ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/1/12

                                ᠥᠪᠥᠷ ᠵᠠᠰᠠᠭ ᠲᠠᠷᠬᠠᠭᠠᠭᠰᠠᠨ ︹2020︺ 18 ᠳ᠋ᠤᠭᠠᠷ ᠲᠣᠭᠠᠲᠤ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃
                                    2020 ᠣᠨ ᠤ 11 ᠳ᠋ᠦ᠋ᠭᠡᠷ ᠰᠠᠷ᠎ᠠ ᠶᠢᠨ 5 ᠤ ᠡᠳᠦᠷ
                                    ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶


        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ
        ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ


     ᠮᠠᠨ ᠤ ᠣᠷᠣᠨ ᠤ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠶᠡᠷᠦᠩᠬᠡᠶᠢᠯᠡᠭᠰᠡᠨ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠭᠡᠳ ᠠᠮᠢ ᠠᠬᠤᠶ ᠣᠷᠴᠢᠨ ᠲᠣᠭᠤᠷᠢᠨ ᠲᠠᠢ ᠵᠣᠬᠢᠴᠠᠯᠳᠤᠬᠤ ᠶᠢ ᠠᠬᠢᠭᠤᠯᠵᠤ᠂ ᠠᠭᠤᠷᠬᠠᠶ ᠶᠢᠨ ᠦᠢᠯᠡᠰ ᠤᠨ ᠨᠡᠭᠡᠭᠡᠨ ᠬᠥᠭᠵᠢᠭᠦᠯᠬᠦ ᠶᠢ ᠪᠣᠬᠢᠷᠲᠤᠯ ᠦᠭᠡᠶ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠭᠦᠯᠬᠦ ᠶᠢᠨ ᠲᠤᠰᠠᠳᠠ᠂ ᠤᠤᠯ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ᠂ ᠤᠤᠯ ᠤᠨ ᠤᠯᠤᠰ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠤᠤᠯ ᠤᠨ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ︽ᠪᠣᠬᠢᠷᠲᠤᠯ ᠥᠬᠡᠶ ᠠᠭᠤᠷᠬᠠᠶ ᠶᠢ ᠲᠦᠷᠭᠡᠳᠬᠡᠨ ᠪᠥᠲᠥᠭᠡᠨ ᠪᠠᠶᠢᠭᠤᠯᠬᠤ ᠲᠣᠬᠠᠢ ᠬᠡᠷᠡᠭᠵᠢᠭᠦᠯᠬᠦ ᠰᠠᠨᠠᠯ︾ ︵ᠤᠯᠤᠰ ᠭᠠᠵᠠᠷ ᠡᠬᠢ ᠲᠣᠭᠲᠠᠭᠠᠯ ﹇2017﹈ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃
     ᠨᠢᠭᠡ᠂ ᠴᠢᠬᠤᠯᠠ ᠠᠴᠢ ᠬᠤᠯᠪᠣᠭᠳᠠᠯ
     ᠮᠠᠨ ᠤ ᠣᠷᠣᠨ ᠪᠣᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠮᠣ ᠣᠷᠣᠨ ᠪᠠ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ᠂ ᠥᠩᠭᠡᠲᠦ ᠲᠡᠮᠦᠷᠯᠢᠭ ᠤᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠤᠨ᠎ᠠ᠂ ᠠᠭᠤᠷᠬᠠᠢ ᠶᠢᠨ ᠦᠢᠯᠡᠰ ᠨᠢ ᠤᠯᠤᠰ ᠠᠷᠠᠳ ᠤᠨ ᠠᠵᠤ ᠠᠬᠤᠢ ᠳᠤ ᠮᠠᠰᠢ ᠴᠢᠬᠤᠯᠠ ᠪᠠᠶᠢᠷᠢ ᠰᠠᠭᠤᠷᠢ ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠭᠡᠪᠡᠴᠦ ᠡᠭᠦᠨ ᠤ ᠳᠠᠭᠠᠤ ᠳᠤ ᠪᠠᠰᠠ ᠮᠠᠨ ᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠶᠡᠷᠦᠩᠬᠡᠶ ᠳᠤ ᠪᠠᠨ ᠨᠡᠯᠢᠶᠡᠳ ᠤᠯᠠᠮᠵᠢᠯᠠᠯᠲᠤ ᠪᠦᠳᠦᠭᠦᠯᠢᠭ ᠮᠠᠶ᠋ᠢᠭ ᠤᠨ ᠪᠣᠯᠬᠤᠷ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠵᠤ᠂ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢᠨ ᠨᠡᠶᠢᠲᠡ ᠳᠤ ᠪᠠᠨ ᠡᠵᠡᠯᠡᠵᠦ ᠬᠡᠷᠡᠭᠯᠡᠭᠰᠡᠨ ᠪᠠ ᠡᠪᠳᠡᠵᠦ ᠰᠦᠢᠳᠬᠡᠭᠰᠡᠨ ᠭᠠᠵᠠᠷ ᠰᠢᠷᠣᠢ ᠶᠢᠨ ᠲᠠᠯᠠᠪᠠᠢ ᠶᠡᠭᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠵᠤ ᠬᠠᠳᠠᠭᠠᠯᠠᠭᠰᠠᠨ ᠬᠡᠮᠵᠢᠶ᠎ᠡ ᠶᠡᠭᠡ ᠪᠠᠶᠢᠵᠤ᠂ ᠠᠭᠤᠷᠬᠠᠢ ᠶᠢᠨ ᠠᠮᠢ ᠠᠬᠤᠶ ᠶᠢᠨ ᠣᠷᠴᠢᠨ ᠲᠣᠭᠤᠷᠢᠨ ᠪᠠ ᠠᠭᠤᠷᠬᠠᠶ ᠶᠢᠨ ᠦᠢᠯᠡᠰ ᠤᠨ ᠦᠷᠭᠦᠯᠵᠢᠯᠡᠨ ᠭᠦᠭᠵᠢᠭᠦ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃ ᠪᠣᠬᠢᠷᠲᠤᠯ ᠦᠭᠡᠢ ᠠᠭᠤᠷᠬᠠᠢ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ᠂ ᠠᠭᠤᠷᠬᠠᠶ ᠶᠢᠨ ᠦᠢᠯᠡᠰ ᠤᠨ ᠬᠡᠯᠪᠡᠷᠢ ᠶᠢ ᠬᠤᠪᠢᠷᠠᠭᠤᠯᠤᠨ ᠭᠦᠭᠵᠢᠭᠦᠯᠭᠦ ᠪᠠ ᠦᠷᠭᠦᠯᠵᠢᠯᠡᠨ ᠬᠥᠭᠵᠢᠬᠦ ᠶᠢ ᠪᠠᠶᠡᠯᠡᠭᠦᠯᠬᠦ ᠶᠢᠨ ᠵᠠᠶᠢᠯᠠᠰᠢ ᠦᠭᠡᠶ ᠱᠠᠭᠠᠷᠳᠠᠯᠭ᠎ᠠ ᠪᠣᠯᠬᠤ ᠪᠥᠭᠡᠳ ᠠᠭᠤᠷᠬᠠᠶ ᠶᠢᠨ ᠦᠢᠯᠡᠰ ᠤᠨ ᠬᠦᠷᠢᠶᠡᠨ ᠳᠠᠬᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠠᠶᠢᠵᠤ᠂ ᠮᠠᠨ ᠤ ᠣᠷᠣᠨ ᠤ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠲᠣᠭᠲᠠᠭᠤᠨ ᠬᠥᠭᠵᠢᠬᠦ ᠶᠢ ᠠᠬᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
     ᠬᠤᠶᠠᠷ᠂ ᠶᠡᠷᠦᠩᠬᠡᠶ ᠱᠠᠭᠠᠷᠳᠠᠯᠭ᠎ᠠ
     ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠵᠤ ᠠᠬᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠣᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ᠂ ᠬᠠᠶᠢᠨ ᠪᠠᠶᠢᠴᠠᠭᠠᠯᠲᠠ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠪᠦᠬᠦ ᠶᠠᠪᠤᠴᠠ ᠳᠤ ᠨᠡᠶᠢᠳᠡᠮ ᠲᠤᠭᠤᠰᠢᠯᠠᠭᠤᠯᠤᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠪᠠ ᠳᠠᠶᠢᠴᠢᠯᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃
