︽ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2020/10/16

                          ᠦᠪᠦᠷ ᠵᠠᠰᠠᠭ ᠲᠠᠷᠬᠠᠭᠠᠨᠨᠰᠠᠨ〔2020〕16 ᠳ᠋ᠤᠭᠠᠷ ᠲᠤᠭᠠᠳᠤ


ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄


     ᠡᠳᠦᠭᠡ ︽ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃


                            2020 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ


                                  ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶



                 ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ
                 ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ

                             
                                 ︵ᠲᠤᠷᠰᠢᠨ ᠬᠡᠷᠡᠭᠵᠢᠭᠦᠯᠦᠨ᠎ᠡ︶


                             ᠨᠢᠭᠡᠳᠦᠭᠡᠷ ᠪᠦᠯᠦᠭ   ᠶᠡᠷᠦᠩᠬᠡᠶ ᠲᠦᠷᠢᠮ

     ᠨᠢᠬᠡᠳᠦᠬᠡᠷ ᠵᠦᠢᠯ【 ᠵᠤᠷᠢᠵᠦ ᠬᠢᠭᠰᠡᠨ ᠦᠨᠳᠦᠰᠦᠯᠡᠯ 】ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠡᠬᠢ ᠰᠤᠷᠪᠤᠯᠵᠢ ᠶᠢ ᠨᠢᠭᠡᠳᠦᠯᠲᠡᠶ ᠲᠤᠬᠢᠷᠠᠭᠤᠯᠬᠤ ᠪᠠ ᠬᠠᠮᠢᠶᠠᠷᠬᠤ ᠪᠠᠨ ᠴᠢᠩᠭᠠᠳᠬᠠᠵᠦ᠂ ᠤᠰᠤᠨ ᠤ ᠡᠬᠢ ᠰᠤᠷᠪᠤᠯᠵᠢ ᠶᠢ ᠵᠣᠬᠢᠰᠲᠠᠶ ᠲᠣᠬᠢᠷᠠᠭᠤᠯᠬᠤ ᠪᠠ ᠪᠦᠲᠦᠮᠵᠢᠲᠡᠶ ᠬᠠᠮᠠᠭᠠᠯᠠᠨ᠂ ᠤᠰᠤᠨ ᠤ ᠠᠮᠢ ᠠᠬᠤᠢ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠩ ᠲᠠᠢ ᠲᠡᠮᠡᠴᠡᠬᠦ ᠳᠦᠷᠢᠮ︾ ᠪᠠ ᠤᠰᠤᠨ ᠠᠰᠢᠭᠯᠠᠯᠲᠠ ᠶᠢᠨ ᠶᠠᠮᠤᠨ ᠤ ︽ᠤᠰᠤᠨ ᠤ ᠬᠡᠮᠵᠢᠶ᠎ᠡ ᠶᠢ ᠬᠤᠪᠢᠶᠠᠷᠢᠯᠠᠬᠠᠤ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ【ᠲᠤᠬᠢᠷᠠᠭᠤᠯᠤᠨ ᠬᠡᠷᠡᠭᠯᠡᠬᠦ ᠬᠡᠪᠴᠢᠶ᠎ᠡ】ᠲᠣᠰ ᠠᠷᠭ᠎ᠠ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠭᠤᠤᠯ ᠪᠠ ᠰᠠᠯᠪᠤᠷᠢ ᠤᠷᠤᠰᠬᠠᠯ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠪᠠ ᠬᠠᠮᠢᠶᠠᠷᠬᠤ ᠳᠤ ᠬᠡᠷᠡᠭᠯᠡᠭᠳᠡᠨ᠎ᠠ᠃
     ᠭᠤᠷᠪᠠᠳᠤᠭᠠᠷ ᠵᠦᠢᠯ【ᠲᠤᠬᠢᠷᠠᠭᠤᠯᠬᠤ ᠵᠠᠷᠴᠢᠮ 】ᠥᠪᠥᠷ ᠮᠣᠩᠭᠤᠯ ᠤᠨ ᠪᠠᠷᠠᠭᠤᠨ ᠯᠢᠶᠤᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠣᠬᠢᠷᠠᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠤᠰᠤᠨ ᠤ ᠬᠡᠮᠵᠢᠶ᠎ᠡ ᠶᠢ ᠦᠵᠡᠵᠦ ᠲᠤᠬᠢᠷᠠᠭᠤᠯᠬᠤ᠂ ᠴᠢᠬᠤᠯᠠ ᠣᠭᠲᠣᠯᠤᠭᠠᠰᠤ ᠶᠢᠨ ᠤᠰᠤᠨ ᠤ ᠬᠡᠮᠵᠢᠶ᠎ᠡ ᠶᠢ ᠬᠢᠵᠠᠭᠠᠷᠯᠠᠬᠤ᠂ ᠱᠠᠲᠤ ᠬᠤᠪᠢᠶᠠᠨ ᠬᠠᠮᠢᠶᠠᠷᠬᠤ ᠪᠠ ᠱᠠᠲᠤ ᠬᠤᠪᠢᠶᠠᠨ ᠬᠠᠷᠢᠭᠤᠴᠠᠬᠤ ᠵᠠᠷᠴᠢᠮ ᠢ ᠵᠢᠷᠤᠮᠯᠠᠬᠤ ᠬᠡᠷᠡᠭᠲᠡᠶ᠃
     ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠯᠢᠶᠣᠤ ᠾᠧ ᠭᠤᠤᠯ ᠤᠨ ᠭᠤᠤᠯ ᠤᠷᠤᠰᠬᠠᠯ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠱᠠᠭᠠᠷᠳᠠᠯᠭ᠎ᠠ ᠶᠢ ᠵᠢᠷᠤᠮᠯᠠᠨ ᠳᠠᠭᠠᠵᠤ᠂ ᠰᠠᠪᠠ ᠭᠠᠵᠠᠷ ᠲᠠᠬᠢ ᠤᠰᠤᠨ ᠴᠥᠭᠦᠷᠥᠮ᠂ ᠤᠰᠤᠨ ᠠᠰᠢᠭᠯᠠᠯᠲᠠ ᠶᠢᠨ ᠭᠦᠢᠰᠦ ᠵᠢᠴᠢ ᠤᠰᠤᠨ ᠴᠠᠬᠢᠯᠭᠠᠨ ᠤ ᠦᠷᠳᠡᠭᠡ ᠶᠢᠨ ᠴᠠᠬᠢᠯᠭᠠᠨ ᠭᠠᠷᠭᠠᠬᠤ ᠳᠤ ᠬᠡᠷᠡᠭᠯᠡᠬᠦ ᠤᠰᠤ ᠵᠢᠴᠢ  ᠲᠡᠭᠦᠨ ᠢ ᠲᠤᠬᠢᠷᠠᠭᠤᠯᠤᠨ ᠬᠡᠷᠡᠭᠯᠡᠬᠦ ᠳᠤ ᠪᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ᠂ ᠦᠶᠡᠷ ᠢ ᠰᠡᠷᠭᠡᠶᠢᠯᠡᠬᠦ ᠳᠤ ᠲᠤᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠲᠠᠯ᠎ᠠ ᠶᠢᠨ ᠲᠤᠬᠢᠷᠠᠭᠤᠯᠵᠦ ᠬᠠᠮᠢᠶᠠᠷᠬᠤ ᠱᠠᠭᠠᠷᠳᠠᠯᠭ᠎ᠠ ᠶᠢ  ᠵᠢᠷᠤᠮᠯᠠᠨ ᠳᠠᠭᠠᠬᠤ ᠬᠡᠷᠡᠭᠲᠡᠶ᠃
     ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ ᠬᠡᠷᠡᠭᠵᠢᠬᠦᠯᠬᠦ ᠳᠤ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠬᠠᠩᠭᠠᠵᠤ᠂ ᠭᠤᠣᠯ ᠤᠨ ᠵᠠᠮ ᠤᠨ ᠠᠮᠢ ᠠᠬᠤᠢ ᠳᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠵᠦ᠂ ᠲᠠᠷᠢᠶᠠᠯᠠᠩ᠂ ᠠᠵᠤ ᠦᠢᠯᠡᠳᠪᠦᠷᠢ ᠳᠤ ᠬᠡᠷᠡᠭᠯᠡᠬᠦ ᠤᠰᠤ ᠶᠢ ᠵᠣᠬᠢᠰᠲᠠᠶ ᠲᠤᠬᠢᠷᠠᠭᠤᠯᠤᠨ᠂ ᠴᠠᠬᠢᠯᠭᠠᠨ ᠭᠠᠷᠭᠠᠬᠤ ᠶᠢ ᠬᠠᠮᠲᠤ ᠳᠤ ᠨᠢ ᠬᠠᠷᠠᠭᠠᠯᠵᠠᠬᠤ ᠬᠡᠷᠡᠭᠳᠡᠢ᠃
     ᠳᠥᠷᠪᠡᠳᠦᠭᠡᠷ ᠵᠦᠢᠯ【ᠬᠠᠷᠢᠭᠤᠴᠠᠯᠭ᠎ᠠ ᠶᠢᠨ ᠲᠦᠷᠢᠮ】ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠳᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠪᠠ ᠬᠠᠮᠢᠶ᠎ᠠ ᠪᠥᠬᠦᠶ ᠬᠡᠷᠡᠭᠵᠢᠭᠦᠯᠬᠦ ᠰᠠᠯᠠᠭ᠎ᠠ ᠮᠥᠴᠢᠷ᠂  ᠨᠢᠬᠡᠴᠢ ᠶᠢᠨ ᠭᠤᠤᠯ ᠤᠳᠤᠷᠢᠳᠤᠯᠭ᠎ᠠ ᠬᠠᠷᠢᠭᠤᠴᠠᠬᠤ ᠲᠦᠷᠢᠮ ᠢ ᠬᠡᠷᠡᠭᠵᠢᠬᠦᠯᠬᠦ ᠬᠡᠷᠡᠭᠳᠡᠢ᠃
     ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠪᠠ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠵᠢᠴᠢ ᠤᠰᠤᠨ ᠤ ᠬᠡᠮᠵᠢᠶ᠎ᠡ ᠶᠢ  ᠲᠤᠬᠢᠷᠠᠭᠤᠯᠤᠯᠳᠠ ᠶᠢ ᠬᠡᠷᠡᠭᠵᠢᠭᠦᠯᠬᠦ ᠨᠢᠬᠡᠴᠢ ᠶᠢᠨ ᠭᠤᠤᠯ ᠬᠠᠷᠢᠭᠤᠴᠠᠯᠭᠠᠲᠠᠨ ᠨᠠᠷ ᠪᠤᠯ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠠᠵᠢᠯ ᠤᠨ ᠬᠠᠷᠢᠭᠤᠴᠠᠯᠭᠠᠲᠠᠨ ᠪᠤᠯᠤᠨ᠎ᠠ᠃
     ᠲᠠᠪᠤᠳᠤᠭᠠᠷ ᠵᠦᠢᠯ【ᠬᠠᠷᠢᠭᠤᠴᠠᠯᠭ᠎ᠠ ᠶᠢᠨ ᠭᠤᠤᠯ ᠴᠤᠨᠨᠴᠠ】ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠠᠵᠢᠯ  ᠤᠨ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠪᠠ ᠵᠢᠭᠠᠨ ᠵᠢᠯᠣᠭᠤᠳᠬᠤ ᠶᠢ ᠬᠠᠷᠢᠭᠤᠴᠠᠬᠤ ᠬᠡᠷᠡᠭᠳᠡᠢ᠃
     ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠠᠷᠭ᠎ᠠ ᠶᠢᠨ ᠲᠣᠭᠲᠠᠭᠠᠯ ᠶᠣᠰᠣᠭᠠᠷ᠂ ᠲᠤᠰ ᠬᠠᠷᠢᠶ᠎ᠠ ᠣᠷᠣᠨ ᠤ ᠬᠡᠪᠴᠢᠶᠡᠨ ᠳᠠᠬᠢ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠠᠵᠢᠯ ᠢ ᠬᠠᠷᠢᠭᠤᠴᠠᠬᠤ ᠬᠡᠷᠡᠭᠳᠡᠢ᠃
     ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠲᠠᠬᠢ ᠤᠰᠤᠨ ᠴᠥᠭᠦᠷᠥᠮ᠂ ᠤᠰᠤᠨ ᠠᠰᠢᠭᠯᠠᠯᠲᠠ ᠶᠢᠨ ᠬᠦᠢᠰᠦ᠂ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠨᠢᠭᠡᠴᠢ ᠪᠠ ᠰᠢᠭᠤᠳ ᠤᠰᠤ ᠵᠠᠯᠠᠵᠦ ᠬᠡᠷᠡᠭᠯᠡᠬᠦ ᠪᠤᠰᠤᠳ ᠨᠢᠭᠡᠴᠢ ᠪᠤᠯ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ ᠬᠡᠷᠡᠭᠵᠢᠭᠦᠯᠬᠦ ᠨᠢᠬᠡᠴᠢ ᠪᠠᠶᠢᠵᠤ᠂ ᠲᠣᠰ ᠲᠣᠰ ᠤᠨ ᠬᠡᠪᠴᠢᠶᠡᠨ ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠵᠠᠷᠯᠢᠭ ᠤᠨ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠳᠡᠢ᠃
     ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠬᠡᠨ ᠤ ᠪᠠᠶᠢᠭᠤᠯᠤᠮᠵᠢ ᠨᠢ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠰᠢᠨᠵᠢᠯᠡᠬᠡᠨ ᠤ ᠮᠡᠳᠡᠭᠡ ᠴᠢᠮᠡᠭᠡ ᠶᠢ ᠤᠷᠢᠳᠴᠢᠯᠠᠨ ᠮᠡᠳᠡᠬᠡᠯᠡᠬᠦ ᠵᠢᠴᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠶᠠᠪᠤᠴᠠ ᠳᠠᠬᠢ ᠡᠯ᠎ᠡ ᠴᠢᠬᠤᠯᠠ ᠣᠭᠲᠣᠯᠤᠭᠠᠰᠤ ᠶᠢᠨ ᠤᠰᠤᠨ ᠰᠢᠨᠵᠢᠯᠡᠬᠡᠨ ᠤ ᠬᠢᠨᠠᠨ ᠰᠢᠨᠵᠢᠬᠦ ᠠᠵᠢᠯ ᠢ ᠬᠠᠷᠢᠭᠤᠴᠠᠬᠤ ᠬᠡᠷᠡᠭᠳᠡᠢ᠃
     ᠵᠢᠷᠭᠤᠳᠤᠭᠠᠷ ᠵᠦᠢᠯ 【ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ】 ᠥᠪᠡᠷᠲᠡᠭᠡᠨ ᠵᠠᠰᠠᠬᠤ ᠣᠷᠣᠨ ᠵᠢᠴᠢ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤᠨ ᠤ ᠬᠡᠮᠵᠢᠶ᠎ᠡ ᠶᠢᠨ ᠳᠣᠭᠢᠷᠠᠭᠤᠯᠤᠨ ᠬᠠᠮᠢᠶᠠᠷᠬᠤ ᠰᠢᠰᠲ᠋ᠧᠮ᠂ ᠤᠰᠤᠨ ᠤ ᠬᠡᠮᠵᠢᠶ᠎ᠡ ᠶᠢᠨ ᠬᠢᠨᠠᠨ ᠰᠢᠨᠵᠢᠬᠦ᠂ ᠤᠷᠢᠳᠴᠢᠯᠠᠨ ᠮᠡᠳᠡᠭᠡᠯᠡᠬᠦ ᠰᠢᠰᠲ᠋ᠧᠮ ᠵᠡᠷᠭᠡ ᠰᠠᠭᠤᠷᠢ ᠪᠡᠯᠡᠳᠭᠡᠮᠵᠢ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠦᠯᠵᠢᠶ᠎ᠡ ᠪᠠᠷ ᠬᠢᠨᠠᠨ ᠰᠢᠨᠵᠢᠬᠦ ᠪᠠ ᠮᠡᠳᠡᠭᠡ ᠵᠠᠩᠭᠢ ᠶᠢ ᠬᠠᠮᠳᠤ ᠳᠤ ᠪᠠᠨ ᠬᠦᠷᠲᠡᠬᠦ ᠶᠢ ᠪᠡᠶᠡᠯᠡᠬᠦᠯᠬᠦ ᠬᠡᠷᠡᠭᠳᠡᠢ᠃
             
