠬᠢᠭᠤᠯᠬᠤ ᠭᠠᠵᠠᠷ