     ︵ᠬᠤᠶᠠᠷ︶ ᠶᠡᠷᠦᠩᠬᠡᠶ ᠬᠠᠷᠠᠯᠲᠠ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠭᠤᠷᠪᠠᠨ ᠱᠠᠲᠤ ᠬᠤᠯᠪᠣᠭᠠᠯᠠᠨ ᠡᠭᠦᠳᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠰᠢᠰᠲ᠋ᠧᠮ ᠲᠦᠷᠢᠮ ᠢ ᠪᠠᠶᠢᠭᠤᠯᠤᠨ᠎ᠠ︔ ᠠᠮᠢ ᠠᠬᠤᠶ ᠬᠡᠪᠡᠷᠡᠭ ᠣᠷᠣᠨ ᠤ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠶ ᠬᠡᠪᠡᠷᠡᠭ ᠣᠷᠣᠨ ᠢ ᠬᠠᠮᠠᠭᠠᠯᠠᠬᠤ᠂ ᠦᠩᠵᠢᠭᠦᠯᠦᠨ ᠰᠡᠷᠭᠦᠭᠡᠬᠦ ᠪᠠ ᠠᠵᠤ ᠦᠢᠯᠡᠰ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠮᠢ ᠠᠬᠤᠶ ᠬᠡᠪᠡᠷᠡᠭ ᠣᠷᠣᠨ ᠤ ᠡᠬᠢ ᠪᠠᠶᠠᠯᠢᠭ ᠤᠨ ᠣᠷᠴᠢᠨ ᠲᠣᠭᠤᠷᠢᠨ ᠲᠠᠢ ᠲᠣᠬᠢᠷᠠᠯᠴᠠᠭᠰᠠᠨ ᠣᠷᠴᠢᠨ ᠲᠣᠭᠤᠷᠢᠨ ᠤ ᠨᠥᠬᠦᠷᠰᠡᠭ ᠬᠡᠯᠪᠡᠷᠢ ᠪᠦᠬᠦᠢ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠂ ᠠᠮᠢ ᠠᠬᠤᠢ ᠬᠡᠪᠡᠷᠡᠭ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠨ᠎ᠡ᠃ 2023 ᠣᠨ ᠤ ᠰᠡᠭᠦᠯᠴᠢ ᠪᠣᠯᠬᠤ ᠠᠴᠠ ᠡᠮᠦᠨ᠎ᠡ᠂ ᠪᠦᠬᠦ ᠣᠷᠣᠨ ᠤ ᠠᠭᠤᠷᠬᠠᠶ ᠶᠢ ᠶᠡᠷᠦᠩᠬᠡᠢ ᠳᠤ ᠨᠢ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠨᠥᠬᠦᠴᠡᠯ ᠳᠤ ᠬᠦᠷᠦᠭᠦᠯᠵᠦ᠂ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠠᠰᠢᠭᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠵᠤ᠂ ᠠᠭᠤᠷᠬᠠᠶ ᠶᠢᠨ ᠣᠷᠣᠨ ᠤ ᠭᠠᠵᠠᠷ ᠰᠢᠷᠣᠶ ᠶᠢ ᠦᠩᠵᠢᠭᠦᠯᠦᠨ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠭᠤᠷᠬᠠᠢ ᠶᠢᠨ ᠦᠢᠯᠡᠰ ᠢ ᠪᠣᠬᠢᠷᠲᠤᠯ ᠦᠭᠡᠢ ᠪᠠᠷ ᠦᠷᠬᠦᠯᠵᠢᠯᠡᠨ ᠬᠥᠭᠵᠢᠭᠦᠯᠬᠦ ᠰᠠᠶᠢᠨ ᠣᠷᠴᠢᠯ ᠲᠠᠢ ᠵᠠᠮ ᠢᠶᠠᠷ ᠵᠠᠮᠨᠠᠭᠤᠯᠵᠤ᠂ ᠠᠷᠪᠢᠲᠠᠢ ᠪᠥᠭᠡᠳ ᠥᠨᠳᠥᠷ ᠪᠦᠲᠦᠮᠵᠢᠲᠡᠢ᠂ ᠣᠷᠴᠢᠨ ᠲᠣᠭᠤᠷᠢᠨ ᠨᠢ ᠦᠵᠡᠰᠬᠦᠯᠡᠩᠲᠦ ᠰᠠᠶᠢᠬᠠᠨ᠂ ᠠᠭᠤᠷᠬᠠᠢ ᠶᠢᠨ ᠣᠷᠣᠨ ᠨᠢ ᠡᠶ᠎ᠡ ᠵᠣᠬᠢᠴᠠᠯ ᠲᠠᠢ ᠪᠣᠬᠢᠷᠲᠤᠯ ᠦᠭᠡᠢ ᠪᠠᠶᠢᠬᠤ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠦᠨᠳᠦᠰᠦᠨ ᠳᠤ ᠪᠠᠨ ᠪᠠᠶᠢᠭᠤᠯᠤᠨ᠎ᠠ᠃
     ᠰᠢᠨ᠎ᠡ ᠪᠠᠶᠢᠭᠤᠯᠵᠤ ᠪᠠᠶᠢᠭ᠎ᠠ ᠠᠭᠤᠷᠬᠠᠶ ᠶᠢ ᠴᠦᠮ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ ᠦᠢᠯᠡᠳᠪᠦᠷᠢᠯᠡᠵᠦ ᠪᠠᠶᠢᠭ᠎ᠠ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠥᠭᠡᠷᠡᠴᠢᠯᠡᠨ ᠰᠢᠨᠡᠳᠬᠡᠵᠦ ᠲᠠᠰ ᠳᠡᠪᠰᠢᠭᠦᠯᠬᠦ ᠶᠢ ᠨᠢ ᠲᠦᠷᠭᠡᠳᠬᠡᠵᠦ᠂ ᠬᠤᠭᠤᠴᠠᠭ᠎ᠠ ᠬᠢᠵᠠᠭᠠᠷᠯᠠᠨ ᠪᠣᠬᠢᠷᠲᠤᠯ ᠥᠬᠡᠶ ᠠᠭᠤᠷᠬᠠᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ 3 ᠪᠠᠶᠢᠭᠤᠯᠵᠤ᠂ ᠨᠢᠭᠡ ᠪᠦᠯᠦᠭ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠵᠤ

ᠡᠬᠢᠯᠡᠭᠦᠯᠦᠨ᠎ᠡ᠃
     2025 ᠣᠨ ᠤ ᠰᠡᠭᠦᠯᠴᠢ ᠠᠴᠠ ᠡᠮᠦᠨ᠎ᠡ᠂ ᠪᠦᠬᠦ ᠠᠭᠤᠷᠬᠠᠶ ᠶᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠬᠦ ᠦᠭᠡᠶ ᠠᠭᠤᠷᠬᠠᠶ ᠶᠢᠨ ᠠᠵᠤ ᠠᠬᠤᠶᠢᠯᠠᠯ ᠢ ᠬᠠᠤᠯᠢ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ᠃
     ᠭᠤᠷᠪᠠ᠂ ᠭᠤᠤᠯᠳᠠᠯᠭ᠎ᠠ ᠲᠠᠢ ᠡᠭᠦᠷᠭᠡ
     ︵ᠨᠢᠭᠡ︶ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠦᠷᠢᠨᠰᠢᠬᠦᠯᠵᠦ ᠲᠡᠭᠦᠯᠳᠡᠷᠵᠢᠭᠦᠯᠦᠨ᠎ᠡ᠃ ᠪᠦᠬᠦ ᠣᠷᠣᠨ ᠤ ᠦᠢᠯᠡᠳᠪᠦᠷᠢᠯᠡᠵᠦ ᠪᠠᠶᠢᠭ᠎ᠠ ᠠᠭᠤᠷᠬᠠᠶ᠂ ᠰᠢᠨ᠎ᠡ ᠪᠠᠶᠢᠭᠤᠯᠵᠤ ᠪᠠᠶᠢᠭ᠎ᠠ ᠠᠭᠤᠷᠬᠠᠶ ᠶᠢ ᠴᠦᠮ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠤᠨ᠎ᠠ᠃ ᠬᠠᠤᠯᠢ ᠶᠣᠰᠣᠭᠠᠷ ᠠᠭᠤᠷᠬᠠᠶ ᠡᠷᠬᠢᠯᠡᠬᠦ᠂ ᠵᠢᠷᠤᠮᠵᠢᠭᠤᠯᠤᠨ ᠬᠠᠮᠢᠶᠠᠷᠬᠤ᠂ ᠶᠡᠷᠦᠩᠬᠡᠶᠢᠯᠡᠨ ᠠᠰᠢᠭᠯᠠᠬᠤ᠂ ᠮᠡᠷᠭᠡᠵᠢᠯ ᠳᠤ ᠰᠢᠨ᠎ᠡ ᠶᠢ ᠡᠭᠦᠳᠬᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠭᠠᠵᠠᠷ ᠰᠢᠷᠣᠶ ᠶᠢ ᠦᠩᠵᠢᠭᠦᠯᠦᠨ ᠠᠰᠢᠭᠯᠠᠬᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ᠂ ᠠᠵᠤ ᠠᠬᠤᠶᠢᠯᠠᠯ ᠤᠨ ᠰᠣᠶᠣᠯ ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶
     ︵ᠬᠤᠶᠠᠷ︶ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠭᠠᠵᠠᠷ ᠣᠷᠣᠨ ᠪᠠ ᠠᠵᠢᠯ ᠲᠥᠷᠥᠯ ᠤᠨ ᠣᠨᠴᠠᠯᠢᠭ ᠲᠠᠢ ᠤᠶᠠᠯᠳᠤᠭᠤᠯᠤᠨ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ ᠨᠡᠭᠦᠷᠡᠰᠦ᠂ ᠥᠩᠭᠡᠲᠦ ᠲᠡᠮᠦᠷᠯᠢᠭ᠂ ᠰᠢᠵᠢᠷ ᠠᠯᠳᠠ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠤᠰᠤ ᠴᠢᠯᠠᠭᠤ᠂ ᠬᠠᠶᠢᠷ ᠰᠢᠷᠣᠶ ᠶᠢᠨ ᠠᠭᠤᠷᠬᠠᠶ ᠵᠡᠷᠭᠡ ᠠᠵᠢᠯ ᠲᠥᠷᠥᠯ ᠤᠨ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶
     ︵ᠭᠤᠷᠪᠠ︶ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ ᠣᠷᠳᠣᠰ ᠬᠤᠲᠠ ᠶᠢᠨ ᠵᠡᠭᠦᠨᠭᠠᠷ — ᠳ᠋ᠦᠩᠱᠧᠩ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ — ᠢᠮᠢᠨ ᠭᠤᠷᠪᠠᠨ ᠶᠡᠭᠡ ᠣᠷᠣᠨ ᠪᠦᠰᠡ ᠶᠢᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢ ᠨᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ᠂ ᠰᠢᠨ᠎ᠡ ᠲᠣᠭᠲᠠᠴᠠ ᠶᠢ ᠪᠤᠢ ᠪᠣᠯᠭᠠᠨ᠎ᠠ᠃ ᠵᠢᠱᠢᠶ᠎ᠡ ᠦᠵᠡᠭᠦᠯᠬᠦ ᠣᠷᠣᠨ ᠳᠠᠬᠢ ᠠᠭᠤᠷᠬᠠᠶ ᠪᠥᠬᠦᠨ ᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠥᠪᠵᠢᠭᠦᠯᠭᠡ ᠳᠤ ᠣᠷᠣᠭᠤᠯᠤᠨ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢ ᠵᠣᠬᠢᠰᠲᠠᠢ ᠪᠠᠶᠢᠷᠢᠯᠠᠭᠤᠯᠤᠨ᠂ ᠠᠭᠤᠷᠬᠠᠢ ᠶᠢᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ᠎ᠠ︔ ᠦᠯᠡᠭᠦᠳᠡᠯ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠬᠤ ᠶᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠵᠤ ᠠᠬᠤᠶᠢᠯᠠᠯ ᠢ ᠨᠡᠶᠢᠯᠡᠭᠦᠯᠵᠦ ᠳᠠᠬᠢᠨᠲᠠ ᠵᠣᠬᠢᠶᠠᠨ ᠪᠠᠶᠢᠭᠤᠯᠬᠤ ᠪᠠ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢ ᠢᠯᠭᠠᠷᠠᠭᠤᠯᠬᠤ ᠶᠢ ᠠᠬᠢᠭᠤᠯᠬᠤ ᠯᠤᠭ᠎ᠠ ᠨᠢᠭᠲᠠ ᠤᠶᠠᠯᠳᠤᠭᠤᠯᠤᠨ᠎ᠠ︔ ᠶᠡᠷᠦᠩᠬᠡᠶᠢᠯᠡᠨ ᠬᠠᠶᠢᠵᠤ ᠪᠠᠶᠢᠴᠠᠭᠠᠬᠤ᠂ ᠦᠨᠡᠯᠡᠬᠦ᠂ ᠨᠡᠭᠡᠭᠡᠨ ᠬᠥᠭᠵᠢᠭᠦᠯᠬᠦ ᠪᠠ ᠠᠰᠢᠭᠯᠠᠬᠤ ᠶᠢ ᠠᠬᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠡᠨᠧᠷᠭᠢ ᠶᠢᠨ ᠬᠤᠷᠤᠭᠳᠠᠯ᠂ ᠭᠠᠵᠠᠷ ᠰᠢᠷᠣᠶ ᠶᠢᠨ ᠬᠤᠷᠤᠭᠳᠠᠯ ᠪᠠ ᠣᠰᠤᠨ ᠤ ᠬᠤᠷᠤᠭᠳᠠᠯ ᠤᠨ ᠬᠡᠮᠵᠢᠶ᠎ᠡ ᠶᠢ ᠪᠠᠭᠠᠰᠬᠠᠨ᠎ᠠ᠃ ︵ᠬᠠᠮᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶
     ︵ᠳᠥᠷᠪᠡ︶ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠬᠢᠷᠲᠤᠯ ᠥᠬᠡᠶ ᠬᠠᠶᠢᠨ ᠪᠠᠶᠢᠴᠠᠭᠠᠬᠤ ᠣᠨᠣᠯᠵᠢᠬᠤᠨ ᠢ ᠪᠣᠶ ᠪᠣᠯᠭᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠠᠴᠠ ᠪᠡᠯᠡ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠳᠠᠬᠢ ᠬᠡᠰᠡᠭ ᠲᠥᠷᠥᠯ ᠵᠦᠢᠯ ᠢ ᠨᠢ ᠰᠣᠩᠭᠤᠨ ᠠᠪᠴᠤ ᠲᠤᠷᠰᠢᠯᠲᠠ ᠶᠢᠨ ᠴᠡᠭ ᠪᠣᠯᠭᠠᠵᠤ ᠪᠣᠬᠢᠷᠲᠤᠯ ᠦᠭᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠰᠢᠨ᠎ᠡ ᠡᠭᠦᠳᠦᠯᠲᠡ ᠶᠢ ᠥᠷᠨᠢᠭᠦᠯᠦᠨ᠎ᠡ᠃ ᠨᠡᠶᠢᠭᠡᠮ ᠤᠨ ᠬᠢᠨ ᠪᠡᠯᠡ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠢᠶᠠᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠶ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠢᠳᠡᠪᠬᠢᠲᠡᠶ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠬᠤ ᠪᠠ ᠳᠡᠮᠵᠢᠨ᠎ᠡ᠃ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠳᠠᠮᠵᠢᠭᠤᠯᠤᠨ ᠪᠣᠬᠢᠷᠲᠤᠯ ᠥᠬᠡᠶ ᠬᠠᠶᠢᠨ ᠪᠠᠶᠢᠴᠠᠭᠠᠬᠤ ᠠᠵᠢᠯ ᠢ ᠠᠬᠢᠭᠤᠯᠤᠨ᠎ᠠ᠃ ᠭᠠᠵᠠᠷ ᠰᠢᠨᠵᠢᠯᠡᠭᠡᠨ ᠤ ᠠᠵᠢᠯ ᠲᠥᠷᠥᠯ ᠤᠨ ᠬᠢᠨ ᠬᠠᠶᠢᠨ ᠪᠠᠶᠢᠴᠠᠭᠠᠬᠤ ᠮᠡᠷᠭᠡᠵᠢᠯ᠂ ᠤᠷᠠᠯᠠᠯ ᠪᠠ ᠠᠷᠭ᠎ᠠ ᠪᠠᠷᠢᠯ ᠢ ᠰᠤᠳᠤᠯᠬᠤ ᠪᠠ ᠳᠡᠯᠭᠡᠷᠡᠭᠦᠯᠬᠦ ᠪᠠᠨ ᠴᠢᠩᠭᠠᠳᠬᠠᠨ᠂ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠪᠠᠷ ᠳᠠᠮᠵᠢᠭᠤᠯᠵᠤ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢᠨ ᠰᠦᠢᠳᠦᠯ ᠢ ᠪᠠᠭᠠᠰᠬᠠᠵᠤ᠂ ᠠᠮᠢ ᠠᠬᠤᠶ ᠶᠢ ᠬᠠᠷᠰᠢᠯᠠᠨ ᠨᠥᠯᠥᠭᠡᠯᠡᠬᠦ ᠶᠢ ᠨᠢ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶
     ︵ᠲᠠᠪᠤ︶ ᠰᠢᠨ᠎ᠡ ᠪᠠᠶᠢᠭᠤᠯᠬᠤ ᠠᠭᠤᠷᠬᠠᠢ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠨ᠎ᠠ᠃ ᠰᠢᠨ᠎ᠡ ᠪᠠᠷ ᠪᠠᠶᠢᠷᠢᠯᠠᠭᠤᠯᠵᠤ ᠪᠠᠶᠢᠭ᠎ᠠ ᠠᠭᠤᠷᠬᠠᠶ ᠳᠤ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠶᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠭᠤᠷᠬᠠᠶ ᠶᠢᠨ ᠬᠦᠷᠦᠰᠦ ᠳᠠᠪᠬᠤᠷᠭ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠶ ᠶᠢ ᠦᠩᠵᠢᠭᠦᠯᠦᠨ ᠠᠰᠢᠭᠯᠠᠬᠤ ᠲᠥᠰᠦᠯ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ ᠲᠥᠰᠦᠯ ᠳᠤ ᠣᠷᠣᠭᠤᠯᠵᠤ᠂ ᠨᠢᠭᠡᠳᠦᠯᠲᠡᠶ ᠨᠠᠶᠢᠷᠠᠭᠤᠯᠤᠨ ᠵᠣᠬᠢᠶᠠᠵᠤ ᠨᠢᠭᠡᠳᠦᠯᠲᠡᠢ ᠬᠢᠨᠠᠨ ᠪᠠᠶᠢᠴᠠᠭᠠᠵᠤ ᠨᠢᠭᠡᠳᠦᠯᠲᠡᠶ ᠬᠡᠷᠡᠭᠵᠢᠭᠦᠯᠦᠨ᠎ᠡ︔ ᠣᠷᠴᠢᠨ ᠲᠣᠭᠤᠷᠢᠨ ᠢ ᠡᠪᠳᠡᠬᠦ ᠪᠠᠷ ᠨᠡᠯᠢᠶᠡᠳ ᠪᠠᠭ᠎ᠠ ᠪᠠᠶᠢᠳᠠᠭ ᠨᠡᠭᠡᠭᠡᠨ ᠮᠠᠯᠲᠠᠬᠤ ᠠᠷᠭ᠎ᠠ ᠮᠠᠶ᠋ᠢᠭ᠂ ᠠᠭᠤᠷᠬᠠᠶ ᠮᠠᠯᠲᠠᠬᠤ ᠮᠡᠷᠭᠡᠵᠢᠯ ᠪᠠ ᠠᠭᠤᠷᠬᠠᠢ ᠰᠢᠯᠢᠬᠦ ᠠᠷᠭ᠎ᠠ ᠶᠢ ᠰᠣᠩᠭᠤᠨ ᠬᠡᠷᠡᠭᠯᠡᠵᠦ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠵᠦ᠂ ᠠᠵᠤ ᠠᠬᠤᠶᠢᠯᠠᠯ ᠤᠨ ᠬᠢᠨ ᠤ ᠠᠮᠢ ᠠᠬᠤᠶ ᠶᠢ ᠬᠠᠮᠠᠭᠠᠯᠠᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ ᠪᠦᠲᠦᠮᠵᠢᠲᠡᠶ ᠰᠢᠢᠳᠪᠦᠷᠢᠯᠡᠨ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠨᠢ ᠪᠠᠷᠢᠮᠵᠢᠶ᠎ᠠ ᠳᠤ ᠬᠦᠷᠦᠭᠦᠯᠦᠨ᠎ᠡ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠤᠰᠤ ᠪᠠ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠰᠢᠨ᠎ᠡ ᠪᠠᠶᠢᠭᠤᠯᠬᠤ ᠠᠭᠤᠷᠬᠠᠶ ᠨᠤᠭᠤᠳ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠡᠰᠡᠬᠦ ᠶᠢ ᠨᠢ ᠴᠢᠩᠭ᠎ᠠ ᠡᠵᠡᠮᠳᠡᠵᠦ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠦ ᠪᠠᠶᠢᠬᠤ ᠡᠰᠡᠬᠦ ᠶᠢ ᠬᠢᠨᠠᠨ ᠬᠠᠷᠭᠤᠭᠤᠯᠬᠤ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤᠷ ᠲᠦᠪᠰᠢᠨ ᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠂ ᠠᠭᠤᠷᠬᠠᠢ ᠶᠢᠨ ᠪᠣᠬᠢᠷᠲᠤᠯ ᠦᠭᠡᠢ ᠪᠦᠭᠡᠳ ᠠᠶᠤᠯ ᠦᠭᠡᠢ ᠦᠢᠯᠡᠳᠪᠦᠷᠢᠯᠡᠬᠦ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶
     ︵ᠵᠢᠷᠭᠤᠭ᠎ᠠ︶ ᠦᠢᠯᠡᠳᠪᠦᠷᠢᠯᠡᠵᠦ ᠪᠠᠶᠢᠭ᠎ᠠ ᠠᠭᠤᠷᠬᠠᠢ ᠶᠢ ᠪᠠᠷᠢᠮᠵᠢᠶ᠎ᠠ ᠳᠤ ᠬᠦᠷᠦᠭᠦᠯᠵᠦ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠠᠭᠤᠷᠬᠠᠢ ᠶᠢᠨ ᠣᠷᠴᠢᠨ ᠲᠣᠭᠤᠷᠢᠨ ᠤ ᠣᠳᠣᠬᠢ ᠪᠠᠶᠢᠳᠠᠯ ᠤᠨ ᠪᠠᠶᠢᠴᠠᠭᠠᠯᠲᠠ ᠶᠢ ᠦᠨᠳᠦᠰᠦᠯᠡᠨ᠂ ︽ᠬᠡᠨ ᠡᠪᠳᠡᠭᠰᠡᠨ ᠪᠣᠯ ᠬᠡᠨ ᠦᠩᠵᠢᠭᠦᠯᠦᠨ ᠠᠰᠢᠭᠯᠠᠬᠤ︾ ᠵᠠᠷᠴᠢᠮ ᠶᠣᠰᠣᠭᠠᠷ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠠᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠪᠠᠨ ᠲᠦᠷᠭᠡᠳᠬᠡᠨ ᠨᠠᠶᠢᠷᠠᠭᠤᠯᠵᠤ ᠵᠣᠬᠢᠶᠠᠨ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠣᠨ ᠤ ᠠᠬᠢᠭᠤᠯᠬᠤ ᠲᠥᠯᠥᠪᠯᠡᠭᠡ ᠪᠠᠨ ᠲᠣᠭᠲᠠᠭᠠᠵᠤ᠂ ᠦᠢᠯᠡᠳᠪᠦᠷᠢᠯᠡᠵᠦ ᠪᠠᠶᠢᠭ᠎ᠠ ᠠᠭᠤᠷᠬᠠᠶ ᠪᠠᠨ ᠪᠣᠬᠢᠷᠲᠤᠯ ᠥᠬᠡᠶ ᠠᠭᠤᠷᠬᠠᠶ ᠪᠣᠯᠭᠠᠵᠤ ᠪᠥᠲᠥᠭᠡᠨ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠠᠭᠤᠷᠬᠠᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ︽ᠮᠠᠯᠲᠠᠬᠤ ᠶᠢᠨ ᠳᠠᠭᠠᠤ ᠵᠠᠰᠠᠬᠤ︾ ᠡᠷᠴᠢᠮ ᠢᠶᠠᠨ ᠴᠢᠩᠭᠠᠷᠠᠭᠤᠯᠤᠨ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠠᠯ᠎ᠠ ᠶᠢᠨ ᠦᠨᠡᠨ ᠬᠦ ᠶᠠᠪᠤᠭᠳᠠᠭᠤᠰᠢᠲᠠᠶ ᠲᠥᠰᠦᠯ ᠢ ᠲᠣᠭᠲᠠᠭᠠᠵᠤ᠂ ᠠᠮᠢ ᠠᠬᠤᠢ ᠶᠢᠨ ᠠᠵᠢᠯ ᠳᠤ ᠤᠯᠠᠭᠠᠨ ᠲᠤᠭ᠎ᠠ ᠦᠯᠡᠳᠡᠭᠡᠬᠦ ᠦᠭᠡᠢ᠃ ᠨᠡᠭᠡᠭᠡᠵᠦ ᠮᠠᠯᠲᠠᠭᠰᠠᠨ ᠢᠶᠠᠨ ᠳᠠᠬᠢᠨᠲᠠ ᠮᠠᠯᠲᠠᠬᠤ ᠨᠣᠷᠮ᠎ᠠ᠂ ᠠᠭᠤᠷᠬᠠᠢ ᠰᠤᠩᠭᠤᠬᠤ ᠪᠤᠴᠠᠭᠠᠨ ᠬᠤᠷᠢᠶᠠᠬᠤ ᠨᠣᠷᠮ᠎ᠠ᠂ ᠶᠡᠷᠦᠩᠬᠡᠶᠢᠯᠡᠨ ᠠᠰᠢᠭᠯᠠᠬᠤ ᠨᠣᠷᠮ᠎ᠠ ᠳᠤ ᠰᠤᠭᠤᠴᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠳᠤ ᠬᠦᠷᠭᠡᠭᠦ ᠶᠢ ᠲᠦᠷᠭᠡᠣᠡᠭᠡᠨ᠎ᠠ᠃ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠵᠢᠴᠢ ᠪᠠᠷᠢᠮᠵᠢᠶ᠎ᠠ ᠶᠣᠰᠣᠭᠠᠷ᠂ ᠠᠵᠤ ᠠᠬᠤᠶᠢᠯᠠᠯ ᠤᠨ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠨ ᠠᠬᠢᠭᠤᠯᠤᠨ᠎ᠠ᠃ ︽ᠭᠤᠷᠪᠠᠨ ᠬᠠᠶᠠᠭᠳᠠᠮᠠᠯ︾ ᠢ ᠬᠠᠮᠢᠶᠠᠷᠬᠤ ᠪᠠᠨ ᠴᠢᠩᠭᠠᠷᠠᠭᠤᠯᠵᠤ᠂ ᠠᠶᠤᠯ ᠦᠭᠡᠢ ᠦᠢᠯᠡᠣᠡᠪᠣᠷᠢᠯᠡᠯ ᠤᠨ ᠬᠠᠮᠢᠶᠠᠷᠣᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠦᠯᠡᠳᠡᠭᠳᠡᠯ ᠠᠭᠤᠷᠬᠠᠢ ᠪᠠ ᠬᠠᠶᠠᠭᠳᠠᠮᠠᠯ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠨᠢ ᠠᠬᠢᠭᠤᠯᠤᠨ᠎ᠠ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠲᠡᠷᠢᠭᠦᠨ ᠤ ᠠᠭᠤᠷᠬᠠᠶ ᠮᠠᠯᠲᠠᠬᠤ ᠮᠡᠷᠭᠡᠵᠢᠯ ᠪᠠ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠠᠰᠢᠭᠯᠠᠨ ᠠᠮᠢ ᠠᠬᠤᠶ ᠣᠷᠴᠢᠨ ᠲᠣᠭᠤᠷᠢᠨ ᠳᠤ ᠨᠥᠯᠥᠭᠡ ᠪᠣᠯᠬᠤ ᠶᠢ ᠨᠢ ᠪᠠᠭᠠᠰᠬᠠᠨ᠎ᠠ᠃ ᠠᠭᠤᠷᠬᠠᠶ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠳᠤ ᠬᠠᠶᠠᠭᠳᠠᠮᠠᠯ ᠪᠤᠳᠠᠰ ᠰᠢᠷᠣᠶ ᠭᠠᠳᠠᠭᠰᠢᠯᠠᠭᠤᠯᠬᠤ ᠲᠠᠯᠠᠪᠠᠶ ᠪᠠ ᠭᠠᠳᠠᠭᠰᠢᠯᠠᠭᠤᠯᠬᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶
     ︵ᠳᠣᠯᠤᠭ᠎ᠠ︶ ᠠᠭᠤᠷᠬᠠᠶ ᠶᠢᠨ ᠣᠷᠤᠨ ᠪᠠ ᠣᠷᠣᠨ ᠨᠤᠲᠤᠭ ᠤᠨ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠤᠨ᠎ᠠ᠃ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠠᠰᠢᠭ ᠲᠤᠰᠠ ᠶᠢᠨ ᠬᠤᠪᠢᠶᠠᠷᠢᠯᠠᠬᠤ ᠲᠣᠭᠲᠠᠴᠠ ᠶᠢ ᠰᠤᠳᠤᠯᠤᠨ ᠲᠡᠭᠦᠯᠳᠡᠷᠵᠢᠭᠦᠯᠵᠦ᠂ ᠠᠭᠤᠷᠬᠠᠶ ᠶᠢᠨ ᠣᠷᠣᠨ ᠤ ᠰᠠᠭᠤᠭᠠᠯᠢ ᠠᠷᠠᠳ ᠤᠨ ᠠᠰᠢᠭ ᠲᠤᠰᠠ ᠪᠠ ᠠᠭᠤᠷᠬᠠᠶ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ᠂ ᠣᠯᠠᠨ ᠲᠦᠮᠡᠨ ᠤ ᠲᠥᠯᠥᠭᠡᠯᠡᠭᠴᠢ ᠬᠢᠭᠡᠳ ᠠᠵᠤ ᠠᠬᠤᠶᠢᠯᠠᠯ ᠤᠨ ᠠᠵᠢᠯ ᠶᠠᠪᠤᠳᠠᠯ ᠵᠥᠪᠯᠡᠨ ᠵᠣᠬᠢᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠭᠤᠷᠬᠠᠶ ᠶᠢᠨ ᠣᠷᠤᠨ ᠪᠠ ᠣᠷᠣᠨ ᠨᠤᠲᠤᠭ ᠤᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠬᠤ ᠪᠠᠶᠢᠭᠤᠯᠤᠮᠵᠢ ᠪᠠ ᠠᠵᠢᠯᠲᠠᠨ ᠢᠶᠠᠨ ᠲᠣᠳᠣᠷᠬᠠᠢ ᠲᠣᠭᠲᠠᠭᠠᠨ᠂ ᠡᠯ᠎ᠡ ᠲᠥᠷᠥᠯ ᠤᠨ ᠵᠥᠷᠢᠴᠡᠯ ᠢ ᠴᠠᠭ ᠲᠤᠬᠠᠶ ᠳᠤ ᠨᠢ ᠲᠣᠬᠢᠲᠠᠶ ᠰᠢᠢᠳᠪᠦᠷᠢᠯᠡᠨ᠎ᠡ᠃ ᠠᠭᠤᠷᠬᠠᠢ ᠶᠢᠨ ᠠᠵᠤ ᠠᠬᠤᠶᠢᠯᠠᠯ ᠨᠢ ᠬᠠᠤᠯᠢ ᠶᠣᠰᠣᠭᠠᠷ ᠵᠢᠷᠤᠮᠵᠢᠯ ᠲᠠᠢ ᠨᠡᠭᠡᠭᠡᠨ ᠮᠠᠯᠲᠠᠵᠤ᠂ ᠠᠭᠤᠷᠬᠠᠢ ᠶᠢᠨ ᠣᠷᠣᠨ ᠪᠠ ᠣᠷᠣᠨ ᠨᠤᠲᠤᠭ ᠤᠨ ᠵᠥᠷᠢᠴᠡᠯ ᠢ ᠵᠣᠬᠢᠴᠠᠭᠤᠯᠤᠨ ᠠᠷᠢᠯᠭᠠᠬᠤ ᠲᠣᠭᠲᠠᠴᠠ ᠶᠢ ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠵᠦ᠂ ᠠᠵᠤ ᠠᠬᠤᠶᠢᠯᠠᠯ ᠤᠨ ᠰᠠᠶᠢᠨ ᠰᠠᠶᠢᠬᠠᠨ ᠲᠦᠷᠢ ᠲᠥᠷᠬᠦ ᠶᠢ ᠪᠣᠢ ᠪᠣᠯᠭᠠᠨ᠎ᠠ︔ ᠣᠷᠣᠨ ᠨᠤᠲᠤᠭ ᠤᠨ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠶᠢ ᠨᠢ ᠬᠦᠴᠦᠲᠡᠢ ᠳᠠᠮᠵᠢᠵᠤ᠂ ᠠᠭᠤᠷᠬᠠᠢ ᠶᠢᠨ ᠣᠷᠣᠨ ᠵᠢᠴᠢ ᠲᠡᠭᠦᠨ ᠤ ᠡᠷᠭᠢᠨ ᠲᠣᠭᠤᠷᠢᠨ ᠳᠠᠬᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ︔ ᠠᠵᠢᠯ ᠣᠯᠭᠤᠬᠤ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠠᠭᠤᠷᠬᠠᠢ ᠶᠢᠨ ᠣᠷᠣᠨ ᠤ ᠡᠷᠭᠢᠨ ᠲᠣᠭᠤᠷᠢᠨ ᠳᠠᠬᠢ ᠰᠠᠭᠤᠭᠠᠯᠢ ᠠᠷᠠᠳ ᠢ ᠤᠷᠢᠳ ᠢᠶᠠᠷ ᠲᠣᠬᠢᠷᠠᠭᠤᠯᠤᠨ᠂ ᠶᠠᠳᠠᠭᠤ ᠶᠢ ᠲᠡᠳᠬᠦᠵᠦ ᠲᠤᠰᠠᠯᠠᠬᠤ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ︔ ᠬᠥᠳᠡᠯᠮᠦᠷᠢ ᠦᠢᠯᠡᠴᠢᠯᠡᠭᠡ ᠳᠤ ᠨᠠᠶᠢᠳᠠᠬᠤ᠂ ᠪᠠᠷᠢᠯᠭ᠎ᠠ ᠳᠠᠭᠠᠭᠠᠴᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠶᠢᠭ᠎ᠠ ᠭᠠᠵᠠᠷ ᠣᠷᠣᠨ ᠳᠠᠬᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠨᠢ ᠳᠠᠮᠵᠢᠨ᠎ᠠ᠃ ᠠᠭᠤᠷᠬᠠᠢ ᠶᠢᠨ ᠲᠠᠯ᠎ᠠ ᠶᠢᠨ ᠬᠢᠨ ᠦᠢᠯᠡᠳᠪᠦᠷᠢᠯᠡᠯ ᠤᠨ ᠶᠠᠪᠤᠴᠠ ᠳᠤ ᠪᠠᠨ ᠨᠡᠶᠢᠭᠡᠮ ᠲᠣᠭᠤᠷᠢᠭ ᠤᠨ ᠠᠮᠢᠳᠤᠷᠠᠯ ᠢ ᠨᠥᠯᠥᠭᠡᠯᠡᠵᠦ ᠮᠡᠳᠡᠬᠦ ᠦᠢᠯᠡᠣᠡᠪᠣᠷᠢᠯᠡᠭᠦ ᠠᠵᠢᠯ ᠢᠶᠠᠨ ᠴᠠᠭ ᠲᠤᠬᠠᠶ ᠳᠤ ᠨᠢ ᠲᠣᠬᠢᠷᠠᠭᠤᠯᠤᠨ᠂ ᠠᠷᠠᠳ ᠣᠯᠠᠨ ᠤ ᠠᠮᠢᠳᠤᠷᠠᠯ ᠢ ᠨᠦᠯᠣᠭᠡᠯᠡᠭᠦ ᠪᠠᠨ ᠪᠠᠭᠠᠰᠬᠠᠬᠤ ᠬᠡᠷᠩᠳᠠᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ︶
     ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ
     ︵ᠨᠢᠭᠡ︶ ᠳᠡᠮᠵᠢᠬᠦ ᠲᠥᠷᠥ ᠶᠢᠨ ᠪᠣᠳᠣᠯᠭ᠎ᠠ᠃ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠦᠭᠡᠢ ᠠᠭᠤᠷᠬᠠᠶ ᠶᠢ ᠴᠢᠷᠮᠠᠶᠢᠨ ᠡᠭᠦᠳᠬᠦ ᠶᠢ ᠨᠢ ᠵᠣᠷᠢᠭᠵᠢᠭᠤᠯᠤᠨ᠎ᠠ᠃ ᠤᠯᠤᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠨᠡᠷᠡᠰ ᠤᠨ ᠬᠥᠮᠥᠷᠭᠡ ᠳᠤ ᠣᠷᠣᠭᠰᠠᠨ ᠠᠭᠤᠷᠬᠠᠢ ᠶᠢᠨ ᠠᠵᠤ ᠠᠬᠤᠶᠢᠯᠠᠯ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠨ᠎ᠡ᠃