                    ᠬᠤᠶᠠᠳᠤᠭᠠᠷ ᠪᠦᠯᠦᠭ    ᠤᠰᠤᠨ ᠤ ᠬᠡᠮᠵᠢᠶ᠎ᠡ ᠶᠢ ᠬᠤᠪᠢᠶᠠᠷᠢᠯᠠᠬᠤ


    ᠳᠣᠯᠣᠳᠤᠭᠠᠷ ᠵᠦᠢᠯ 【ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ】 ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠪᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠵᠥᠪᠳᠡᠯᠴᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠦᠪᠰᠢᠶᠡᠷᠡᠬᠦᠯᠦᠭᠰᠡᠨ ᠤ ᠳᠠᠷᠠᠭ᠎ᠠ ᠬᠡᠷᠡᠭᠵᠢᠬᠦᠯᠬᠦ ᠬᠡᠷᠡᠭᠳᠡᠢ᠃ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ ᠤᠤᠯ ᠤᠨ ᠬᠢᠨᠠᠨ ᠵᠥᠪᠰᠢᠶᠡᠷᠡᠭᠰᠡᠨ ᠨᠢᠬᠡᠴᠢ ᠳᠤ ᠮᠡᠳᠡᠭᠦᠯᠵᠦ ᠳᠠᠬᠢᠨ ᠬᠢᠨᠠᠨ ᠵᠥᠪᠰᠢᠶᠡᠷᠡᠭᠦᠯᠬᠦ ᠬᠡᠷᠡᠭᠲᠡᠶ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠤᠯ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠦᠨᠳᠦᠰᠦᠯᠡᠯ  ᠪᠣᠯᠣᠨ᠎ᠠ᠂ ᠬᠤᠯᠪᠤᠨᠨᠳᠠᠯ ᠪᠦᠭᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ ᠬᠠᠮᠢᠶᠠᠷᠤᠯᠲᠠ ᠶᠢᠨ ᠪᠠᠶᠢᠭᠤᠯᠤᠮᠵᠢ ᠨᠢ ᠡᠷᠬᠡᠪᠰᠢ ᠬᠡᠷᠡᠭᠵᠢᠭᠦᠯᠬᠦ ᠬᠡᠷᠡᠭᠲᠡᠶ᠃
     ᠨᠠᠢᠮᠠᠳᠤᠭᠠᠷ ᠵᠦᠢᠯ 【ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠤᠨ ᠲᠤᠨᠨᠳᠠᠭᠠᠯᠳᠠ 】ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠲᠤᠨᠨᠳᠠᠭᠠᠬᠤ ᠳᠤ ᠳᠣᠤᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠶ᠄
     ︵ᠨᠢᠭᠡ︶ ᠡᠷᠬᠡ ᠲᠡᠭᠰᠢ᠂ ᠲᠥᠪ ᠭᠤᠤᠯᠴᠢ᠂ ᠰᠢᠨᠵᠢᠯᠡᠬᠦ ᠤᠬᠠᠭᠠᠨᠴᠢ ᠪᠦᠭᠡᠳ ᠵᠦᠶ ᠵᠣᠬᠢᠰᠲᠠᠶ ᠪᠠᠶᠢᠬᠤ︔
     ︵ᠬᠤᠶᠠᠷ︶  ᠠᠮᠢ ᠠᠬᠤᠶ ᠶᠢ ᠬᠠᠮᠠᠭᠠᠯᠠᠵᠦ᠂ ᠦᠷᠭᠦᠯᠵᠢᠳᠡ ᠠᠰᠢᠭᠯᠠᠵᠤ ᠪᠣᠯᠬᠤ︔
     ︵ᠭᠤᠷᠪᠠ︶  ᠰᠢᠯᠢᠳᠡᠭᠵᠢᠭᠦᠯᠦᠨ ᠲᠤᠬᠢᠷᠠᠭᠤᠯᠵᠦ᠂ ᠠᠷᠪᠢᠯᠠᠨ ᠭᠠᠮᠨᠠᠬᠤ ᠶᠢ ᠠᠬᠢᠭᠤᠯᠬᠤ︔
     ︵ᠳᠥᠷᠪᠡ︶ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠵᠦ᠂ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ︔
     ︵ᠲᠠᠪᠤ︶ ᠤᠷᠤᠰᠬᠠᠯ ᠰᠠᠶᠢᠳᠠᠢ ᠪᠤᠯ ᠨᠡᠮᠡᠭᠳᠡᠬᠦᠯᠦᠨ ᠤᠷᠤᠰᠬᠠᠯ ᠲᠠᠳᠠᠭᠤᠷᠠᠬᠤ ᠳᠤ ᠪᠠᠭᠠᠰᠬᠠᠵᠦ᠂ ᠬᠠᠩᠭᠠᠯᠭ᠎ᠠ ᠪᠠᠷ ᠬᠡᠷᠡᠭᠴᠡᠭᠡ ᠶᠢ ᠲᠣᠭᠲᠠᠭᠠᠬᠤ︔
     ︵ᠵᠢᠷᠭᠤᠭ᠎ᠠ︶  ᠠᠷᠠᠳᠴᠢᠯᠠᠯ ᠢᠶᠠᠷ ᠵᠦᠪᠳᠡᠯᠴᠡᠵᠦ᠂ ᠵᠠᠰᠠᠭ ᠤᠨ ᠣᠷᠳᠣᠨ ᠠᠴᠠ ᠰᠶᠢᠳᠪᠦᠷᠢᠳᠦ ᠪᠣᠳᠣᠯᠭ᠎ᠠ ᠲᠣᠭᠲᠠᠭᠠᠬᠤ᠃

