ᠴᠤᠤᠷᠬᠠᠯ ᠨᠢᠴᠤᠭ᠋ᠠᠯᠲᠠ — ᠬᠤ᠌ ᠯᠤᠤᠪᠠᠩ ᠢᠯᠡᠭᠦᠦ ᠢᠳᠡᠪᠡᠯ ᠣᠶ᠋ᠢᠷ᠎ᠠ ᠬᠠᠷᠠᠭ᠎ᠠ ᠵᠢ ᠵᠠᠰᠠᠵᠤ ᠳᠡᠶ᠋ᠢᠯᠦᠨ᠎ᠡ ᠦᠦ?
2025-01-15

     ᠰᠢᠨᠵᠢᠯᠡᠬᠦ ᠤᠬᠠᠭ᠋ᠠᠨᠴᠢ ᠴᠤᠤᠷᠬᠠᠯ ᠨᠢᠴᠤᠭ᠋ᠠᠬᠤ  ᠴᠠᠭ ᠶᠠᠭ ᠶᠠᠪᠤᠭᠳᠠᠵᠤ ᠪᠠᠢ᠌ᠨ᠎ᠠ

     ᠡᠢ᠌ᠮᠦᠷᠬᠦᠦ  ᠬᠡᠯᠡᠯᠭᠡ᠎ᠨᠢ ᠰᠢᠨᠵᠢᠯᠡᠬᠦ ᠤᠬᠠᠭ᠋ᠠᠨᠴᠢ ᠪᠠᠷᠢᠮᠲᠠ ᠦᠭᠡᠢ᠃ ᠣᠢ᠌ᠷ᠎ᠠ ᠬᠠᠷᠠᠭ᠎ᠠ ᠪᠣᠯ ᠴᠡᠴᠡᠭᠡᠢ ᠵᠢᠨ  ᠭᠡᠷᠡᠯ᠎ᠤᠨ ᠨᠤᠭᠤᠷᠠᠯᠲᠠ ᠵᠢᠨ  ᠠᠰᠠᠭᠤᠳᠠᠯ᠎ᠠᠴᠠ ᠪᠣᠢ ᠪᠣᠯᠣᠭᠰᠠᠨ ᠬᠠᠷᠠᠭ᠋ᠠᠨ᠎ᠤ ᠰᠠᠭ᠋ᠠᠳ ᠪᠠᠢ᠌ᠵᠤ ᠂ ᠭᠣᠣᠯ᠎ᠨᠢ ᠨᠢᠳᠦᠨ᠎ᠤ ᠲᠡᠩᠭᠡᠯᠢᠭ᠎ᠤᠨ ᠤᠷᠲᠤ ᠵᠢᠨ ᠨᠡᠮᠡᠭᠳᠡᠯ ᠪᠤᠶᠤ ᠡᠪᠡᠷᠯᠢᠭ ᠪᠦᠷᠬᠦᠪᠴᠢ ᠵᠢᠨ ᠮᠣᠷᠤᠢ᠌ᠯᠲᠠ ᠵᠢᠨ  ᠬᠡᠮᠵᠢᠶ᠎ᠡ᠎ᠨᠢ ᠬᠡᠲᠦᠷᠡᠭᠰᠡᠨ᠎ᠠᠴᠠ  ᠭᠡᠷᠡᠯ᠎ᠤᠨ ᠱᠤᠭᠤᠮ  ᠨᠢᠳᠦᠨ᠎ᠤ ᠲᠣᠣᠷᠯᠢᠭ ᠪᠦᠷᠬᠦᠪᠴᠢ ᠵᠢᠨ ᠡᠮᠦᠨ᠎ᠡ ᠲᠥᠪᠯᠡᠷᠡᠭᠰᠡᠨ  ᠠᠰᠠᠭᠤᠳᠠᠯ ᠪᠣᠯᠣᠨ᠎ᠠ ᠂ ᠡᠨᠡ᠎ᠨᠢ ᠤᠳᠤᠮᠯᠠᠯ᠎ᠤᠨ ᠬᠦᠴᠦᠨ ᠵᠦᠢ᠍ᠯ᠂ ᠨᠢᠳᠦ ᠬᠡᠷᠡᠭᠯᠡᠬᠦ ᠳᠠᠳᠬᠠᠯ ᠵᠢᠴᠢ ᠣᠷᠴᠢᠨ ᠲᠣᠭᠣᠷᠢᠨ᠎ᠤ ᠬᠦᠴᠦᠨ ᠵᠦᠢ᠍ᠯ᠎ᠲᠠᠢ ᠬᠣᠯᠪᠣᠭ᠎ᠠ᠎ᠲᠠᠢ ᠪᠠᠢ᠌ᠳᠠᠭ᠃

     ᠬᠤ᠌  ᠯᠤᠤᠪᠠᠩ᠎ᠳᠤ  ᠬᠤ᠌  ᠯᠤᠤᠪᠠᠩ᠎ᠤᠨ ᠡᠳ᠋ ᠪᠠᠶᠠᠯᠢᠭ ᠠᠭᠤᠯᠤᠭᠳᠠᠳᠠᠭ  ᠪᠥᠭᠡᠳ ᠡᠢ᠌ᠮᠦᠷᠬᠦᠦ ᠪᠣᠳᠠᠰ᠎ᠨᠢ ᠬᠦᠮᠦᠨ᠎ᠤ ᠪᠡᠶ᠎ᠡ᠎ᠳᠤ ᠸᠢᠲ᠋ᠠᠮᠢᠨa ᠪᠣᠯᠵᠤ  ᠬᠤᠪᠢᠷᠠᠳᠠᠭ᠃ ᠸᠢᠲ᠋ᠠᠮᠢᠨa᠎ᠨᠢ ᠰᠤᠯᠠ ᠭᠡᠷᠡᠯ ᠳᠣᠣᠷᠠᠬᠢ  ᠬᠠᠷᠠᠭ᠎ᠠ ᠵᠢ  ᠬᠡᠪ᠎ᠤᠨ  ᠪᠠᠶ᠋ᠢᠯᠭ᠋ᠠᠬᠤ ᠪᠠ  ᠰᠥᠨᠢ ᠵᠢᠨ ᠬᠠᠷᠠᠩ᠎ᠢ  ᠰᠠᠶ᠋ᠢᠵᠢᠷᠠᠭᠤᠯᠬᠤ᠎ᠳᠤ ᠵᠣᠬᠢᠬᠤ ᠲᠤᠰᠠᠲᠠᠢ ᠪᠣᠯᠪᠠᠴᠤ ᠨᠢᠳᠦᠨ᠎ᠤ ᠴᠡᠴᠡᠭᠡᠢ ᠵᠢ  ᠰᠠᠶ᠋ᠢᠵᠢᠷᠠᠭᠤᠯᠵᠤ ᠴᠢᠳᠠᠬᠤ ᠦᠭᠡᠢ ᠲᠤᠯᠠ ᠳᠠᠭ᠋ᠠᠯᠳᠤᠭ᠋ᠠᠳ  ᠣᠶ᠋ᠢᠷ᠎ᠠ ᠬᠠᠷᠠᠭ᠎ᠠ ᠵᠢ ᠪᠠᠰᠠ ᠵᠠᠰᠠᠵᠤ ᠳᠡᠢ᠌ᠯᠬᠦ ᠦᠭᠡᠢ ᠪᠠᠢ᠌ᠳᠠᠭ ᠃  ᠣᠶ᠋ᠢᠷ᠎ᠠ ᠬᠠᠷᠠᠭ᠎ᠠ ᠵᠢ  ᠶᠡᠷᠦ᠎ᠳᠤ᠎ᠪᠠᠨ ᠨᠢᠳᠦᠨ ᠰᠢᠯ ᠵᠡᠭᠦᠬᠦ᠂ ᠳᠠᠯᠳᠠ ᠨᠢᠳᠦᠨ ᠰᠢᠯ ᠪᠤᠶᠤ ᠮᠡᠰᠡ ᠵᠠᠰᠠᠯ ᠬᠢᠬᠦ ᠵᠡᠷᠭᠡ ᠠᠷᠭ᠎ᠠ᠎ᠪᠠᠷ ᠵᠠᠯᠠᠷᠠᠭᠤᠯᠳᠠᠭ᠃