     1. ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠡᠮᠵᠢᠬᠦ ᠲᠥᠷᠥ ᠶᠢᠨ ᠪᠣᠳᠣᠯᠭ᠎ᠠ᠃ ᠶᠡᠷᠦᠩᠬᠡᠶ ᠬᠡᠮᠵᠢᠶ᠎ᠡ ᠶᠢ ᠨᠢ ᠲᠤᠬᠢᠷᠠᠭᠤᠯᠤᠨ ᠡᠵᠡᠮᠳᠡᠬᠦ ᠶᠢ ᠬᠡᠷᠡᠭᠵᠢᠭᠦᠯᠵᠦ ᠪᠠᠶᠢᠭ᠎ᠠ ᠠᠭᠤᠷᠬᠠᠢ ᠶᠢᠨ ᠲᠥᠷᠥᠯ ᠤᠨ ᠨᠡᠭᠡᠭᠡᠨ ᠮᠠᠯᠲᠠᠬᠤ ᠭᠦᠢᠴᠡᠳᠬᠡᠯ ᠲᠤᠭ᠎ᠠ᠂ ᠠᠭᠤᠷᠬᠠᠢ ᠶᠢᠨ ᠠᠵᠢᠯ ᠲᠥᠷᠥᠯ ᠤᠨ ᠡᠷᠬᠡ ᠶᠢᠨ ᠣᠷᠣᠭᠤᠯᠤᠯᠲᠠ ᠳᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠠᠭᠤᠷᠬᠠᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠪᠡᠯ ᠪᠣᠬᠢᠷᠲᠤᠯ ᠦᠭᠡᠶ ᠠᠭᠤᠷᠬᠠᠶ ᠪᠠ ᠪᠣᠬᠢᠷᠲᠤᠯ ᠦᠭᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠲᠡᠶᠢᠰᠢ ᠤᠷᠢᠳ ᠢᠶᠠᠷ ᠲᠣᠬᠢᠷᠠᠭᠤᠯᠤᠨ᠎ᠠ᠃
     2. ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠬᠦ ᠳᠤ ᠳᠡᠮᠵᠢᠬᠦ ᠲᠥᠷᠥ ᠶᠢᠨ ᠪᠣᠳᠣᠯᠭ᠎ᠠ᠃
     ︵1︶ ᠭᠠᠵᠠᠷ ᠰᠢᠷᠣᠢ ᠶᠢ ᠠᠰᠢᠭᠯᠠᠬᠤ ᠲᠥᠯᠥᠪᠵᠢᠭᠦᠯᠭᠡ ᠲᠥᠯᠥᠪᠯᠡᠭᠡ ᠶᠢᠨ ᠪᠠᠲᠤᠯᠠᠭ᠎ᠠ᠃ ᠡᠯ᠎ᠡ ᠭᠠᠵᠠᠷ ᠣᠷᠣᠨ ᠨᠢ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠲᠣᠬᠢᠷᠠᠭᠤᠯᠵᠤ ᠲᠡᠭᠦᠯᠳᠡᠷᠵᠢᠭᠦᠯᠬᠦ ᠳᠤ ᠪᠠᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠲᠥᠷᠥᠯ ᠵᠦᠢᠯ ᠢ ᠨᠢ ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤᠨ ᠳᠤ ᠣᠷᠣᠭᠤᠯᠬᠤ ᠶᠢᠨ ᠬᠠᠮᠲᠤ᠂ ᠭᠠᠵᠠᠷ ᠰᠢᠷᠣᠶ ᠠᠰᠢᠭᠯᠠᠬᠤ ᠣᠨ ᠤ ᠲᠥᠯᠥᠪᠯᠡᠭᠡ ᠳᠤ ᠪᠠᠨ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠦᠷᠭᠡᠳᠭᠡᠨ ᠪᠠᠶᠢᠭᠤᠯᠬᠤ ᠶᠢᠨ ᠵᠦᠶ ᠶᠤᠰᠤᠨ ᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠠᠲᠤᠯᠠᠨ᠎ᠠ᠃
     ︵2︶ ᠭᠠᠵᠠᠷ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠠᠭᠤᠷᠬᠠᠶ ᠮᠠᠯᠲᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢ ᠨᠢ ᠬᠠᠤᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ᠂ ᠵᠥᠪᠳᠡᠯᠴᠡᠬᠡᠷ ᠤᠨ ᠠᠷᠭ᠎ᠠ ᠮᠠᠶ᠋ᠢᠭ ᠢᠶᠠᠷ ᠬᠢᠮᠳᠠ ᠪᠠᠷ ᠬᠤᠳᠠᠯᠳᠤᠬᠤ᠂ ᠲᠦᠷᠢᠶᠡᠰᠦᠯᠡᠬᠦ ᠪᠤᠶᠤ ᠤᠷᠢᠳ ᠢᠶᠠᠷ ᠲᠦᠷᠢᠶᠡᠰᠦᠯᠡᠵᠦ ᠳᠠᠷᠠᠭ᠎ᠠ ᠨᠢ ᠰᠢᠯᠵᠢᠭᠦᠯᠦᠨ ᠥᠭᠴᠦ ᠪᠣᠯᠤᠨ᠎ᠠ︔ ᠠᠭᠤᠷᠬᠠᠢ ᠶᠢᠨ ᠦᠢᠯᠡᠳᠪᠦᠷᠢᠯᠡᠬᠦ ᠦᠶᠡᠯᠡᠯ᠂ ᠨᠡᠭᠡᠭᠡᠨ ᠮᠠᠯᠲᠠᠬᠤ ᠵᠢᠯ ᠬᠤᠭᠤᠴᠠᠭ᠎ᠠ ᠶᠢ ᠦᠨᠳᠦᠰᠦᠯᠡᠵᠦ᠂ ᠬᠢᠮᠳᠠ ᠪᠠᠷ ᠬᠤᠳᠠᠯᠳᠤᠬᠤ ᠳᠤ ᠬᠠᠤᠯᠢ ᠪᠠᠷ ᠲᠣᠭᠲᠠᠭᠠᠭᠰᠠᠨ ᠬᠠᠮᠤᠭ ᠤᠨ ᠤᠷᠲᠤ ᠵᠢᠯ ᠬᠤᠭᠤᠴᠠᠭᠠᠨ ᠤ ᠳᠣᠲᠣᠷ᠎ᠠ᠂ ᠭᠠᠵᠠᠷ ᠰᠢᠷᠣᠶ ᠬᠡᠷᠡᠭᠯᠡᠬᠦ ᠡᠷᠬᠡ ᠶᠢᠨ ᠬᠢᠮᠳᠠ ᠪᠠᠷ ᠬᠤᠳᠠᠯᠳᠤᠬᠤ ᠣᠨ ᠵᠢᠯ ᠢ ᠠᠮᠢᠳᠤᠯᠢᠭ ᠢᠶᠠᠷ ᠰᠣᠩᠭᠤᠵᠤ᠂ ᠤᠶᠠᠨᠯᠢᠭ ᠴᠢᠨᠠᠷᠲᠠᠢ ᠬᠢᠮᠳᠠ ᠪᠠᠷ ᠬᠤᠳᠠᠯᠳᠤᠬᠤ ᠶᠢ ᠬᠡᠷᠡᠭᠵᠢᠭᠦᠯᠵᠦ ᠪᠣᠯᠬᠤ ᠶᠢᠨ ᠬᠠᠮᠲᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠭᠡᠷ᠎ᠡ ᠳᠤ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠦᠨ᠎ᠡ ᠶᠢᠨ ᠵᠣᠭᠤᠰ ᠢ ᠬᠤᠭᠤᠴᠠᠭ᠎ᠠ ᠬᠤᠪᠢᠶᠠᠨ ᠲᠤᠰᠢᠶᠠᠵᠤ ᠪᠣᠯᠬᠤ ᠶᠢ ᠨᠢ ᠪᠣᠯᠵᠣᠨ ᠲᠣᠭᠲᠠᠵᠤ ᠪᠣᠯᠤᠨ᠎ᠠ᠃
     ︵3︶ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢ ᠠᠭᠤᠷᠬᠠᠶ ᠳᠤ ᠬᠡᠷᠡᠭᠯᠡᠬᠦ ᠪᠠᠷ ᠰᠤᠯᠠ ᠲᠠᠯᠪᠢᠭᠳᠠᠵᠤ ᠪᠠᠶᠢᠭ᠎ᠠ ᠭᠠᠵᠠᠷ ᠢ ᠦᠩᠵᠢᠭᠦᠯᠦᠨ ᠠᠰᠢᠭᠯᠠᠯᠳᠠ ᠳᠤ ᠣᠷᠣᠭᠤᠯᠬᠤ ᠶᠢ ᠳᠡᠮᠵᠢᠨ᠎ᠠ᠃ ᠪᠣᠬᠢᠷᠲᠤᠯ ᠥᠬᠡᠶ ᠠᠭᠤᠷᠬᠠᠶ ᠶᠢᠨ ᠦᠢᠯᠡᠳᠪᠦᠷᠢ ᠠᠭᠤᠷᠬᠠᠶ ᠳᠤ ᠬᠡᠷᠡᠭᠯᠡᠬᠦ ᠪᠠᠷ ᠰᠤᠯᠠ ᠲᠠᠯᠪᠢᠭᠳᠠᠵᠤ ᠪᠠᠶᠢᠭ᠎ᠠ ᠭᠠᠵᠠᠷ ᠢ ᠴᠠᠭ ᠲᠤᠬᠠᠶ ᠳᠤ ᠨᠢ ᠦᠩᠵᠢᠭᠦᠯᠦᠨ ᠠᠰᠢᠭᠯᠠᠯᠳᠠ ᠳᠤ ᠣᠷᠣᠭᠤᠯᠬᠤ ᠶᠢ ᠳᠡᠮᠵᠢᠭᠦ ᠶᠢᠨ ᠬᠠᠮᠲᠤ᠂ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠠᠢ ᠬᠤᠯᠪᠣᠭᠳᠠᠭᠤᠯᠤᠨ᠎ᠠ︔ ᠲᠥᠯᠥᠪᠵᠢᠭᠦᠯᠭᠡ ᠪᠠ ᠠᠮᠢ ᠠᠬᠤᠶ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ ᠦᠢᠯᠡᠳᠪᠦᠷᠢ ᠠᠭᠤᠷᠬᠠᠶ ᠳᠤ ᠬᠡᠷᠡᠭᠯᠡᠬᠦ ᠦᠭᠡᠢ ᠥᠩᠭᠡᠷᠡᠭᠰᠡᠨ ᠤ ᠦᠯᠡᠳᠡᠭᠳᠡᠭᠰᠡᠨ ᠰᠤᠯᠠ ᠬᠠᠶᠠᠭᠳᠠᠮᠠᠯ ᠭᠠᠵᠠᠷ ᠢ ᠥᠩᠵᠢᠭᠦᠯᠦᠨ ᠠᠰᠢᠭᠯᠠᠭᠠᠣᠨ ᠨᠡᠮᠡᠭᠳᠡᠭᠰᠡᠨ ᠲᠠᠷᠢᠶᠠᠨ ᠭᠠᠵᠠᠷ ᠢᠶᠠᠷ ᠲᠠᠷᠢᠶᠠᠨ ᠭᠠᠵᠠᠷ ᠢᠶᠠᠨ ᠨᠥᠬᠦᠪᠦᠷᠢᠯᠡᠵᠦ ᠲᠡᠩᠴᠡᠭᠦᠷᠢᠲᠡᠶ ᠪᠣᠯᠭᠠᠬᠤ ᠳᠤ ᠬᠡᠷᠡᠭᠯᠡᠬᠦ ᠶᠢ ᠨᠢ ᠵᠥᠪᠰᠢᠶᠡᠷᠡᠨ᠎ᠡ︔ ᠠᠭᠤᠷᠬᠠᠢ ᠶᠢ ᠬᠠᠤᠯᠢ ᠶᠣᠰᠣᠭᠠᠷ ᠨᠡᠭᠡᠭᠡᠵᠦ ᠮᠠᠯᠲᠠᠭᠰᠠᠨ ᠠᠴᠠ ᠪᠣᠯᠵᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠪᠤᠰᠤᠳ ᠭᠠᠵᠠᠷ ᠰᠢᠷᠣᠢ ᠡᠪᠳᠡᠭᠳᠡᠨ ᠰᠦᠢᠳᠦᠭᠰᠡᠨ ᠮᠦᠷᠲᠡᠭᠡᠨ ᠰᠡᠷᠭᠦᠭᠡᠨ ᠠᠰᠢᠭᠯᠠᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠭᠠᠵᠠᠷ ᠰᠢᠷᠣᠶ ᠬᠡᠷᠡᠭᠯᠡᠬᠦ ᠶᠢ ᠨᠢ ᠬᠤᠪᠢᠷᠠᠭᠠᠨ ᠬᠠᠯᠠᠬᠤ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠪᠠ ᠳᠡᠰ ᠳᠠᠷᠠᠭᠠᠯᠠᠯ ᠶᠣᠰᠣᠭᠠᠷ ᠲᠤᠬᠠᠶ ᠶᠢᠨ ᠭᠠᠵᠠᠷ ᠲᠤ ᠨᠢ ᠪᠠᠶᠢᠴᠠᠭᠠᠯᠲᠠ ᠬᠢᠵᠦ᠂ ᠲᠤᠰᠬᠠᠶ ᠮᠡᠳᠡᠭᠦᠯᠵᠦ ᠬᠢᠨᠠᠨ ᠪᠠᠶᠢᠴᠠᠭᠠᠯᠭᠠᠵᠤ ᠪᠠᠲᠤᠯᠠᠭᠤᠯᠤᠭᠰᠠᠨ ᠤ ᠳᠠᠷᠠᠭ᠎ᠠ ᠣᠨ ᠤ ᠬᠤᠪᠢᠷᠠᠭᠠᠨ ᠬᠠᠯᠠᠬᠤ ᠪᠠᠶᠢᠴᠠᠭᠠᠯᠲᠠ ᠳᠤ ᠣᠷᠣᠭᠤᠯᠤᠨ᠎ᠠ᠂ ᠲᠠᠷᠢᠶᠠᠨ ᠭᠠᠵᠠᠷ ᠲᠠᠢ ᠬᠤᠯᠪᠣᠭᠳᠠᠭᠰᠠᠨ ᠪᠠᠶᠢᠪᠠᠯ᠂ ᠪᠣᠳᠠᠲᠠᠢ ᠪᠠᠨ ᠦᠨᠳᠦᠰᠦᠯᠡᠨ ᠲᠠᠷᠢᠶᠠᠨ ᠭᠠᠵᠠᠷ ᠤᠨ ᠪᠠᠲᠤᠯᠠᠬᠤ ᠬᠡᠮᠵᠢᠶ᠎ᠡ ᠶᠢ ᠬᠠᠷᠭᠤᠭᠤᠯᠤᠨ ᠪᠠᠭᠠᠰᠬᠠᠨ᠎ᠠ᠂ ᠭᠡᠪᠡᠴᠦ ᠡᠯ᠎ᠡ ᠭᠠᠵᠠᠷ ᠣᠷᠣᠨ ᠤ ᠬᠢᠵᠠᠭᠠᠷᠯᠠᠬᠤ ᠲᠣᠭᠠᠨ ᠤ ᠳᠡᠭᠡᠳᠦ ᠬᠢᠵᠠᠭᠠᠷ ᠠᠴᠠ ᠳᠠᠪᠠᠭᠤᠯᠵᠤ ᠪᠣᠯᠬᠤ ᠦᠭᠡᠢ᠂ ᠦᠨᠳᠦᠰᠦᠨ ᠲᠠᠷᠢᠶᠠᠨ ᠭᠠᠵᠠᠷ ᠲᠠᠢ ᠬᠤᠯᠪᠣᠭᠳᠠᠭᠰᠠᠨ ᠢ ᠨᠢ ᠨᠥᠬᠦᠵᠦ ᠬᠤᠪᠢᠶᠠᠷᠢᠯᠠᠬᠤ ᠬᠡᠷᠡᠭᠲᠡᠶ᠃