              ᠭᠤᠷᠪᠠᠳᠤᠭᠠᠷ ᠪᠦᠯᠦᠭ   ᠶᠡᠷᠦᠳᠡ ᠶᠢᠨ ᠤᠰᠤᠨ ᠤ ᠬᠡᠮᠵᠢᠶ᠎ᠡ ᠶᠢ ᠲᠣᠬᠢᠷᠠᠭᠤᠯᠬᠤ


     ᠶᠢᠰᠦᠳᠦᠭᠡᠷ ᠵᠦᠢᠯ 【ᠲᠤᠬᠢᠷᠠᠭᠤᠯᠬᠤ ᠠᠷᠭ᠎ᠠ ᠮᠠᠶ᠋ᠢᠭ ᠬᠢᠬᠡᠳ ᠲᠤᠨᠨᠳ᠋ᠬᠠᠰᠠᠨ ᠴᠠᠭ】ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠳᠤ ᠤᠰᠤᠨ ᠤ ᠬᠡᠮᠵᠢᠶ᠎ᠡ ᠶᠢ ᠲᠤᠬᠢᠷᠠᠭᠤᠯᠬᠤ ᠣᠨ ᠤ ᠲᠥᠯᠥᠪᠯᠡᠭᠡ᠂ ᠳᠣᠭᠢᠷᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠰᠠᠷ᠎ᠠ ᠳᠠᠷᠠᠭᠠᠯᠠᠨ  ᠲᠤᠬᠢᠷᠠᠭᠤᠯᠵᠦ ᠡᠵᠡᠮᠳᠡᠬᠦ ᠪᠠ ᠲᠤᠬᠠᠢ ᠶᠢᠨ ᠴᠠᠭ ᠲᠤ ᠨᠢ ᠳᠣᠭᠢᠷᠠᠭᠤᠯᠬᠤ ᠪᠠᠷ ᠵᠠᠷᠯᠢᠨᠨᠳᠠᠬᠤ ᠶᠢ ᠤᠶᠠᠯᠳᠤᠭᠤᠯᠤᠭᠰᠠᠨ ᠲᠤᠬᠢᠷᠠᠭᠤᠯᠬᠤ ᠠᠷᠭ᠎ᠠ ᠮᠠᠶ᠋ᠢᠭ ᠢ ᠬᠡᠷᠡᠭᠵᠢᠬᠦᠯᠬᠦ ᠬᠡᠷᠡᠭᠳᠡᠢ᠃
     ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠤᠨ ᠪᠣᠯ ᠲᠣᠰ ᠵᠢᠯ ᠤᠨ 3 ᠳ᠋ᠤᠭᠠᠷ ᠰᠠᠷ᠎ᠠ ᠶᠢᠨ 1 ᠤ ᠡᠳᠦᠷ ᠠᠴᠠ ᠢᠷᠡᠬᠦ ᠵᠢᠯ ᠤᠨ 2 ᠳ᠋ᠤᠭᠠᠷ ᠰᠠᠷ᠎ᠠ ᠶᠢᠨ 28 ᠤ ᠡᠳᠦᠷ ᠪᠣᠯᠣᠨ᠎ᠠ᠃
     ᠠᠷᠪᠠᠳᠤᠭᠠᠷ ᠵᠦᠢᠯ【ᠤᠰᠤᠨ ᠤ ᠬᠡᠮᠵᠢᠶ᠎ᠡ ᠶᠢ ᠲᠣᠬᠢᠷᠠᠭᠤᠯᠬᠤ ᠣᠨ ᠤ ᠲᠥᠯᠥᠪᠯᠡᠭᠡ】ᠤᠰᠤᠨ ᠤ ᠬᠡᠮᠵᠢᠶ᠎ᠡ ᠶᠢ ᠲᠣᠬᠢᠷᠠᠭᠤᠯᠬᠤ ᠣᠨ ᠤ ᠲᠥᠯᠥᠪᠯᠡᠭᠡ ᠶᠢ ᠦᠶᠡᠷ ᠤᠨ ᠬᠤᠭᠤᠴᠠᠭᠠᠨ ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠦᠯᠦᠪᠯᠡᠭᠡ ︵ᠬᠠᠪᠤᠷ ᠤᠨ ᠦᠶᠡᠷ 3 ᠳ᠋ᠤᠭᠠᠷ ᠰᠠᠷ᠎ᠠ ᠶᠢᠨ 15 ᠤ ᠡᠳᠦᠷ ᠠᠴᠠ 5 ᠳ᠋ᠤᠭᠠᠷ ᠰᠠᠷ᠎ᠠ ᠶᠢᠨ 15 ᠤ ᠡᠳᠦᠷ᠂ ᠵᠤᠨ ᠤ ᠦᠶᠡᠷ 6 ᠳ᠋ᠤᠭᠠᠷ ᠰᠠᠷ᠎ᠠ ᠶᠢᠨ 20 ᠤ ᠡᠳᠦᠷ ᠠᠴᠠ 9 ᠳ᠋ᠤᠬᠡᠷ ᠰᠠᠷ᠎ᠠ ᠶᠢᠨ 20 ᠤ ᠡᠳᠦᠷ︶ ᠪᠠ ᠦᠶᠡᠷ ᠤᠨ ᠪᠤᠰᠤ ᠬᠤᠭᠤᠴᠠᠭᠠᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠯᠥᠪᠯᠡᠭᠡ ︵9 ᠳ᠋ᠤᠬᠡᠷ ᠰᠠᠷ᠎ᠠ ᠶᠢᠨ 21 ᠤ ᠡᠳᠦᠷ ᠠᠴᠠ ᠢᠷᠡᠬᠦ ᠵᠢᠯ ᠤᠨ 3 ᠳ᠋ᠤᠭᠠᠷ ᠰᠠᠷ᠎ᠠ ᠶᠢᠨ 14 ᠤ ᠡᠳᠦᠷ︶ ᠬᠡᠵᠦ ᠬᠤᠪᠢᠶᠠᠨ᠎ᠠ᠃ ᠦᠶᠡᠷ ᠤᠨ ᠬᠤᠭᠤᠴᠠᠭᠠᠨ ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠯᠥᠪᠯᠡᠭᠡ ᠨᠢ ᠦᠶᠡᠷ ᠢ ᠰᠡᠷᠭᠡᠶᠢᠯᠡᠬᠦ ᠲᠤᠬᠢᠷᠠᠭᠤᠯᠤᠯᠳᠠ ᠶᠢ ᠵᠢᠷᠤᠮᠯᠠᠨ ᠳᠠᠭᠠᠬᠤ ᠬᠡᠷᠡᠭᠲᠡᠶ᠃
    ᠠᠷᠪᠠᠨ ᠨᠢᠭᠡᠳᠦᠭᠡᠷ ᠵᠦᠢᠯ 【ᠲᠦᠯᠦᠪᠯᠡᠭᠡ ᠶᠢᠨ ᠰᠠᠨᠠᠭᠤᠯᠭ᠎ᠠ】ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ ᠨᠢ ᠲᠣᠬᠢᠷᠠᠭᠤᠯᠤᠯᠲᠠ ᠬᠠᠮᠢᠶᠠᠷᠤᠯᠲᠠ ᠶᠢᠨ ᠡᠷᠬᠡ ᠮᠡᠳᠡᠯ ᠤᠨ ᠢᠶᠠᠨ ᠬᠡᠪᠴᠢᠶᠡᠨ ᠳᠤ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠣᠨ ᠤ ᠪᠠ ᠰᠠᠷ᠎ᠠ ᠶᠢᠨ ᠤᠰᠤ ᠬᠡᠷᠡᠭᠯᠡᠬᠦ ᠲᠥᠯᠥᠪᠯᠡᠭᠡ ᠶᠢᠨ ᠰᠠᠨᠠᠭᠤᠯᠭ᠎ᠠ ᠵᠢᠴᠢ ᠤᠰᠤᠨ ᠴᠥᠭᠦᠷᠥᠮ ᠤᠨ ᠠᠵᠢᠯᠯᠠᠭᠠᠨ ᠤ ᠲᠦᠯᠦᠪᠯᠡᠭᠡ ᠶᠢᠨ ᠰᠠᠨᠠᠭᠤᠯᠭ᠎ᠠ ᠪᠠᠨ ᠮᠡᠳᠡᠭᠦᠯᠦᠨ ᠬᠦᠷᠭᠡᠬᠦ ᠬᠡᠷᠡᠭᠲᠡᠶ᠃
    ᠠᠷᠪᠠᠨ ᠬᠤᠶᠠᠳᠤᠭᠠᠷ ᠵᠦᠢᠯ【ᠤᠰᠤᠨ ᠤ ᠬᠡᠮᠵᠢᠶ᠎ᠡ ᠶᠢ ᠲᠤᠬᠢᠷᠠᠭᠤᠯᠬᠤ ᠤᠨ ᠤ ᠲᠦᠯᠦᠪᠯᠡᠭᠡ ᠶᠢ ᠨᠠᠶᠢᠷᠠᠭᠤᠯᠤᠨ ᠵᠤᠬᠢᠶᠠᠬᠤ】ᠤᠰᠤᠨ ᠤ ᠬᠡᠮᠵᠢᠶ᠎ᠡ ᠶᠢ ᠲᠣᠬᠢᠷᠠᠭᠤᠯᠬᠤ ᠤᠨ ᠤ ᠲᠥᠯᠥᠪᠯᠡᠭᠡ ᠶᠢ ᠪᠣᠯ ᠵᠥᠪᠰᠢᠶᠡᠷᠡᠭᠦᠯᠦᠭᠰᠡᠨ ᠥᠪᠥᠷ ᠮᠣᠩᠭᠤᠯ ᠤᠨ ᠪᠠᠷᠠᠭᠤᠨ ᠯᠢᠶᠤᠤ ᠡᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠣᠨ ᠤ ᠲᠦᠰᠦᠬᠡᠯᠡᠭᠰᠡᠨ ᠤᠰᠤᠨ ᠤ ᠬᠡᠮᠵᠢᠶ᠎ᠡ᠂ ᠤᠰᠤᠨ ᠴᠥᠭᠦᠷᠥᠮ ᠤᠨ ᠤᠰᠤᠨ ᠤ ᠬᠠᠳᠠᠭᠠᠯᠠᠭᠳᠠᠴᠠ ᠪᠠᠷ ᠦᠨᠳᠦᠰᠦᠯᠡᠯ ᠪᠤᠯᠭᠠᠵᠦ᠂ ᠠᠳᠠᠯᠢ ᠬᠠᠷᠢᠴᠠᠯ ᠢᠶᠠᠷ ᠤᠷᠤᠰᠬᠠᠯ ᠰᠠᠶᠢᠳᠠᠢ ᠪᠤᠯ ᠨᠡᠮᠡᠭᠳᠡᠬᠦᠯᠦᠨ ᠤᠷᠤᠰᠬᠠᠯ ᠲᠠᠳᠠᠭᠤᠷᠠᠬᠤ ᠳᠤ ᠪᠠᠭᠠᠰᠬᠠᠬᠤ ᠵᠠᠷᠴᠢᠮ ᠶᠤᠰᠤᠭᠠᠷ ᠤᠰᠤ ᠬᠡᠷᠡᠭᠯᠡᠬᠦ ᠤᠨ ᠤ ᠲᠦᠯᠦᠪᠯᠡᠭᠡ ᠶᠢᠨ ᠰᠠᠨᠠᠭᠤᠯᠭ᠎ᠠ ᠪᠠ ᠤᠰᠤᠨ ᠴᠦᠭᠦᠷᠦᠮ ᠤᠨ ᠠᠵᠢᠯᠯᠠᠭᠠᠨ ᠤ ᠲᠦᠯᠦᠪᠯᠡᠭᠡ ᠶᠢᠨ ᠰᠠᠨᠠᠭᠤᠯᠭ᠎ᠠ ᠶᠢᠨ ᠰᠠᠭᠤᠷᠢᠨ ᠲᠡᠬᠡᠷ᠎ᠡ ᠲᠤᠨᠨᠳᠠᠭᠠᠬᠤ ᠬᠡᠷᠡᠭᠳᠡᠢ᠃
     ᠲᠦᠩᠯᠢᠶᠤᠤ ᠬᠤᠳᠠ᠂ ᠤᠯᠠᠭᠠᠨᠬᠠᠳᠠ ᠬᠤᠳᠠ ᠶᠢᠨ ᠬᠠᠮᠢᠶ᠎ᠠ ᠪᠦᠭᠦᠢ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤᠨ ᠤ ᠬᠡᠮᠵᠢᠶ᠎ᠡ ᠶᠢ ᠲᠤᠬᠢᠷᠠᠭᠤᠯᠬᠤ ᠤᠨ ᠤ ᠲᠦᠯᠦᠪᠯᠡᠭᠡ ᠪᠠᠨ ᠤᠰᠤ ᠵᠠᠯᠠᠵᠦ ᠬᠡᠷᠡᠭᠯᠡᠬᠦ ᠡᠯ᠎ᠡ ᠨᠢᠬᠡᠴᠢ ᠳᠤ ᠬᠤᠪᠢᠶᠠᠷᠢᠯᠠᠵᠦ ᠪᠠᠭᠤᠯᠭᠠᠬᠤ ᠬᠡᠷᠡᠭᠳᠡᠢ᠃ ᠤᠰᠤ ᠵᠠᠯᠠᠵᠦ ᠬᠡᠷᠡᠭᠯᠡᠬᠦ ᠡᠯ᠎ᠡ ᠨᠢᠬᠡᠴᠢ ᠨᠢ ᠤᠰᠤ ᠬᠡᠷᠡᠭᠯᠡᠬᠦ ᠲᠦᠯᠦᠪᠯᠡᠬᠡᠨ ᠤ ᠭᠦᠢᠴᠡᠳᠬᠡᠯ ᠲᠤᠭ᠎ᠠ ᠪᠠᠷ ᠤᠰᠤ ᠵᠠᠯᠠᠵᠦ ᠬᠡᠷᠡᠭᠯᠡᠨ᠂ ᠭᠦᠢᠴᠡᠳᠬᠡᠯ ᠲᠤᠭ᠎ᠠ ᠠᠴᠠ ᠲᠠᠪᠠᠭᠤᠯᠤᠨ ᠤᠰᠤ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠳᠡᠢ᠃