     ᠬᠠᠷᠠᠭ᠎ᠠ᠎ᠪᠠᠨ ᠬᠠᠮᠠᠭ᠋ᠠᠯᠠᠬᠤ ᠵᠢᠨ ᠵᠠᠩᠭᠢᠯᠠᠭ᠎ᠠ᠎ᠨᠢ ᠨᠢᠳᠦ᠎ᠪᠠᠨ  ᠬᠡᠷᠡᠭᠯᠡᠬᠦ ᠰᠠᠶ᠋ᠢᠨ ᠳᠠᠳᠬᠠᠯ᠎ᠲᠠᠢ ᠪᠣᠯᠬᠤ ᠂ ᠡᠷᠡᠭᠦᠯ ᠮᠡᠨᠳᠦ ᠢᠳᠡᠭᠡᠨ  ᠤᠮᠳᠠᠭ᠋ᠠᠨ᠎ᠤ ᠪᠦᠲᠦᠴᠡ ᠵᠢ ᠪᠠᠲᠤᠯᠠᠬᠤ ᠵᠢᠴᠢ  ᠲᠣᠭᠲᠠᠭᠰᠠᠨ ᠬᠤᠭᠤᠴᠠᠭ᠎ᠠ᠎ᠲᠠᠢ᠎ᠪᠠᠷ ᠬᠠᠷᠠᠭ᠋ᠠᠨ᠎ᠤ ᠪᠠᠶ᠋ᠢᠴᠠᠭ᠋ᠠᠯᠲᠠ ᠬᠢᠬᠦ᠎ᠳᠤ ᠣᠷᠤᠰᠢᠨ᠎ᠠ ᠃ ᠨᠢᠭᠡᠨᠲᠡ ᠣᠶ᠋ᠢᠷ᠎ᠠ ᠬᠠᠷᠠᠭ᠎ᠠ᠎ᠲᠠᠢ ᠪᠣᠯᠣᠭᠰᠠᠨ ᠬᠥᠮᠥᠨ  ᠰᠢᠨᠵᠢᠯᠡᠬᠦ ᠤᠬᠠᠭ᠋ᠠᠨᠴᠢ ᠠᠷᠭ᠎ᠠ ᠮᠠᠶᠢᠭ ᠵᠶ᠋ᠠᠷ (ᠵᠢᠱ᠌ᠢᠶᠡᠯᠡᠪᠡᠯ ᠨᠢᠳᠦᠨ ᠰᠢᠯ ᠵᠡᠭᠦᠬᠦ ᠪᠤᠶᠤ ᠮᠡᠰᠡ ᠵᠠᠰᠠᠯ ᠬᠢᠬᠦ ) ᠳᠠᠮᠵᠢᠭᠤᠯᠤᠨ ᠵᠠᠯᠠᠷᠠᠭᠤᠯᠬᠤ᠎ᠠᠴᠠ ᠪᠢᠰᠢ᠂ ᠵᠥᠪᠬᠡᠨ ᠢᠳᠡᠭᠡᠨ᠎ᠳᠤ ᠲᠦᠰᠢᠭᠯᠡᠭᠡᠳ ᠪᠣᠯᠬᠤ ᠦᠭᠡᠢ ᠪᠠᠢ᠌ᠳᠠᠭ ᠃

     ᠵᠣᠬᠢᠶᠠᠭᠴᠢ᠄  ᠰᠢᠨᠵᠢᠯᠡᠬᠦ ᠤᠬᠠᠭ᠋ᠠᠨᠴᠢ ᠴᠤᠤᠷᠬᠠᠯ ᠨᠢᠴᠤᠭ᠋ᠠᠯᠲᠠ ᠰᠢᠨ᠎ᠡ ᠵᠠᠭᠤᠴᠢᠯᠠᠭᠤᠷ

     ᠬᠢᠨᠠᠨ  ᠬᠠᠷᠭᠤᠭᠤᠯᠤᠭᠴᠢ ᠄ ᠯᠢᠦ ᠭᠠᠩ

     ᠱᠠᠨᠳᠦ᠋ᠩ ᠶᠡᠭᠡ ᠰᠤᠷᠭ᠋ᠠᠭᠤᠯᠢ ᠵᠢᠨ ᠴᠢ ᠯᠤ᠌ ᠡᠮᠨᠡᠯᠬᠡ ᠵᠢᠨ ᠬᠤᠷᠢᠶᠠᠨ᠎ᠤ ᠴᠢᠩᠳᠤᠤ᠎ᠳᠠᠬᠢ  ᠬᠤᠷᠢᠶᠠᠨ᠎ᠤ ᠲᠡᠳ᠋ ᠡᠷᠬᠢᠯᠡᠭᠴᠢ ᠡᠮᠴᠢ

 

ᠢᠷᠡᠯᠲᠡ᠄ ᠰᠢᠨᠵᠢᠯᠡᠬᠦ ᠤᠬᠠᠭ᠋ᠠᠨᠴᠢ ᠴᠤᠤᠷᠬᠠᠯ ᠨᠢᠴᠤᠭ᠋ᠠᠯᠲᠠ