     3. ᠡᠳ᠋ ᠤᠨ ᠵᠠᠰᠠᠭ ᠭᠠᠶᠢᠯᠢ ᠶᠢᠨ ᠳᠡᠮᠵᠢᠬᠦ ᠲᠥᠷᠥ ᠶᠢᠨ ᠪᠣᠳᠣᠯᠭ᠎ᠠ᠃ ᠬᠠᠮᠢᠶ᠎ᠠ ᠪᠥᠬᠦᠶ ᠡᠳ᠋ ᠤᠨ ᠵᠠᠰᠠᠭ ᠵᠢᠴᠢ ᠲᠥᠷᠥᠯ ᠵᠦᠢᠯ ᠤᠨ ᠵᠢᠷᠤᠮᠵᠢᠯ ᠤᠨ ᠪᠠᠷᠢᠮᠵᠢᠶ᠎ᠠ ᠶᠢ ᠵᠠᠰᠠᠪᠤᠷᠢᠯᠠᠨ ᠲᠣᠭᠲᠠᠭᠠᠵᠤ᠂ ᠪᠣᠬᠢᠷᠲᠤᠯ ᠥᠬᠡᠶ ᠬᠠᠶᠢᠨ ᠪᠠᠶᠢᠴᠠᠭᠠᠬᠤ ᠮᠡᠷᠭᠡᠵᠢᠯ ᠤᠨ ᠬᠡᠷᠡᠭᠯᠡᠭᠡᠨ ᠳᠤ ᠰᠢᠨ᠎ᠡ ᠪᠠᠷ ᠨᠡᠮᠡᠭᠳᠡᠭᠰᠡᠨ ᠵᠠᠷᠤᠳᠠᠯ ᠵᠢᠴᠢ ᠠᠵᠢᠯᠯᠠᠬᠤ ᠲᠣᠭᠤᠷᠢᠭ ᠤᠨ ᠣᠷᠴᠢᠨ ᠨᠥᠬᠦᠴᠡᠯ ᠤᠨ ᠰᠡᠷᠭᠦᠭᠡᠨ ᠵᠠᠰᠠᠬᠤ ᠵᠠᠷᠤᠳᠠᠯ ᠢ ᠲᠥᠷᠥᠯ ᠵᠦᠢᠯ ᠤᠨ ᠲᠥᠰᠥᠪ ᠲᠤ ᠣᠷᠣᠭᠤᠯᠬᠤ ᠶᠢ ᠵᠥᠪᠰᠢᠶᠡᠷᠡᠨ᠎ᠡ᠃ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢᠨ ᠪᠠᠶᠢᠴᠠᠭᠠᠨ ᠦᠨᠡᠯᠡᠬᠦ ᠪᠠᠯᠠ ᠮᠥᠩᠭᠦ ᠶᠢ ᠲᠣᠬᠢᠷᠠᠭᠤᠯᠬᠤ ᠳᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠲᠠᠬᠢ ᠨᠥᠬᠦᠴᠡᠯ ᠳᠤ ᠨᠡᠶᠢᠴᠡᠭᠰᠡᠨ ᠲᠥᠷᠥᠯ ᠵᠦᠢᠯ ᠲᠡᠰᠢ ᠵᠣᠬᠢᠰᠲᠠᠶ ᠬᠡᠯᠪᠠᠶᠢᠯᠭᠡᠨ᠎ᠡ︔ ᠲᠥᠪ ᠤᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢᠨ ᠬᠠᠮᠲᠤ᠂ ᠣᠷᠣᠨ ᠨᠤᠲᠤᠭ ᠤᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ᠂ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠵᠠᠷ ᠰᠢᠷᠣᠢ ᠶᠢ ᠦᠩᠵᠢᠭᠦᠯᠦᠨ ᠠᠰᠢᠭᠯᠠᠬᠤ ᠵᠡᠷᠭᠡ ᠳᠤ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠪᠣᠬᠢᠷᠲᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠲᠠᠬᠢ ᠨᠥᠬᠦᠴᠡᠯ ᠳᠤ ᠨᠡᠶᠢᠴᠡᠭᠰᠡᠨ ᠲᠥᠷᠥᠯ ᠵᠦᠢᠯ ᠢ ᠤᠷᠢᠳ ᠢᠶᠠᠷ ᠳᠠᠮᠵᠢᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠳᠤ ᠱᠠᠩᠨᠠᠬᠤ ᠳᠦᠷᠢᠮ ᠢ ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠰᠢᠯᠢᠳᠡᠭ ᠠᠵᠤ ᠠᠬᠤᠶᠢᠯᠠᠯ ᠢ ᠱᠠᠩᠨᠠᠨ᠎ᠠ᠃ ︽ᠤᠯᠤᠰ ᠤᠨ ᠭᠤᠣᠯᠳᠠᠯᠭ᠎ᠠ ᠲᠠᠢ ᠳᠡᠮᠵᠢᠬᠦ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ︾ ᠶᠢᠨ ᠬᠡᠪᠴᠢᠶᠡᠨ ᠳᠠᠬᠢ ᠨᠥᠬᠦᠴᠡᠯ ᠳᠤ ᠨᠡᠶᠢᠴᠡᠭᠰᠡᠨ ᠪᠥᠭᠡᠳ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠨᠢ 15% ᠶᠢᠨ ᠭᠠᠶᠢᠯᠢ ᠶᠢᠨ ᠨᠣᠷᠮ᠎ᠠ ᠪᠠᠷ ᠬᠠᠤᠯᠢ ᠶᠣᠰᠣᠭᠠᠷ ᠬᠠᠰᠤᠵᠤ ᠲᠠᠲᠠᠪᠤᠷᠢᠯᠠᠨ᠎ᠠ᠃
     4. ᠪᠣᠬᠢᠷᠳᠣᠯ ᠦᠭᠡᠢ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠣᠨᠴᠠᠯᠢᠭ ᠪᠦᠬᠦᠢ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠢ ᠰᠤᠳᠤᠯᠤᠨ ᠨᠡᠭᠡᠭᠡᠵᠦ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠳᠤ ᠪᠡᠯᠡ ᠮᠥᠩᠭᠦ ᠪᠠᠷ ᠳᠡᠮᠵᠢᠬᠦ ᠡᠷᠴᠢᠮ ᠢ ᠨᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠪᠠᠯᠠ ᠲᠣᠬᠢᠷᠠᠭᠤᠯᠭ᠎ᠠ ᠶᠢᠨ ᠳᠡᠮᠵᠢᠯᠭᠡ ᠶᠢ ᠢᠳᠡᠪᠬᠢᠲᠡᠶ ᠰᠠᠶᠢᠲᠤᠷ ᠬᠢᠯᠭᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠳᠤ ᠪᠣᠬᠢᠷᠳᠣᠯ ᠦᠭᠡᠢ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠪᠠᠨ ᠴᠢᠩᠭᠠᠳᠬᠠᠨ᠎ᠠ᠃ ᠪᠣᠬᠢᠷᠲᠤᠯ ᠥᠬᠡᠶ ᠠᠭᠤᠷᠬᠠᠶ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮ ᠳᠤ ᠣᠷᠣᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠪᠠ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠬᠠᠩᠭᠠᠬᠤ ᠴᠢᠬᠤᠯᠠ ᠭᠦᠢᠴᠡᠳᠬᠡᠯ ᠲᠤᠭ᠎ᠠ ᠶᠢᠨ ᠦᠨᠳᠦᠰᠦᠯᠡᠯ ᠪᠣᠯᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠳᠠᠭᠠᠭᠠᠯᠲᠠ ᠬᠢᠬᠦ ᠪᠠᠶᠢᠭᠤᠯᠤᠮᠵᠢ ᠶᠢ ᠳᠠᠮᠵᠢᠵᠤ ᠪᠠᠶᠢᠭᠠᠳ ᠪᠦᠲᠦᠴᠡᠯᠡᠭᠰᠡᠨ ᠪᠣᠬᠢᠷᠲᠤᠯ ᠦᠭᠡᠢ ᠠᠭᠤᠷᠬᠠᠢ ᠶᠢᠨ ᠦᠢᠯᠡᠰ ᠤᠨ ᠳᠠᠭᠠᠭᠠᠯᠲᠠ ᠬᠢᠬᠦ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠠᠵᠤ ᠠᠬᠤᠶᠢᠯᠠᠯ ᠪᠠ ᠲᠥᠷᠥᠯ ᠵᠦᠢᠯ ᠳᠤ ᠢᠲᠡᠭᠡᠮᠵᠢ ᠨᠡᠮᠡᠭᠳᠡᠭᠦᠯᠬᠦ ᠦᠢᠯᠡᠴᠢᠯᠡᠭᠡ ᠬᠠᠩᠭᠠᠨ᠎ᠠ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠠᠵᠤ ᠦᠢᠯᠡᠰ ᠤᠨ ᠰᠠᠭᠤᠷᠢ ᠮᠥᠩᠭᠦ ᠶᠢ ᠪᠠᠶᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠲᠥᠷᠥᠯ ᠵᠦᠢᠯ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠨᠥᠬᠦᠴᠡᠯ ᠳᠤ ᠨᠡᠶᠢᠴᠡᠭᠰᠡᠨ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠳ ᠤᠨ ᠬᠢᠯᠢ ᠶᠢᠨ ᠳᠣᠲᠣᠭᠠᠳᠤ ᠳᠠᠬᠢ ᠳᠤᠮᠳᠠ ᠵᠢᠵᠢᠭ ᠠᠵᠤ ᠠᠬᠤᠶᠢᠯᠠᠯ ᠤᠨ ᠰᠠᠮᠪᠠᠷ᠎ᠠ᠂ ᠦᠢᠯᠡᠰ ᠴᠣᠭᠴᠠᠯᠠᠬᠤ ᠰᠠᠮᠪᠠᠷ᠎ᠠ ᠪᠠ ᠭᠤᠤᠯ ᠰᠠᠮᠪᠠᠷ᠎ᠠ ᠵᠢᠴᠢ ︽ᠰᠢᠨ᠎ᠡ ᠭᠤᠷᠪᠠᠳᠤᠭᠠᠷ ᠰᠠᠮᠪᠠᠷ᠎ᠠ︾ ᠪᠠ ᠣᠷᠣᠨ ᠪᠦᠰᠡ ᠶᠢᠨ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠨ ᠪᠠᠯᠠ ᠲᠣᠬᠢᠷᠠᠭᠤᠯᠬᠤ ᠶᠢ ᠠᠬᠢᠭᠤᠯᠤᠨ᠎ᠠ᠃
     ︵ᠬᠤᠶᠠᠷ︶ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠳᠡᠰ ᠳᠠᠷᠠᠭᠠᠯᠠᠯ ᠢ ᠨᠢ ᠴᠢᠩᠳᠠᠯᠠᠨ᠎ᠠ᠃ ᠠᠭᠤᠷᠬᠠᠢ ᠶᠢᠨ ᠠᠵᠤ ᠠᠬᠤᠶᠢᠯᠠᠯ ᠪᠣᠯ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠲᠥᠯᠥᠪᠵᠢᠭᠦᠯᠭᠡ ᠶᠣᠰᠣᠭᠠᠷ ᠠᠭᠤᠷᠬᠠᠢ ᠪᠠᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ᠃ ᠪᠥᠬᠦ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠲᠤ ᠰᠢᠯᠢᠨ ᠰᠣᠩᠭᠤᠬᠤ ᠳᠤ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠤᠨ ᠲᠠᠰ ᠳᠠᠷᠠᠭᠠᠯᠠᠯ ᠶᠣᠰᠣᠭᠠᠷ ᠦᠨᠡᠯᠡᠨ ᠵᠢᠱᠢᠵᠦ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠨᠡᠷᠡᠰ ᠲᠤ ᠣᠷᠣᠬᠤ ᠪᠠᠷ ᠭᠤᠶᠤᠴᠢᠯᠠᠭᠰᠠᠨ ᠠᠭᠤᠷᠬᠠᠢ ᠨᠤᠭᠤᠳ ᠨᠢ ᠠᠵᠤ ᠠᠬᠤᠶᠢᠯᠠᠯ ᠤᠨ ᠢᠶᠠᠨ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠥᠪᠡᠷ ᠤᠨ ᠦᠨᠡᠯᠡᠵᠦ ᠵᠢᠱᠢᠭᠰᠡᠨ ᠮᠡᠳᠡᠭᠦᠯᠦᠯᠲᠡ ᠪᠠᠨ ᠳᠡᠪᠰᠢᠭᠦᠯᠵᠦ᠂ ᠬᠤᠰᠢᠭᠤ ᠰᠢᠶᠠᠨ

︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠮᠢ ᠠᠬᠤᠢ ᠣᠷᠴᠢᠨ ᠲᠣᠭᠤᠷᠢᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠲᠤᠬᠠᠶ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠵᠤ ᠦᠨᠡᠯᠡᠨ ᠵᠢᠱᠢᠨ᠎ᠡ᠂ ᠱᠠᠭᠠᠷᠳᠠᠯᠭ᠎ᠠ ᠳᠤ ᠨᠡᠶᠢᠴᠡᠭᠰᠡᠨ ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠮᠡᠳᠡᠭᠦᠯᠵᠣ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠭᠡᠳ ᠣᠨᠳᠣᠤ ᠰᠠᠨᠠᠯ ᠦᠭᠡᠢ ᠪᠣᠯ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠨᠡᠷᠡᠰ ᠲᠤ ᠣᠷᠣᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃
     ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠪᠣᠯᠬᠤ ᠣᠴᠢᠷ ᠠᠴᠠ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠵᠢᠯ ᠳᠤ ᠪᠠᠢᠴᠠᠭᠠᠯᠲᠠ ᠬᠢᠬᠦ ᠪᠠ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠩᠳᠠᠢ᠃ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠬᠤ ᠪᠤᠶᠤ ᠦᠨᠡᠯᠡᠨ ᠵᠢᠱᠢᠭᠡᠳ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠦᠭᠡᠢ ᠠᠭᠤᠷᠬᠠᠢ ᠶᠢᠨ ᠠᠵᠤ ᠠᠬᠤᠶᠢᠯᠠᠯ ᠳᠤ᠂ ᠬᠠᠮᠢᠶ᠎ᠠ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠵᠤ ᠴᠡᠭᠴᠡᠯᠡᠨ ᠰᠠᠶᠢᠵᠢᠷᠠᠭᠤᠯᠵᠤ᠂ ᠬᠠᠤᠯᠢ ᠴᠠᠭᠠᠵᠠ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠬᠡᠨ ᠲᠣᠷᠭᠠᠨ᠎ᠠ᠃ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠴᠡᠭᠴᠡᠯᠡᠵᠦ ᠰᠠᠶᠢᠵᠢᠷᠠᠭᠤᠯᠤᠭᠰᠠᠨ ᠨᠢ ᠭᠦᠢᠴᠡᠣᠨ ᠦᠭᠡᠢ ᠪᠣᠬᠢᠷᠲᠤᠯ ᠦᠭᠡᠢ ᠠᠭᠤᠷᠬᠠᠶ ᠶᠢ ᠲᠠᠰ ᠳᠠᠷᠠᠭᠠᠯᠠᠯ ᠶᠣᠰᠣᠭᠠᠷ ᠪᠣᠬᠢᠷᠲᠤᠯ ᠥᠬᠡᠶ ᠠᠭᠤᠷᠬᠠᠶ ᠶᠢᠨ ᠨᠡᠷᠡᠰ ᠠᠴᠠ ᠭᠠᠷᠭᠠᠵᠤ᠂ ᠲᠣᠬᠢᠷᠠᠯᠴᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠴᠦᠨ ᠥᠬᠡᠶ ᠪᠣᠯᠭᠠᠬᠤ ᠶᠢᠨ ᠬᠠᠮᠲᠤ ᠵᠠᠷᠯᠠᠨ ᠨᠡᠶᠢᠲᠡᠯᠡᠨ᠎ᠡ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠲᠤᠶᠢᠯᠪᠤᠷᠢᠲᠠᠢ ᠰᠠᠶᠢᠵᠢᠷᠠᠭᠤᠯᠬᠤ ᠳᠤ ᠬᠦᠴᠢᠷᠲᠡᠶ ᠠᠭᠤᠷᠬᠠᠢ ᠶᠢᠨ ᠠᠵᠤ ᠠᠬᠤᠶᠢᠯᠠᠯ ᠳᠤ᠂ ᠡᠯ᠎ᠡ ᠭᠠᠵᠠᠷ ᠣᠷᠣᠨ ᠨᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠢ ᠰᠢᠭᠤᠶ ᠪᠠ ᠨᠤᠲᠤᠭ ᠪᠡᠯᠴᠢᠭᠡᠷ᠂ ᠡᠨᠧᠷᠭᠢ ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠴᠠᠭᠠᠵᠠ ᠪᠠ ᠠᠵᠤ ᠠᠬᠤᠢ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠶᠣᠰᠣᠭᠠᠷ ᠬᠠᠭᠠᠬᠤ ᠬᠡᠷᠩᠳᠠᠢ᠃
     ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ
     ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠪᠠᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠵᠢᠯ ᠪᠣᠯᠭᠠᠨ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠤᠳᠤᠷᠢᠳᠬᠤ ᠪᠠᠨ ᠴᠢᠩᠭᠠᠳᠬᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠬᠠᠮᠢᠶᠠᠷᠬᠤ ᠪᠠ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠬᠡᠷᠩᠳᠠᠢ᠃ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠲᠤᠰᠬᠠᠶ ᠠᠵᠢᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠣᠷᠣᠯᠴᠠᠨ᠂ ᠪᠦᠬᠦ ᠣᠷᠣᠨ ᠤ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠳᠤ ᠨᠢᠭᠡᠳᠦᠯᠲᠡᠶ ᠲᠥᠯᠥᠪᠯᠡᠵᠦ ᠵᠢᠭᠠᠨ ᠵᠢᠯᠣᠭᠤᠳᠬᠤ ᠶᠢ ᠬᠠᠷᠢᠭᠤᠴᠠᠵᠤ᠂ ᠪᠦᠬᠦ ᠣᠷᠣᠨ ᠤ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠲᠠᠯ᠎ᠠ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠵᠤ ᠰᠢᠢᠳᠪᠦᠷᠢᠯᠡᠨ᠎ᠡ᠃ ᠲᠤᠰᠬᠠᠶ ᠵᠦᠢᠯ ᠤᠨ ᠠᠵᠢᠯ ᠵᠣᠬᠢᠴᠠᠭᠤᠯᠬᠤ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠷᠢᠯᠠᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠠᠭᠠᠯᠵᠠᠭᠰᠠᠨ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠲᠥᠯᠦᠪᠵᠢᠭᠦᠯᠭᠡ ᠪᠠ ᠠᠵᠢᠯ ᠤᠨ ᠲᠥᠰᠦᠯ ᠢ ᠵᠣᠬᠢᠶᠠᠨ ᠪᠠᠶᠢᠭᠤᠯᠵᠤ ᠲᠣᠭᠲᠠᠭᠠᠬᠤ ᠶᠢ ᠨᠢ ᠬᠠᠷᠢᠭᠤᠴᠠᠨ᠂ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠬᠠᠷᠠᠯᠲᠠ ᠡᠭᠦᠷᠭᠡ᠂ ᠠᠵᠢᠯ ᠤᠨ ᠠᠭᠤᠯᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠲᠥᠬᠦᠷ ᠲᠥᠷᠥ ᠶᠢᠨ ᠪᠣᠳᠣᠯᠭ᠎ᠠ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠵᠡᠷᠭᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠶᠢᠨ ᠬᠠᠮᠲᠤ᠂ ᠨᠠᠶᠢᠳᠠᠪᠤᠷᠢᠵᠢᠭᠤᠯᠬᠤ ᠪᠠ ᠬᠢᠨᠠᠯᠲᠠ ᠲᠠᠯᠪᠢᠬᠤ ᠶᠢ ᠰᠠᠶᠢᠲᠤᠷ ᠠᠳᠬᠤᠬᠤ ᠬᠡᠷᠡᠭᠲᠡᠶ᠃