    ᠠᠷᠪᠠᠨ ᠭᠤᠷᠪᠠᠳᠤᠭᠠᠷ ᠵᠦᠢᠯ【ᠲᠤᠬᠠᠢ ᠶᠢᠨ ᠴᠠᠭ ᠲᠤ ᠨᠢ ᠲᠤᠬᠢᠷᠠᠭᠤᠯᠬᠤ】ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ ᠬᠡᠷᠡᠭᠵᠢᠬᠦᠯᠬᠦ ᠶᠠᠪᠤᠴᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠢ ᠶᠢᠨ ᠴᠠᠭ ᠤᠨ ᠤᠰᠤ ᠪᠣᠷᠣᠭᠠᠨ ᠭᠠᠩ ᠴᠢᠭᠢᠭ ᠤᠨ ᠪᠠᠶᠢᠳᠠᠯ᠂ ᠤᠰᠤᠨ ᠴᠥᠭᠦᠷᠥᠮ ᠤᠨ ᠤᠰᠤ ᠬᠠᠳᠠᠭᠠᠯᠠᠬᠤ ᠬᠡᠮᠵᠢᠶ᠎ᠡ ᠵᠢᠴᠢ ᠤᠰᠤ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠨᠢᠭᠡᠨᠲᠡ ᠪᠠᠭᠤᠯᠭᠠᠭᠰᠠᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠣᠨ ᠤ ᠲᠥᠯᠥᠪᠯᠡᠭᠡ᠂ ᠤᠰᠤᠨ ᠤ ᠬᠡᠮᠵᠢᠶ᠎ᠡ ᠶᠢ ᠲᠣᠬᠢᠷᠠᠭᠤᠯᠬᠤ ᠰᠠᠷ᠎ᠠ ᠬᠤᠨᠤᠭ ᠤᠨ ᠲᠥᠰᠦᠯ ᠳᠤ ᠲᠣᠬᠢᠷᠠᠭᠤᠯᠤᠯᠲᠠ ᠬᠢᠵᠦ ᠪᠣᠯᠬᠤ ᠪᠦᠭᠡᠳ ᠲᠤᠬᠠᠢ ᠶᠢᠨ ᠴᠠᠭ ᠲᠤ ᠨᠢ ᠲᠣᠬᠢᠷᠠᠭᠤᠯᠬᠤ ᠵᠠᠷᠯᠢᠭ ᠪᠠᠭᠤᠯᠭᠠᠬᠤ ᠬᠡᠷᠡᠭᠳᠡᠢ᠃
     ᠠᠷᠪᠠᠨ ᠲᠦᠷᠪᠡᠳᠦᠬᠡᠷ ᠵᠦᠢᠯ 【ᠵᠤᠬᠢᠶᠠᠨ ᠪᠠᠶᠢᠭᠤᠯᠵᠦ ᠬᠡᠷᠡᠭᠵᠢᠬᠦᠯᠬᠦ】 ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ ᠤ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ ᠨᠢ ᠪᠠᠭᠤᠯᠭᠠᠭᠰᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠣᠨ ᠤ ᠲᠥᠯᠥᠪᠯᠡᠭᠡ᠂ ᠤᠰᠤᠨ ᠤ ᠬᠡᠮᠵᠢᠶ᠎ᠡ ᠶᠢ ᠳᠣᠭᠢᠷᠠᠭᠤᠯᠬᠤ ᠰᠠᠷ᠎ᠠ ᠬᠤᠨᠤᠭ ᠤᠨ ᠲᠥᠰᠦᠯ ᠪᠤᠶᠤ ᠲᠤᠬᠠᠢ ᠶᠢᠨ ᠴᠠᠭ ᠲᠤ ᠨᠢ ᠲᠤᠬᠢᠷᠠᠭᠤᠯᠬᠤ ᠵᠠᠷᠯᠢᠭ ᠢᠶᠠᠷ ᠦᠨᠳᠦᠰᠦᠯᠡᠯ ᠪᠤᠯᠭᠠᠵᠦ᠂ ᠬᠠᠷᠢᠶ᠎ᠠ ᠬᠡᠪᠴᠢᠶᠡᠨ ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢᠶᠠᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃
     ᠤᠰᠤᠨ ᠴᠥᠭᠦᠷᠥᠮ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠤᠰᠤᠨ ᠴᠥᠭᠦᠷᠥᠮ ᠤᠨ ᠨᠦᠬᠡᠴᠡᠯᠡᠬᠦ ᠪᠠ ᠲᠠᠳᠠᠭᠤᠷᠠᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠤᠰᠤᠨ ᠴᠦᠭᠦᠷᠦᠮ ᠤᠨ ᠤᠰᠤ ᠲᠣᠬᠢᠷᠠᠭᠤᠯᠬᠤ  ᠵᠥᠪᠰᠢᠶᠡᠷᠡᠭᠦᠯᠦᠭᠰᠡᠨ ᠲᠥᠰᠦᠯ ᠤᠨ ᠶᠣᠰᠣᠭᠠᠷ ᠬᠠᠮᠳᠤᠷᠠᠨ ᠰᠢᠯᠢᠳᠡᠭᠵᠢᠬᠦᠯᠵᠦ ᠲᠣᠬᠢᠷᠠᠭᠤᠯᠬᠤ ᠬᠡᠷᠡᠭᠲᠡᠶ᠃
     ᠠᠷᠪᠠᠨ ᠲᠠᠪᠤᠳᠤᠭᠠᠷ ᠵᠦᠢᠯ【ᠦᠶᠡᠷ ᠤᠨ ᠬᠤᠭᠤᠴᠠᠭᠠᠨ ᠳᠤ ᠲᠤᠬᠢᠷᠠᠭᠤᠯᠬᠤ】ᠦᠶᠡᠷ ᠤᠨ ᠬᠤᠭᠤᠴᠠᠭᠠᠨ ᠳᠠᠬᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠦᠶᠡᠷ ᠢ ᠰᠡᠷᠭᠡᠶᠢᠯᠡᠬᠦ ᠪᠠ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠦᠶᠡᠷ ᠤᠨ ᠪᠤᠰᠤ ᠬᠤᠭᠤᠴᠠᠭᠠᠨ ᠤ ᠤᠰᠤ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠤᠳᠤᠯᠬᠢᠯᠠᠵᠦ᠂ ᠪᠣᠷᠣᠭᠠᠨ ᠤ ᠦᠶᠡᠷ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠳᠡᠢ᠃
    ᠠᠷᠪᠠᠨ ᠵᠢᠷᠭᠤᠳᠤᠭᠠᠷ ᠵᠦᠢᠯ【ᠵᠠᠩᠬᠢᠯᠠᠭ᠎ᠠ ᠶᠢ ᠬᠢᠵᠠᠭᠠᠷᠯᠠᠬᠤ】 ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠪᠤᠬᠢᠷᠳᠤᠯ ᠢ ᠡᠵᠡᠮᠳᠡᠬᠦ ᠴᠢᠬᠤᠯᠠ ᠣᠭᠲᠣᠯᠤᠭᠠᠰᠤ ᠶᠢᠨ ᠤᠰᠤᠨ ᠤ ᠬᠡᠮᠵᠢᠶ᠎ᠡ ︵ᠤᠷᠤᠰᠬᠠᠯ︶ ᠶᠢ ᠬᠢᠵᠠᠭᠠᠷᠯᠠᠬᠤ ᠪᠤᠳᠤᠯᠭ᠎ᠠ ᠬᠡᠷᠡᠭᠵᠢᠬᠦᠯᠵᠦ᠂ ᠬᠢᠵᠠᠭᠠᠷᠯᠠᠬᠤ ᠭᠦᠢᠴᠡᠳᠬᠡᠯ ᠲᠤᠭ᠎ᠠ ᠶᠢ ᠪᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠨᠨᠳᠠᠭᠠᠬᠤ ᠬᠡᠷᠡᠭᠳᠡᠢ᠃
     ᠠᠷᠪᠠᠨ ᠳᠣᠯᠣᠳᠤᠭᠠᠷ ᠵᠦᠢᠯ【 ᠤᠰᠤᠨ ᠰᠢᠨᠵᠢᠯᠡᠬᠡᠨ ᠤ ᠬᠢᠨᠠᠨ ᠰᠢᠨᠵᠢᠯᠳᠠ】 ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠳᠤ ᠪᠤᠬᠢᠷᠳᠤᠯ ᠢ ᠡᠵᠡᠮᠳᠡᠬᠦ ᠴᠢᠬᠤᠯᠠ ᠣᠭᠲᠣᠯᠤᠭᠠᠰᠤ ᠶᠢᠨ ᠤᠰᠤᠨ ᠤ ᠬᠡᠮᠵᠢᠶ᠎ᠡ ︵ᠤᠷᠤᠰᠬᠠᠯ︶ ᠶᠢᠨ ᠮᠤᠵᠢ ᠣᠷᠣᠨ ᠤ ᠵᠠᠭᠠᠭ ᠤᠨ ᠣᠭᠲᠣᠯᠤᠭᠠᠰᠤ ᠶᠢ ᠤᠯᠤᠰ ᠤᠨ ᠪᠠᠶᠢᠭᠤᠯᠤᠭᠰᠠᠨ ᠤᠰᠤᠨ ᠰᠢᠨᠵᠢᠯᠡᠬᠡᠨ ᠤ ᠥᠷᠲᠡᠭᠡ ᠶᠢᠨ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠤᠯᠭᠠᠵᠦ᠂ ᠠᠶᠢᠮᠠᠭ ᠬᠤᠲᠠ ᠶᠢᠨ ᠵᠠᠭᠠᠭ ᠤᠨ ᠣᠭᠲᠣᠯᠤᠭᠠᠰᠤ ᠶᠢ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠤᠰᠤᠨ ᠰᠢᠨᠵᠢᠯᠡᠬᠡᠨ ᠤ ᠥᠷᠲᠡᠭᠡ ᠶᠢᠨ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠤᠯᠭᠠᠬᠤ ᠬᠡᠷᠡᠭᠳᠡᠢ᠃ ᠤᠰᠤᠨ ᠰᠢᠨᠵᠢᠯᠡᠬᠡᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ ᠳᠤ ᠮᠠᠷᠭᠤᠭᠠᠨ ᠲᠠᠢ ᠪᠣᠯ᠂ ᠲᠡᠬᠡᠳᠦ ᠨᠢᠭᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠤᠲᠠᠯᠠᠭᠰᠠᠨ ᠤᠰᠤᠨ ᠰᠢᠨᠵᠢᠯᠡᠬᠡᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠤᠯᠭᠠᠬᠤ ᠬᠡᠷᠡᠭᠳᠡᠢ᠃
     ᠠᠷᠪᠠᠨ ᠨᠠᠢᠮᠠᠳᠤᠭᠠᠷ ᠵᠦᠢᠯ【ᠤᠰᠤᠨ ᠤ ᠬᠡᠮᠵᠢᠶ᠎ᠡ ᠶᠢ ᠮᠡᠳᠡᠭᠦᠯᠦᠨ ᠬᠦᠷᠭᠡᠬᠦ】ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ ᠤ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ ᠨᠢ ᠱᠠᠭᠠᠷᠳᠠᠯᠭ᠎ᠠ ᠶᠣᠰᠣᠭᠠᠷ ᠬᠠᠷᠢᠶ᠎ᠠ ᠬᠡᠪᠴᠢᠶᠡᠨ ᠳᠠᠬᠢ ᠵᠠᠯᠠᠵᠦ ︵ᠪᠤᠴᠠᠭᠠᠵᠦ︶   ᠬᠡᠷᠡᠭᠯᠡᠭᠰᠡᠨ ᠤᠰᠤᠨ ᠤ ᠬᠡᠮᠵᠢᠶ᠎ᠡ ᠶᠢᠨ ᠪᠠᠶᠢᠳᠠᠯ ᠢᠶᠠᠨ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠶ᠃


     ᠳᠥᠷᠪᠡᠳᠦᠭᠡᠷ ᠪᠦᠯᠦᠭ  ᠪᠠᠴᠢᠮ ᠪᠠᠶᠢᠳᠠᠯ ᠢ ᠠᠷᠭᠠᠴᠠᠭᠠᠬᠤ ᠪᠠᠷ ᠤᠰᠤᠨ ᠤ ᠬᠡᠮᠵᠢᠶ᠎ᠡ ᠶᠢ ᠲᠣᠬᠢᠷᠠᠭᠤᠯᠬᠤ


     ᠠᠷᠪᠠ ᠶᠢᠰᠦᠳᠦᠭᠡᠷ ᠵᠦᠢᠯ【ᠠᠷᠭᠠᠴᠠᠭᠠᠬᠤ ᠪᠠᠴᠢᠮ ᠪᠠᠶᠢᠳᠠᠯ ᠤᠨ ᠨᠦᠭᠦᠴᠡᠯ】 ᠲᠤᠤᠷᠠᠬᠢ ᠪᠠᠶᠢᠳᠠᠯ  ᠤᠨ ᠨᠢᠭᠡ ᠨᠢ ᠭᠠᠷᠪᠠᠯ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ  ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠰᠤᠨ ᠤ ᠵᠠᠰᠠᠭ ᠵᠠᠬᠢᠷᠭᠠᠨ᠂ ᠠᠮᠢ ᠠᠬᠤᠢ ᠣᠷᠴᠢᠨ ᠲᠣᠭᠤᠷᠢᠨ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠵᠢᠭᠠᠨ ᠵᠢᠯᠣᠭᠤᠳᠬᠤ ᠬᠡᠷᠡᠭᠲᠡᠶ᠃
     ︵ᠨᠢᠭᠡ︶ ᠤᠰᠤ ᠶᠢ ᠭᠦᠨᠳᠦ ᠨᠤᠴᠢᠳᠠᠢ ᠪᠤᠬᠢᠷᠳᠤᠭᠤᠯᠤᠨᠨᠰᠠᠨ ᠵᠡᠷᠭᠡ ᠤᠰᠤ ᠬᠠᠩᠭᠠᠬᠤ ᠲᠠᠯ᠎ᠠ ᠪᠠᠷ ᠠᠮᠤᠷ ᠲᠦᠪᠰᠢᠨ ᠤ ᠠᠳᠡᠯ ᠭᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠣᠯᠤᠭᠰᠠᠨ︔
     ︵ᠬᠤᠶᠠᠷ︶ ᠤᠰᠤᠨ ᠴᠥᠭᠦᠷᠥᠮ ᠳᠤ ᠠᠵᠢᠯᠯᠠᠭᠠᠨ ᠤ ᠭᠦᠨᠳᠦ ᠶᠡᠭᠡ ᠰᠠᠭᠠᠳ ᠵᠡᠷᠭᠡ ᠭᠡᠨᠡᠳᠲᠡ ᠶᠢᠨ ᠴᠢᠨᠠᠷᠲᠠᠶ ᠠᠳᠡᠯ ᠭᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠪᠠᠷ ᠲᠤᠬᠢᠷᠠᠭᠤᠯᠤᠯᠳᠠ ᠬᠢᠬᠦ ᠴᠢᠬᠤᠯᠠᠲᠠᠶ

ᠪᠣᠯᠤᠭᠰᠠᠨ︔
     ︵ᠭᠤᠷᠪᠠ︶ ᠣᠨᠴᠠ ᠲᠤᠨᠨᠳ᠋ᠬᠠᠰᠠᠨ ᠣᠷᠣᠨ ᠪᠦᠰᠡ ᠳᠠᠬᠢ ᠤᠰᠤ ᠬᠠᠩᠭᠠᠬᠤ ᠲᠦᠭᠰᠢᠭᠦᠷᠢ ᠪᠤᠶᠤ ᠠᠮᠢ ᠠᠬᠤᠢ ᠶᠢᠨ  ᠲᠦᠭᠰᠢᠭᠦᠷᠢ ᠵᠡᠷᠭᠡ ᠣᠨᠴᠠ ᠲᠤᠨᠨᠳ᠋ᠬᠠᠰᠠᠨ ᠬᠡᠷᠡᠭ ᠢ ᠲᠦᠷ ᠴᠠᠭ ᠰᠢᠢᠳᠪᠦᠷᠢᠯᠡᠬᠦ ᠳᠤ ᠪᠠᠴᠢᠮ ᠪᠠᠶᠢᠳᠠᠯ ᠢ ᠠᠷᠭᠠᠴᠠᠭᠠᠬᠤ ᠪᠠᠷ  ᠲᠣᠬᠢᠷᠠᠭᠤᠯᠤᠯᠲᠠ ᠬᠢᠬᠦ ᠴᠢᠬᠤᠯᠠᠲᠠᠶ ᠪᠣᠯᠤᠭᠰᠠᠨ︔
     ︵ᠲᠦᠷᠪᠡ︶ ᠬᠦᠨᠳᠦ ᠶᠡᠭᠡ ᠭᠠᠩ ᠤᠨ ᠭᠠᠮᠰᠢᠭ ᠪᠤᠯᠤᠨᠨᠰᠠᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠩ ᠲᠠᠢ ᠲᠡᠮᠡᠴᠡᠬᠦ ᠲᠦᠷᠢᠮ︾ ᠤᠨ ᠬᠠᠮᠢᠶ᠎ᠠ ᠪᠥᠬᠦᠶ ᠲᠤᠨᠨᠳᠠᠭᠠᠯ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠤᠯᠤᠨᠨᠰᠠᠨ︔
     ︵ᠲᠠᠪᠤ︶ ᠪᠤᠰᠤᠳ ᠪᠠᠴᠢᠮ ᠪᠠᠶᠢᠳᠠᠯ ᠳᠤ ᠪᠠᠴᠢᠮ ᠪᠠᠶᠢᠳᠠᠯ ᠢ ᠠᠷᠭᠠᠴᠠᠭᠠᠬᠤ ᠪᠠᠷ ᠲᠣᠬᠢᠷᠠᠭᠤᠯᠤᠯᠲᠠ ᠬᠢᠬᠦ ᠴᠢᠬᠤᠯᠠᠲᠠᠶ ᠪᠤᠯᠤᠨᠨᠰᠠᠨ᠃
    ᠬᠤᠷᠢᠳᠤᠭᠠᠷ ᠵᠦᠢᠯ【ᠦᠪᠡᠷᠳᠡᠬᠡᠨ ᠵᠠᠰᠠᠬᠤ ᠤᠷᠤᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠦᠰᠦᠯ】 ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠤᠰᠤᠨ ᠤ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠬᠦ ᠨᠢᠬᠡᠴᠢ ᠲᠠᠢ ᠵᠦᠪᠳᠡᠯᠴᠡᠵᠦ᠂ ᠪᠠᠴᠢᠮ ᠪᠠᠶᠢᠳᠠᠯ ᠳᠠᠬᠢ ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃
     ᠬᠤᠷᠢᠨ ᠨᠢᠭᠡᠳᠦᠭᠡᠷ ᠵᠦᠢᠯ【ᠬᠤᠳᠠ ᠶᠢᠨ ᠲᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ】ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ ᠤ ᠬᠡᠮᠵᠢᠶ᠎ᠡ ᠶᠢᠨ ᠲᠤᠬᠢᠷᠠᠭᠤᠯᠤᠯᠳᠠ ᠶᠢ ᠬᠡᠷᠡᠭᠵᠢᠭᠦᠯᠬᠦ ᠨᠢᠬᠡᠴᠢ ᠨᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠶᠢᠨ ᠪᠡᠯᠡᠳᠬᠡᠯ ᠲᠥᠰᠦᠯ ᠢ ᠦᠨᠳᠦᠰᠦᠯᠡᠵᠦ᠂ ᠬᠠᠷᠢᠶ᠎ᠠ ᠬᠡᠪᠴᠢᠶᠡᠨ ᠳᠠᠬᠢ ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
     ᠬᠤᠷᠢᠨ ᠬᠤᠶᠠᠳᠤᠭᠠᠷ ᠵᠦᠢᠯ 【 ᠪᠠᠴᠢᠮ ᠪᠠᠶᠢᠳᠠᠯ ᠢ ᠠᠷᠭᠠᠴᠠᠭᠠᠬᠤ ᠪᠠᠷ ᠬᠢᠨᠠᠨ ᠰᠢᠨᠵᠢᠬᠦ ᠬᠢᠬᠡᠳ ᠮᠡᠳᠡᠭᠡ ᠵᠠᠩᠬᠢ ᠶᠢ ᠮᠡᠳᠡᠭᠦᠯᠦᠨ ᠭᠦᠷᠬᠡᠬᠦ】ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠬᠡᠨ ᠤ ᠪᠠᠶᠢᠭᠤᠯᠤᠮᠵᠢ ᠨᠢ ᠤᠰᠤᠨ ᠰᠢᠨᠵᠢᠯᠡᠬᠡᠨ ᠤ ᠬᠢᠨᠠᠨ ᠰᠢᠨᠵᠢᠬᠦ ᠪᠠ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠰᠤᠨ ᠰᠢᠨᠵᠢᠯᠡᠬᠡᠨ ᠤ ᠬᠢᠨᠠᠨ ᠰᠢᠨᠵᠢᠭᠰᠡᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠡᠳᠦᠷ ᠪᠦᠷᠢ ᠮᠡᠳᠡᠭᠦᠯᠦᠨ ᠬᠦᠷᠭᠡᠬᠦ ᠬᠡᠷᠡᠭᠲᠡᠶ᠃ ᠲᠦᠩᠯᠢᠶᠣᠤ ᠬᠤᠳᠠ᠂ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠤᠰᠤᠨ ᠤ ᠬᠡᠮᠵᠢᠶ᠎ᠡ ᠶᠢ ᠲᠤᠬᠢᠷᠠᠭᠤᠯᠤᠨ ᠬᠡᠷᠡᠭᠵᠢᠭᠦᠯᠬᠦ ᠨᠢᠬᠡᠴᠢ ᠨᠢ ᠤᠰᠤ ᠵᠠᠯᠠᠵᠦ ︵ᠪᠤᠴᠠᠭᠠᠵᠦ︶ ᠬᠡᠷᠡᠭᠯᠡᠬᠦ ᠬᠡᠮᠵᠢᠶ᠎ᠡ ᠪᠠ ᠤᠰᠤᠨ ᠴᠥᠭᠦᠷᠥᠮ ᠤᠨ ᠤᠰᠤ ᠬᠠᠳᠠᠭᠠᠯᠠᠬᠤ ︵ᠤᠷᠤᠰᠬᠠᠬᠤ︶ ᠬᠡᠮᠵᠢᠶ᠎ᠡ᠂ ᠬᠠᠰᠢᠯᠭ᠎ᠠ ᠶᠢᠨ ᠲᠡᠭᠰᠢᠳᠬᠡᠭᠰᠡᠨ ᠤᠰᠤᠨ ᠲᠦᠪᠰᠢᠨ ᠵᠢᠴᠢ ᠴᠦᠭᠦᠷᠦᠮ ᠳᠤ ᠣᠷᠣᠭᠤᠯᠬᠤ ︵ᠭᠠᠷᠭᠠᠬᠤ︶ ᠤᠷᠤᠰᠬᠠᠯ ᠤᠨ ᠬᠡᠮᠵᠢᠶ᠎ᠡ ᠶᠢ ᠲᠤᠬᠢᠷᠠᠭᠤᠯᠬᠤ ᠳᠤ ᠤᠷᠤᠯᠴᠬᠠᠰᠠᠨ ᠮᠠᠲ᠋ᠧᠷᠢᠶᠠᠯ ᠢᠶᠠᠨ ᠡᠳᠦᠷ ᠪᠦᠷᠢ ᠮᠡᠳᠡᠭᠦᠯᠦᠨ ᠬᠦᠷᠭᠡᠬᠦ ᠬᠡᠷᠡᠭᠲᠡᠢ᠃
     ᠬᠤᠷᠢᠨ ᠭᠤᠷᠪᠠᠳᠤᠭᠠᠷ ᠵᠦᠢᠯ【ᠤᠰᠤ ᠬᠠᠩᠭᠠᠬᠤ ᠲᠠᠯ᠎ᠠ ᠪᠠᠷ ᠠᠮᠤᠷ ᠲᠦᠪᠰᠢᠨ ᠤ ᠠᠳᠡᠯ ᠭᠠᠷᠤᠭᠰᠠᠨ ᠪᠠᠶᠢᠳᠠᠯ ᠳᠠᠬᠢ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ】ᠠᠳᠡᠯ ᠪᠤᠶᠤ ᠪᠤᠰᠤᠳ ᠭᠡᠨᠡᠳᠲᠡ ᠶᠢᠨ ᠬᠡᠷᠡᠭ ᠭᠠᠷᠴᠤ᠂ ᠤᠰᠤ ᠪᠤᠬᠢᠷᠳᠤᠭᠤᠯᠤᠨᠨᠰᠠᠨ ᠬᠦᠨᠳᠦ ᠨᠣᠴᠢᠲᠠᠶ ᠠᠳᠡᠯ ᠭᠠᠷᠭᠠᠭᠰᠠᠨ ᠪᠤᠶᠤ ᠭᠠᠷᠴᠤ ᠮᠡᠳᠡᠬᠦ᠂ ᠡᠰᠡᠬᠦᠯ᠎ᠡ ᠤᠰᠤ ᠪᠤᠬᠢᠷᠳᠤᠭᠤᠯᠤᠨᠨᠰᠠᠨ ᠬᠦᠨᠳᠦ ᠨᠣᠴᠢᠲᠠᠶ ᠬᠡᠷᠡᠭ ᠭᠠᠷᠤᠭᠰᠠᠨ ᠠᠴᠠ ᠤᠰᠤ ᠬᠠᠩᠭᠠᠬᠤ ᠲᠠᠯ᠎ᠠ ᠶᠢᠨ ᠠᠮᠤᠷ ᠲᠦᠪᠰᠢᠨ ᠢ ᠬᠦᠨᠳᠦ ᠨᠣᠴᠢᠲᠠᠶ ᠨᠥᠯᠥᠭᠡᠯᠡᠵᠦ᠂ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ ᠴᠢᠬᠤᠯᠠᠲᠠᠶ ᠪᠤᠯᠤᠨᠨᠰᠠᠨ ᠪᠠᠶᠢᠪᠠᠯ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ᠂ ᠠᠮᠢ ᠠᠬᠤᠶ ᠣᠷᠴᠢᠨ ᠲᠣᠭᠤᠷᠢᠨ ᠵᠡᠷᠭᠡ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤ ᠪᠤᠬᠢᠷᠳᠤᠭᠤᠯᠤᠨᠨᠰᠠᠨ ᠠᠳᠡᠯ ︵ᠬᠡᠷᠡᠭ︶ ᠤᠨ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ ᠪᠡᠯᠡᠳᠬᠡᠯ ᠲᠥᠰᠦᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠭᠤᠯᠤᠯᠲᠠ ᠬᠢᠬᠦ ᠬᠡᠷᠡᠭᠳᠡᠢ︔ ᠴᠢᠬᠤᠯᠠᠳᠠᠢ ᠦᠶ᠎ᠡ ᠳᠤ᠂ ᠤᠰᠤ ᠵᠠᠯᠠᠵᠦ ᠬᠡᠷᠡᠭᠯᠡᠬᠦ ᠬᠡᠮᠵᠢᠶ᠎ᠡ ᠶᠢ ᠬᠠᠰᠤᠵᠤ ᠪᠠᠭᠠᠰᠬᠠᠬᠤ᠂ ᠤᠰᠤᠨ ᠴᠥᠭᠦᠷᠥᠮ ᠤᠨ ᠲᠤᠤᠷᠠᠳᠤ ᠤᠷᠤᠰᠬᠠᠯ ᠤᠷᠤᠭᠤ ᠤᠷᠤᠰᠬᠠᠬᠤ ᠤᠷᠤᠰᠬᠠᠯ ᠢ ᠨᠡᠮᠡᠭᠳᠡᠭᠦᠯᠬᠦ᠂ ᠤᠰᠤᠨ ᠰᠢᠨᠵᠢᠯᠡᠬᠡᠨ ᠤ ᠬᠢᠨᠠᠨ ᠰᠢᠨᠵᠢᠯᠳᠡ ᠶᠢ ᠴᠢᠩᠭᠠᠳᠬᠠᠬᠤ ᠵᠡᠷᠬᠡ ᠰᠶᠢᠳᠪᠦᠷᠢᠯᠡᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠯᠡᠵᠦ ᠪᠣᠯᠤᠨ᠎ᠠ᠃
     ᠬᠤᠷᠢᠨ ᠳᠥᠷᠪᠡᠳᠦᠭᠡᠷ ᠵᠦᠢᠯ 【 ᠪᠠᠷᠢᠯᠭ᠎ᠠ ᠶᠢᠨ ᠭᠦᠨᠳᠦ ᠶᠡᠭᠡ ᠠᠳᠡᠯ ᠭᠠᠷᠤᠨᠨᠰᠠᠨ ᠪᠠᠶᠢᠳᠠᠯ ᠳᠠᠬᠢ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ】ᠤᠰᠤᠨ ᠴᠥᠭᠦᠷᠥᠮ ᠳᠤ ᠬᠦᠨᠳᠦ ᠶᠡᠭᠡ ᠠᠵᠢᠯᠯᠠᠭᠠᠨ ᠤ ᠰᠠᠭᠠᠳ ᠵᠡᠷᠭᠡ ᠭᠡᠨᠡᠳᠲᠡ ᠶᠢᠨ ᠴᠢᠨᠠᠷᠲᠠᠶ ᠠᠳᠡᠯ ᠭᠠᠷᠤᠭᠰᠠᠨ ᠦᠶ᠎ᠡ ᠳᠤ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ ᠨᠢᠬᠡᠴᠢ ᠨᠢ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ ᠶᠢᠨ ᠬᠡᠷᠡᠭᠵᠢᠭᠦᠯᠬᠦ ᠲᠥᠰᠦᠯ ᠢ ᠳᠠᠷᠦ᠋ᠢᠬᠠᠨ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠪᠠ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠦᠯᠦᠯᠲᠡ ᠶᠢ ᠲᠤᠰᠤᠨᠨᠰᠠᠨ ᠤ ᠳᠠᠷᠠᠭ᠎ᠠ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ  ᠪᠡᠯᠡᠳᠬᠡᠯ ᠲᠥᠰᠦᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠠᠵᠢᠯ ᠢᠶᠠᠨ ᠵᠣᠬᠢᠶᠠᠨ ᠪᠠᠶᠢᠭᠤᠯᠵᠦ ᠥᠷᠨᠢᠭᠦᠯᠬᠦ ᠬᠡᠷᠡᠭᠲᠡᠶ᠃
     ᠬᠤᠷᠢᠨ ᠲᠠᠪᠤᠳᠤᠭᠠᠷ ᠵᠦᠢᠯ【 ᠤᠨᠴᠠ ᠲᠤᠨᠨᠳ᠋ᠬᠠᠰᠠᠨ ᠤᠷᠤᠨ ᠪᠦᠰᠡ ᠳᠤ ᠭᠠᠷᠤᠨᠨᠰᠠᠨ ᠤᠨᠴᠠ ᠲᠤᠨᠨᠳ᠋ᠬᠠᠰᠠᠨ ᠬᠡᠷᠡᠭ ᠢ ᠲᠦᠷ ᠴᠠᠭ ᠰᠶᠢᠳᠪᠦᠷᠢᠯᠡᠬᠦ ᠪᠠᠷ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ】ᠤᠰᠤ ᠬᠠᠩᠭᠠᠬᠤ ᠲᠦᠭᠰᠢᠭᠦᠷᠢ ᠪᠤᠶᠤ ᠠᠮᠢ ᠠᠬᠤᠶ ᠶᠢᠨ ᠲᠦᠭᠰᠢᠬᠦᠷᠢ ᠵᠡᠷᠭᠡ ᠣᠨᠴᠠ ᠲᠤᠨᠨᠳ᠋ᠬᠠᠰᠠᠨ ᠬᠡᠷᠡᠭ ᠢ ᠲᠦᠷ ᠴᠠᠭ ᠰᠶᠢᠳᠪᠦᠷᠢᠯᠡᠬᠦ ᠪᠠᠷ ᠪᠠᠴᠢᠮ ᠪᠠᠶᠢᠳᠠᠯ ᠢ  ᠠᠷᠭᠠᠴᠠᠭᠠᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠪᠤᠯᠤᠨᠨᠰᠠᠨ ᠪᠠᠶᠢᠪᠠᠯ᠂ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠨ ᠲᠤᠬᠢᠷᠠᠭᠤᠯᠬᠤ ᠠᠵᠢᠯ ᠢ ᠵᠣᠬᠢᠶᠠᠨ ᠪᠠᠶᠢᠭᠤᠯᠵᠦ ᠬᠡᠷᠡᠭᠵᠢᠬᠦᠯᠬᠦ ᠬᠡᠷᠡᠭᠳᠡᠢ᠃