     ︵ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠬᠤ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ ᠶᠢᠨ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠢ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ ᠪᠠᠨ ᠴᠢᠩᠳᠠᠯᠠᠬᠤ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠨᠢ ᠲᠡᠷᠢᠭᠦᠨ ᠤ ᠨᠡᠭᠡᠭᠡᠨ ᠮᠠᠯᠲᠠᠬᠤ ᠮᠡᠷᠭᠡᠵᠢᠯ ᠤᠨ ᠠᠷᠭ᠎ᠠ ᠶᠢ ᠵᠣᠬᠢᠶᠠᠨ ᠪᠠᠶᠢᠭᠤᠯᠵᠤ ᠰᠤᠳᠤᠯᠬᠤ ᠪᠠ ᠶᠡᠭᠡ ᠪᠠᠷ ᠳᠡᠯᠭᠡᠷᠡᠭᠦᠯᠬᠦ ᠶᠢ ᠬᠠᠷᠢᠭᠤᠴᠠᠵᠤ᠂ ᠦᠯᠡᠳᠡᠭᠳᠡᠯ ᠠᠭᠤᠷᠬᠠᠢ ᠶᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠲᠣᠭᠲᠠᠭᠠᠨ᠂ ᠬᠤᠯᠪᠣᠭᠳᠠᠯ ᠪᠦᠬᠦᠢ ᠲᠥᠷᠥ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠰᠦᠪ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ᠂ ᠭᠤᠷᠪᠠᠳᠠᠬᠢ ᠡᠲᠡᠭᠡᠳ ᠢᠶᠠᠷ ᠦᠨᠡᠯᠡᠨ ᠵᠢᠱᠢᠭᠦᠯᠬᠦ᠂ ᠪᠣᠬᠢᠷᠲᠤᠯ ᠦᠭᠡᠢ ᠠᠭᠤᠷᠬᠠᠶ ᠳᠤ ᠱᠠᠩᠨᠠᠬᠤ ᠵᠠᠷᠤᠳᠠᠯ ᠢ ᠨᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦᠨ ᠤ ᠳᠦᠷᠢᠮ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠬᠠᠮᠵᠢᠯᠴᠠᠵᠤ ᠰᠠᠶᠢᠲᠤᠷ ᠬᠢᠬᠦ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠣᠬᠢᠷᠲᠤᠯ ᠦᠭᠡᠢ ᠠᠭᠤᠷᠬᠠᠢ ᠶᠢᠨ ᠡᠳᠦᠷ ᠲᠤᠲᠤᠮ ᠤᠨ ᠠᠵᠢᠯ ᠪᠠ ᠨᠡᠷᠡᠰ ᠤᠨ ᠳᠠᠩᠰᠠ ᠶᠢᠨ ᠬᠠᠮᠢᠶᠠᠷᠤᠯᠲᠠ ᠶᠢ ᠬᠠᠷᠢᠭᠤᠴᠠᠨ᠂ ᠮᠡᠷᠭᠡᠵᠢᠯ ᠤᠨ ᠪᠠᠷᠢᠮᠵᠢᠶ᠎ᠠ ᠶᠢ ᠲᠦᠷᠦᠭᠦᠯᠡᠨ ᠲᠣᠭᠲᠠᠭᠠᠵᠤ᠂ ᠪᠣᠬᠢᠷᠲᠤᠯ ᠥᠬᠡᠶ ᠠᠭᠤᠷᠬᠠᠶ ᠵᠢᠴᠢ ᠬᠦᠷᠦᠰᠦᠨ ᠳᠠᠪᠬᠤᠷᠭ᠎ᠠ ᠶᠢᠨ ᠣᠷᠴᠢᠨ ᠲᠣᠭᠤᠷᠢᠨ ᠤ ᠵᠠᠰᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ᠂ ︽ᠭᠤᠷᠪᠠᠨ ᠨᠣᠷᠮ᠎ᠠ︾ ᠶᠢᠨ ᠭᠦᠢᠴᠡᠳᠬᠡᠯ ᠲᠤᠭ᠎ᠠ ᠪᠠᠨ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠠᠭᠤᠷᠬᠠᠢ ᠶᠢᠨ ︽ᠭᠤᠷᠪᠠᠨ ᠬᠠᠶᠠᠭᠳᠠᠮᠠᠯ︾ ᠢ ᠵᠠᠰᠠᠬᠤ ᠵᠢᠴᠢ ᠪᠣᠬᠢᠷᠲᠤᠯ ᠪᠣᠳᠠᠰ ᠢ ᠪᠠᠷᠢᠮᠵᠢᠶ᠎ᠠ ᠶᠣᠰᠣᠭᠠᠷ ᠭᠠᠳᠠᠭᠰᠢᠯᠠᠭᠤᠯᠬᠤ ᠠᠵᠢᠯ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠲᠡᠢ ᠠᠬᠢᠭᠤᠯᠬᠤ ᠬᠡᠷᠩᠳᠠᠢ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠠᠭᠤᠷᠬᠠᠶ ᠨᠡᠭᠡᠭᠡᠨ ᠮᠠᠯᠲᠠᠬᠤ ᠳᠤ ᠬᠡᠷᠡᠭᠯᠡᠬᠦ ᠤᠰᠤ ᠶᠢ ᠬᠠᠮᠢᠶᠠᠷᠬᠤ ᠪᠠ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠣᠰ ᠪᠡᠶ᠎ᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃
     ︵ᠭᠤᠷᠪᠠ︶ ᠬᠠᠷᠠᠯᠲᠠᠲᠤ ᠬᠠᠷᠢᠭᠤᠴᠠᠯᠭ᠎ᠠ ᠳᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠪᠣᠬᠢᠷᠳᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠪᠠ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠠᠵᠢᠯ ᠤᠨ ᠬᠢᠨᠠᠨ ᠰᠢᠯᠭᠠᠬᠤ ᠵᠣᠬᠢᠴᠠᠩᠭᠤᠢ ᠠᠷᠭ᠎ᠠ ᠶᠢ ᠲᠣᠭᠲᠠᠭᠠᠨ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠬᠤ ᠠᠵᠢᠯ ᠤᠨ ᠪᠡᠶᠡᠯᠡᠭᠦᠯᠦᠭᠰᠡᠨ ᠪᠠᠶᠢᠳᠠᠯ ᠢᠶᠠᠨ ᠵᠢᠯ ᠤᠨ ᠡᠴᠦᠰ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠣᠨ ᠤ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠤᠭᠰᠠᠨ ᠠᠬᠢᠴᠠ ᠵᠢᠴᠢ ᠦᠷ᠎ᠡ ᠪᠦᠲᠦᠮᠵᠢ ᠳᠤ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠭᠤᠤᠯ ᠪᠣᠯᠬᠤ ᠬᠠᠷᠠᠯᠲᠠ ᠶᠢᠨ ᠭᠦᠢᠴᠡᠳᠬᠡᠯ ᠲᠤᠭ᠎ᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠠᠵᠢᠯ ᠳᠤ ᠡᠭᠦᠷᠭᠡ ᠬᠠᠷᠢᠭᠤᠴᠠᠯᠭ᠎ᠠ ᠪᠠᠨ ᠠᠯᠳᠠᠭᠰᠠᠨ ᠪᠠᠶᠢᠪᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠬᠡᠯᠡᠯᠴᠡᠬᠦ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾᠂ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠤ ᠰᠢᠢᠳᠬᠡᠯ ᠥᠭᠬᠦ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠲᠤᠯᠭᠠᠨ ᠬᠡᠯᠡᠯᠴᠡᠬᠦ ᠬᠡᠷᠡᠭᠲᠡᠢ᠃
     ︵ᠳᠥᠷᠪᠡ︶ ᠰᠣᠨᠢᠨ ᠮᠡᠳᠡᠭᠡᠨ ᠤ ᠤᠬᠠᠭᠤᠯᠵᠤ ᠮᠡᠳᠡᠭᠡᠯᠡᠬᠦ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠲᠠᠪᠴᠠᠩ ᠵᠢᠴᠢ ᠰᠦᠯᠵᠢᠶ᠎ᠡ᠂ ᠲᠧᠯᠸᠢᠰ᠂ ᠰᠣᠨᠢᠨ᠂ ᠸᠢᠴᠠᠲ ᠵᠡᠷᠭᠡ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠪᠠ ᠠᠬᠢᠯᠲᠠ ᠶᠢᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠤᠨ᠂ ᠶᠠᠷᠢᠶ᠎ᠠ ᠬᠡᠯᠡᠯᠴᠡᠭᠡ ᠪᠠᠷ ᠤᠬᠠᠭᠤᠯᠵᠤ ᠬᠦᠲᠦᠯᠦᠨ ᠵᠢᠯᠣᠭᠤᠳᠬᠤ ᠶᠢ ᠴᠢᠩᠭᠠᠳᠬᠠᠵᠤ᠂ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠲᠠᠯ᠎ᠠ ᠳᠠᠬᠢ ᠪᠦᠬᠦ ᠨᠡᠶᠢᠭᠡᠮ ᠢᠯᠠᠩᠭᠤᠶ᠎ᠠ ᠠᠭᠤᠷᠬᠠᠶ ᠶᠢᠨ ᠠᠵᠤ ᠠᠬᠤᠶᠢᠯᠠᠯ ᠤᠨ ᠦᠵᠡᠯ ᠲᠠᠨᠢᠯᠲᠠ ᠶᠢ ᠳᠡᠭᠡᠭᠰᠢᠯᠡᠭᠦᠯᠦᠨ᠂ ᠨᠡᠶᠢᠭᠡᠮ ᠤᠨ ᠡᠯ᠎ᠡ ᠡᠲᠡᠭᠡᠳ ᠲᠤ ᠪᠣᠬᠢᠷᠲᠤᠯ ᠦᠭᠡᠶ ᠠᠭᠤᠷᠬᠠᠶ ᠶᠢ ᠣᠶᠢᠯᠠᠭᠠᠭᠤᠯᠵᠤ᠂ ᠪᠣᠬᠢᠷᠲᠤᠯ ᠦᠭᠡᠶ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠳᠡᠮᠵᠢᠯᠭᠡ ᠦᠵᠡᠭᠦᠯᠬᠦ ᠪᠠ ᠣᠷᠣᠯᠴᠠᠭᠤᠯᠬᠤ ᠬᠡᠷᠡᠭᠲᠡᠶ᠃
     ᠲᠣᠰ ᠲᠥᠰᠦᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 111 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