      ᠲᠠᠪᠤᠳᠤᠭᠠᠷ ᠪᠦᠯᠦᠭ     ᠬᠢᠨᠠᠯᠲᠠ ᠬᠠᠮᠢᠶᠠᠷᠤᠯᠲᠠ


     ᠬᠤᠷᠢᠨ ᠵᠢᠷᠭᠤᠳᠤᠭᠠᠷ ᠵᠦᠢᠯ【ᠰᠢᠮᠳᠠᠭᠤᠯᠤᠨ ᠪᠠᠶᠢᠴᠠᠭᠠᠬᠤ ᠲᠦᠷᠢᠮ】ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠲᠦᠩᠯᠢᠶᠣᠤ ᠬᠤᠳᠠ᠂ ᠤᠯᠠᠭᠠᠨᠬᠠᠳᠠ ᠬᠤᠲᠠ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ ᠬᠡᠪᠴᠢᠶᠡᠨ ᠳᠠᠬᠢ ᠤᠰᠤᠨ ᠤ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠬᠤ ᠠᠵᠢᠯ ᠢ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠮᠥᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠲᠦᠷᠢᠮ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠵᠡᠷᠭᠡ ᠬᠠᠮᠢᠶ᠎ᠠ ᠪᠥᠬᠦᠶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠤᠷᠤᠭᠤᠯᠬᠤ ᠬᠡᠷᠡᠭᠳᠡᠢ᠃
     ᠬᠤᠷᠢᠨ ᠳᠣᠯᠣᠳᠤᠭᠠᠷ ᠵᠦᠢᠯ 【ᠰᠢᠮᠳᠠᠭᠤᠯᠤᠨ ᠪᠠᠶᠢᠴᠠᠭᠠᠬᠤ ᠡᠷᠬᠡ ᠮᠡᠳᠡᠯ 】 ᠬᠢᠨᠠᠯᠲᠠ ᠲᠠᠯᠪᠢᠵᠤ ᠪᠠᠶᠢᠴᠠᠭᠠᠬᠤ  ᠠᠵᠢᠯᠳᠠᠳ ᠲᠣᠰ ᠠᠷᠭ᠎ᠠ ᠶᠢᠨ ᠲᠣᠭᠲᠠᠭᠠᠯ ᠢ ᠭᠦᠢᠴᠡᠳᠬᠡᠬᠦ ᠳᠤ ᠪᠠᠨ ᠳᠣᠤᠷᠠᠬᠢ ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠄
     ︵ᠨᠢᠭᠡ︶ ᠪᠠᠶᠢᠴᠠᠭᠠᠭᠳᠠᠬᠤ ᠨᠢᠭᠡᠴᠢ ᠶᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠵᠦ᠂ ᠲᠡᠳᠡᠬᠡᠷ ᠢ ᠨᠢ ᠪᠠᠶᠢᠴᠠᠭᠠᠨ ᠦᠵᠡᠬᠦ ᠪᠤᠶᠤ ᠬᠠᠭᠤᠯᠠᠪᠤᠷᠢᠯᠠᠬᠤ︔
     ︵ᠬᠤᠶᠠᠷ︶ ᠪᠠᠶᠢᠴᠠᠭᠠᠭᠳᠠᠬᠤ ᠨᠢᠭᠡᠴᠢ ᠳᠤ ᠲᠤᠰ ᠠᠷᠭ᠎ᠠ ᠶᠢ ᠬᠡᠷᠡᠭᠵᠢᠬᠦᠯᠦᠭᠰᠡᠨ ᠬᠤᠯᠪᠣᠭᠳᠠᠯ ᠪᠦᠬᠦᠢ ᠠᠰᠠᠭᠤᠳᠠᠯ ᠳᠤ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔
     ︵ᠭᠤᠷᠪᠠ︶ ᠪᠠᠶᠢᠴᠠᠭᠠᠭᠳᠠᠬᠤ ᠨᠢᠭᠡᠴᠢ ᠶᠢᠨ ᠦᠢᠯᠡᠳᠪᠦᠷᠢᠯᠡᠬᠦ ᠲᠠᠯᠠᠪᠤᠷ ᠭᠠᠵᠠᠷ ᠲᠤ ᠨᠢ ᠣᠷᠣᠵᠤ ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠪᠠ ᠪᠠᠶᠢᠴᠠᠭᠠᠯᠲᠠ ᠬᠢᠬᠦ︔
     ︵ᠳᠥᠷᠪᠡ︶ ᠤᠰᠤ ᠵᠠᠯᠠᠵᠦ ︵ᠪᠤᠴᠠᠭᠠᠵᠦ︶ ᠬᠡᠷᠡᠭᠯᠡᠬᠦ ᠠᠮᠠᠰᠠᠷ ᠢ ᠨᠡᠭᠡᠭᠡᠵᠦ ᠬᠠᠭᠠᠬᠤ ᠵᠢᠴᠢ ᠤᠰᠤ ᠵᠠᠯᠠᠵᠦ ︵ ᠪᠤᠴᠠᠭᠠᠵᠦ︶ ᠬᠡᠷᠡᠭᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠬᠢᠨᠠᠨ ᠰᠢᠨᠵᠢᠬᠦ︔
     ︵ᠲᠠᠪᠤ︶ ᠪᠠᠶᠢᠴᠠᠭᠠᠭᠳᠠᠬᠤ ᠨᠢᠬᠡᠴᠢ ᠶᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ  ᠪᠠᠨ ᠵᠣᠭᠰᠤᠭᠠᠬᠤ  ᠶᠢᠨ ᠬᠠᠮᠳᠤ ᠵᠠᠯᠠᠷᠠᠭᠤᠯᠵᠤ᠂ ᠬᠠᠤᠯᠢ ᠳᠤ ᠲᠤᠨᠨᠳᠠᠭᠠᠨᠨᠰᠠᠨ ᠡᠭᠦᠷᠭᠡ ᠪᠠᠨ ᠭᠦᠢᠴᠡᠳᠬᠡᠬᠦ ᠶᠢ ᠵᠠᠷᠯᠢᠨᠨᠳᠠᠬᠤ᠃
    ᠬᠤᠷᠢᠨ ᠨᠠᠢᠮᠠᠳᠤᠭᠠᠷ ᠵᠦᠢᠯ 【ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠬᠤ】ᠬᠢᠨᠠᠯᠲᠠ ᠲᠠᠯᠪᠢᠵᠤ ᠪᠠᠶᠢᠴᠠᠭᠠᠬᠤ  ᠠᠵᠢᠯᠳᠠᠳ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠶ᠎ᠡ ᠳᠤ᠂ ᠪᠠᠶᠢᠴᠠᠭᠠᠭᠳᠠᠬᠤ ᠨᠢᠭᠡᠴᠢ ᠨᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠦᠯᠢᠶᠡᠨ ᠠᠪᠬᠤ ᠪᠠ ᠲᠡᠭᠦᠨ ᠳᠤ ᠬᠠᠮᠵᠢᠯᠴᠠᠬᠤ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠬᠢᠨᠠᠯᠲᠠ ᠲᠠᠯᠪᠢᠵᠤ ᠪᠠᠶᠢᠴᠠᠭᠠᠬᠤ ᠠᠵᠢᠯᠳᠠᠨ ᠤ ᠬᠠᠤᠯᠢ ᠶᠣᠰᠣᠭᠠᠷ ᠠᠯᠪᠠᠨ ᠠᠵᠢᠯ ᠢᠶᠠᠨ  ᠭᠦᠢᠴᠡᠳᠬᠡᠬᠦ ᠶᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
     ᠬᠤᠷᠢ ᠶᠢᠰᠦᠳᠦᠭᠡᠷ ᠵᠦᠢᠯ【ᠵᠠᠰᠠᠭ ᠵᠠᠬᠢᠷᠭᠠᠨ ᠤ ᠤᠷᠤᠨ ᠪᠦᠰᠡ ᠶᠢ ᠰᠢᠮᠳᠠᠭᠤᠯᠤᠨ ᠪᠠᠶᠢᠴᠠᠭᠠᠬᠤ】ᠤᠰᠤᠨ ᠤ ᠬᠡᠮᠵᠢᠶ᠎ᠡ ᠶᠢ ᠲᠤᠬᠢᠷᠠᠭᠤᠯᠬᠤ ᠲᠥᠯᠥᠪᠯᠡᠭᠡ ᠪᠠ ᠲᠣᠬᠢᠷᠠᠭᠤᠯᠬᠤ ᠵᠠᠷᠯᠢᠭ ᠢ ᠬᠡᠷᠡᠭᠵᠢᠭᠦᠯᠬᠦ ᠦᠭᠡᠢ ᠤᠰᠤ ᠵᠠᠯᠠᠵᠦ ᠬᠡᠷᠡᠭᠯᠡᠬᠦ ᠨᠢᠬᠡᠴᠢ ᠶᠢ ᠲᠡᠬᠡᠳᠦ ᠨᠢᠭᠡ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠡᠪᠳᠡᠷᠡᠭᠦᠯᠦᠨ ᠮᠡᠳᠡᠬᠡᠯᠡᠬᠦ ᠶᠢᠨ ᠬᠠᠮᠲᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃
     ᠭᠤᠴᠢᠳᠤᠭᠠᠷ ᠵᠦᠢᠯ【ᠲᠤᠬᠢᠷᠠᠭᠤᠯᠤᠨᠨᠰᠠᠨ ᠢ ᠨᠡᠪᠳᠡᠷᠡᠭᠦᠯᠦᠨ ᠮᠡᠳᠡᠬᠡᠯᠡᠬᠦ】ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠳᠣᠭᠢᠷᠠᠭᠤᠯᠤᠭᠰᠠᠨ ᠪᠠᠶᠢᠳᠠᠯ ᠢᠶᠠᠨ ᠵᠢᠯ ᠪᠦᠷᠢ ᠨᠡᠪᠳᠡᠷᠡᠭᠦᠯᠦᠨ ᠮᠡᠳᠡᠭᠡᠯᠡᠨ᠎ᠡ᠃
     ᠭᠤᠴᠢᠨ ᠨᠢᠭᠡᠳᠦᠭᠡᠷ ᠵᠦᠢᠯ【 ᠲᠤᠬᠢᠷᠠᠭᠤᠯᠤᠨᠨᠰᠠᠨ ᠳ᠋ᠦᠩᠨᠡᠯᠲᠡ 】ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠬᠤᠩᠱᠠᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ ᠨᠢ ᠵᠢᠯ ᠪᠦᠷᠢ ᠶᠢᠨ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠡᠬᠡᠷ᠎ᠡ ᠨᠢᠬᠡ ᠲᠣᠬᠢᠷᠠᠭᠤᠯᠤᠭᠰᠠᠨ ᠵᠢᠯ ᠤᠨ ᠤᠰᠤᠨ ᠤ ᠬᠡᠮᠵᠢᠶ᠎ᠡ ᠶᠢ ᠳᠣᠭᠢᠷᠠᠭᠤᠯᠤᠭᠰᠠᠨ ᠲᠠᠯ᠎ᠠ ᠪᠠᠷ ᠬᠢ ᠳ᠋ᠦᠩᠨᠡᠯᠲᠡ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃

     ᠵᠢᠷᠭᠤᠳᠤᠭᠠᠷ ᠪᠦᠯᠦᠭ   ᠲᠣᠭᠲᠠᠭᠠᠯ ᠠᠴᠠ ᠵᠦᠷᠢᠴᠡᠭᠰᠡᠨ ᠢ ᠰᠶᠢᠳᠪᠦᠷᠢᠯᠡᠬᠦ


     ᠭᠤᠴᠢᠨ ᠬᠤᠶᠠᠳᠤᠭᠠᠷ ᠵᠦᠢᠯ 【ᠨᠡᠪᠳᠡᠷᠡᠭᠦᠯᠦᠨ ᠮᠡᠳᠡᠬᠡᠯᠡᠵᠦ ᠰᠢᠭᠦᠮᠵᠢᠯᠡᠬᠦ ᠬᠢᠬᠡᠳ ᠵᠠᠰᠠᠭ ᠵᠠᠬᠢᠷᠭᠠᠨ ᠤ ᠰᠢᠢᠳᠬᠡᠯ ᠦᠭᠬᠦ】ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠷᠢᠭᠤᠴᠠᠯᠭ᠎ᠠ ᠲᠠᠢ ᠭᠤᠤᠯ ᠬᠠᠮᠢᠶᠠᠷᠤᠨᠨᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠴᠦ᠂ ᠶᠠᠯ᠎ᠠ ᠳᠤ ᠬᠦᠷᠦᠭᠰᠡᠨ ᠪᠠᠶᠢᠪᠠᠯ᠂ ᠡᠷᠡᠭᠦᠤ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠳᠡᠢ᠃
     ︵ᠨᠢᠭᠡ︶ ᠤᠰᠤᠨ ᠤ ᠬᠡᠮᠵᠢᠶ᠎ᠡ ᠶᠢ ᠲᠤᠬᠢᠷᠠᠭᠤᠯᠬᠤ ᠣᠨ ᠤ ᠲᠥᠯᠥᠪᠯᠡᠭᠡ᠂ ᠤᠰᠤᠨ ᠴᠥᠭᠦᠷᠥᠮ ᠪᠠ ᠤᠰᠤᠨ ᠴᠠᠬᠢᠯᠭᠠᠨ ᠦᠷᠳᠡᠬᠡᠨ ᠤ ᠠᠵᠢᠯᠯᠠᠭᠠᠨ ᠤ ᠲᠥᠯᠥᠪᠯᠡᠭᠡ ᠶᠢᠨ ᠰᠠᠨᠠᠭᠤᠯᠭ᠎ᠠ ᠶᠢ ᠴᠠᠭ ᠲᠤᠬᠠᠢ ᠳᠤ ᠨᠢ ᠳᠡᠭᠡᠭᠰᠢ ᠮᠡᠳᠡᠭᠦᠯᠦᠭᠰᠡᠨ ᠥᠭᠡᠢ︔
     ︵ᠬᠤᠶᠠᠷ︶ ᠤᠰᠤᠨ ᠤ ᠬᠡᠮᠵᠢᠶ᠎ᠡ ᠶᠢ ᠲᠣᠬᠢᠷᠠᠭᠤᠯᠬᠤ ᠣᠨ ᠤ ᠲᠥᠯᠥᠪᠯᠡᠭᠡ ᠪᠠ ᠤᠰᠤᠨ ᠤ ᠬᠡᠮᠵᠢᠶ᠎ᠡ ᠶᠢ ᠲᠣᠬᠢᠷᠠᠭᠤᠯᠬᠤ ᠪᠠᠷ ᠪᠠᠭᠤᠯᠭᠠᠭᠰᠠᠨ ᠰᠠᠷ᠎ᠠ ᠬᠤᠨᠤᠭ ᠤᠨ ᠲᠥᠰᠦᠯ᠂ ᠲᠤᠬᠠᠢ ᠶᠢᠨ ᠴᠠᠭ ᠲᠤ ᠨᠢ ᠲᠣᠬᠢᠷᠠᠭᠤᠯᠬᠤ ᠵᠠᠷᠯᠢᠭ ᠵᠢᠴᠢ ᠤᠰᠤᠨ ᠤ ᠬᠡᠮᠵᠢᠶ᠎ᠡ ᠶᠢ ᠲᠣᠬᠢᠷᠠᠭᠤᠯᠬᠤ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠭᠰᠡᠨ ᠦᠭᠡᠢ︔
     ︵ᠭᠤᠷᠪᠠ︶ ᠤᠰᠤᠨ ᠰᠢᠨᠵᠢᠯᠡᠬᠡᠨ ᠤ ᠬᠢᠨᠠᠨ ᠰᠢᠨᠵᠢᠭᠰᠡᠨ ᠲᠤᠭ᠎ᠠ ᠪᠠᠷᠢᠮᠲᠠ᠂ ᠤᠰᠤ ᠵᠠᠯᠠᠵᠦ ᠬᠡᠷᠡᠭᠯᠡᠭᠰᠡᠨ ᠬᠡᠮᠵᠢᠶᠡᠨ ᠤ ᠲᠤᠭ᠎ᠠ ᠪᠠᠷᠢᠮᠲᠠ ᠪᠤᠶᠤ ᠪᠤᠰᠤᠳ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤ ᠨᠢ ᠳᠡᠭᠡᠭᠰᠢ ᠮᠡᠳᠡᠭᠦᠯᠦᠭᠰᠡᠨ ᠦᠭᠡᠢ᠂ ᠬᠤᠳᠠᠯ ᠬᠠᠭᠤᠷᠮᠠᠭ ᠢᠶᠠᠷ ᠲᠠᠭᠯᠠᠭᠰᠠᠨ ᠪᠤᠶᠤ ᠦᠬᠡᠷᠡᠳᠦᠬᠦᠯᠵᠦ᠂ ᠤᠰᠤᠨ ᠤ ᠬᠡᠮᠵᠢᠶ᠎ᠡ ᠶᠢ ᠲᠣᠬᠢᠷᠠᠭᠤᠯᠬᠤ ᠳᠤ ᠬᠦᠨᠳᠦ ᠬᠡᠴᠡᠭᠦᠦ ᠨᠥᠯᠥᠭᠡ ᠪᠣᠯᠣᠭᠰᠠᠨ︔
     ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ ᠪᠤᠶᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠶᠢᠳᠪᠦᠷᠢᠯᠡᠭᠰᠡᠨ

ᠥᠬᠡᠶ︔
     ︵ᠲᠠᠪᠤ︶  ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠡᠭᠦᠷᠬᠡ ᠲᠤᠰᠢᠶᠠᠯ ᠳᠤ ᠪᠠᠨ ᠠᠯᠮᠠᠢᠷᠠᠨ ᠤᠰᠤᠯᠳ᠋ᠬᠠᠰᠠᠨ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ ᠵᠡᠷᠭᠡ ᠪᠤᠰᠤᠳ ᠦᠢᠯᠡ ᠠᠵᠢᠯᠯᠠᠭ᠎ᠠ᠃


    ᠳᠣᠯᠣᠳᠤᠭᠠᠷ ᠪᠦᠯᠦᠭ   ᠲᠠᠭᠠᠯᠳᠤᠭᠤᠯᠤᠯ


     ᠭᠤᠴᠢᠨ ᠭᠤᠷᠪᠠᠳᠤᠭᠠᠷ ᠵᠦᠢᠯ 【ᠬᠠᠤᠯᠢ ᠴᠠᠭᠠᠵᠠ ᠬᠠᠤᠯᠢ ᠲᠤᠨᠨᠳᠠᠭᠠᠯ ᠢ ᠵᠤᠯᠭᠠᠯᠳᠤᠭᠤᠯᠬᠤ】ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠤᠰᠤᠨ ᠤ ᠬᠡᠮᠵᠢᠶ᠎ᠡ ᠶᠢ ᠲᠤᠬᠢᠷᠠᠭᠤᠯᠬᠤ ᠠᠵᠢᠯ ᠨᠢ ᠤᠰᠤᠨ ᠤ ᠡᠬᠢ  ᠰᠤᠷᠪᠤᠯᠵᠢ ᠶᠢᠨ ᠬᠠᠮᠠᠭᠠᠯᠠᠯᠲᠠ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ᠂ ᠦᠶᠡᠷ ᠢ ᠰᠡᠷᠭᠡᠶᠢᠯᠡᠬᠦ᠂ ᠤᠰᠤᠨ ᠤ  ᠪᠤᠬᠢᠷᠳᠤᠯ ᠢ ᠰᠡᠷᠭᠡᠶᠢᠯᠡᠨ ᠵᠠᠰᠠᠬᠤ᠂ ᠭᠤᠤᠯ ᠤᠨ ᠵᠠᠮ ᠤᠨ ᠬᠠᠮᠢᠶᠠᠷᠤᠯᠲᠠ ᠪᠠ ᠤᠰᠤᠨ ᠰᠢᠨᠵᠢᠯᠡᠬᠡᠨ ᠵᠡᠷᠭᠡ ᠵᠦᠢᠯᠡᠰ ᠲᠤ ᠬᠤᠯᠪᠣᠭᠳᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠳᠦᠷᠢᠮ ᠤᠨ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃
    ᠭᠤᠴᠢᠨ ᠳᠥᠷᠪᠡᠳᠦᠭᠡᠷ ᠵᠦᠢᠯ 【ᠬᠡᠷᠡᠭᠵᠢᠭᠦᠯᠬᠦ ᠨᠠᠷᠢᠨ ᠲᠦᠷᠢᠮ】ᠲᠦᠩᠯᠢᠶᠣᠤ ᠬᠤᠲᠠ᠂ ᠤᠯᠠᠭᠠᠨᠬᠠᠳᠠ ᠬᠤᠲᠠ ᠶᠢᠨ  ᠬᠠᠮᠢᠶ᠎ᠠ ᠪᠥᠬᠦᠶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠤᠰᠤᠨ ᠴᠥᠭᠦᠷᠥᠮ᠂ ᠤᠰᠤᠨ ᠴᠠᠬᠢᠯᠭᠠᠨ ᠥᠷᠲᠡᠭᠡ ᠵᠡᠷᠭᠡ ᠬᠠᠮᠢᠶᠠᠷᠤᠯᠲᠠ ᠶᠢᠨ ᠨᠢᠬᠡᠴᠢ ᠨᠢ ᠲᠣᠰ ᠠᠷᠭ᠎ᠠ ᠶᠢ ᠦᠨᠳᠦᠰᠦᠯᠡᠨ ᠬᠠᠷᠢᠶ᠎ᠠ ᠬᠡᠪᠴᠢᠶᠡᠨ ᠳᠠᠬᠢ ᠤᠰᠤᠨ ᠤ ᠬᠡᠮᠵᠢᠶ᠎ᠡ ᠶᠢ ᠳᠣᠭᠢᠷᠠᠭᠤᠯᠬᠤ ᠶᠢᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ ᠪᠣᠯᠤᠨ᠎ᠠ᠃
    ᠭᠤᠴᠢᠨ ᠲᠠᠪᠤᠳᠤᠭᠠᠷ ᠵᠦᠢᠯ 【ᠠᠷᠭ᠎ᠠ ᠶᠢ ᠬᠡᠷᠡᠭᠵᠢᠭᠦᠯᠬᠦ】 ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