|
ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠤᠴᠢᠷ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ |
|
ᠨᠡᠶᠢᠲᠡᠯᠡᠭᠰᠡᠨ ᠴᠠᠭ᠄
2021/11/2
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠥᠪᠥᠷ ᠵᠠᠰᠠᠭ ᠲᠠᠷᠬᠠᠭᠠᠭᠰᠠᠨ ﹇2021﹈ 8 ᠳ᠋ᠤᠭᠠᠷ ᠲᠣᠭᠠᠲᠤ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠤᠴᠢᠷ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠲᠠᠲᠠᠪᠤᠷᠢᠯᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠵᠤ ᠲᠣᠭᠲᠠᠭᠠᠬᠤ ᠪᠠᠷ ᠳᠠᠮᠵᠢᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠬᠠᠤᠯᠢ︾ ᠶᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ ᠬᠡᠯᠡᠵᠦ ᠪᠠᠶᠢᠭ᠎ᠠ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠤᠨ ᠪᠣᠳᠠᠲᠠᠶ ᠭᠠᠵᠠᠷ ᠢ ᠳᠣᠤᠷᠠᠬᠢ ᠲᠣᠭᠲᠠᠭᠠᠯ ᠶᠣᠰᠣᠭᠠᠷ ᠲᠣᠭᠲᠠᠭᠠᠪᠠ᠃ ᠨᠢᠭᠡ᠂ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠯᠭᠡᠭᠰᠡᠨ ᠭᠠᠶᠢᠯᠢ ᠲᠤᠰᠢᠶᠠᠭᠴᠢ ᠪᠦᠬᠦᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢ ᠭᠠᠶᠢᠯᠢ ᠶᠢᠨ ᠶᠠᠪᠤᠳᠠᠯ ᠤᠨ ᠪᠦᠷᠢᠳᠭᠡᠨ ᠳᠠᠩᠰᠠᠯᠠᠭᠤᠯᠤᠭᠰᠠᠨ ᠭᠠᠵᠠᠷ ᠢᠶᠠᠷ ᠨᠢ ᠲᠣᠭᠲᠠᠭᠠᠨ᠎ᠠ᠃ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠯᠭᠡᠭᠰᠡᠨ ᠥᠬᠡᠶ ᠭᠠᠶᠢᠯᠢ ᠲᠤᠰᠢᠶᠠᠭᠴᠢ ᠪᠦᠬᠦᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢ ᠲᠡᠭᠦᠨ ᠤ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠪᠣᠳᠠᠲᠠᠶ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ᠃ ᠬᠤᠶᠠᠷ᠂ ᠦᠷᠳᠡᠭ ᠨᠡᠮᠡᠭᠳᠡᠯ ᠤᠨ ᠭᠠᠶᠢᠯᠢ ᠪᠠ ᠬᠡᠷᠡᠭᠯᠡᠭᠡᠨ ᠤ ᠭᠠᠶᠢᠯᠢ ᠶᠢ ᠣᠷᠣᠯᠠᠨ ᠰᠠᠭᠤᠯᠭᠠᠵᠤ ᠣᠷᠣᠯᠠᠨ ᠲᠤᠰᠢᠶᠠᠬᠤ᠂ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠨᠢᠭᠡᠴᠢ ᠪᠠ ᠬᠤᠪᠢ ᠬᠥᠮᠦᠨ ᠤ ᠪᠣᠯ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠣᠷᠣᠯᠠᠨ ᠰᠠᠭᠤᠯᠭᠠᠵᠤ ᠣᠷᠣᠯᠠᠨ ᠲᠤᠰᠢᠶᠠᠭᠰᠠᠨ᠂ ᠣᠷᠣᠯᠠᠨ ᠬᠤᠷᠢᠶᠠᠵᠤ ᠣᠷᠣᠯᠠᠨ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ︔ ᠰᠢᠯᠵᠢᠩᠭᠦᠢ ᠡᠵᠡᠩᠨᠡᠯᠲᠡ ᠬᠢᠵᠦ ᠪᠠᠢᠭ᠎ᠠ ᠵᠡᠷᠭᠡ ᠲᠣᠭᠲᠠᠮᠠᠯ ᠭᠠᠶᠢᠯᠢ ᠲᠤᠰᠢᠶᠠᠬᠤ ᠭᠠᠵᠠᠷ ᠦᠭᠡᠢ ᠨᠢᠭᠡᠴᠢ ᠪᠠ ᠬᠤᠪᠢ ᠬᠥᠮᠦᠨ ᠤ ᠪᠣᠯ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠪᠣᠳᠠᠲᠠᠶ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ᠃ ᠭᠤᠷᠪᠠ᠂ ᠭᠠᠶᠢᠯᠢ ᠲᠤᠰᠢᠶᠠᠭᠴᠢ ᠨᠢ ᠭᠠᠵᠠᠷ ᠣᠷᠣᠨ ᠠᠯᠤᠰᠯᠠᠨ ᠪᠠᠷᠢᠯᠭ᠎ᠠ ᠶᠢᠨ ᠦᠢᠯᠡᠴᠢᠯᠡᠭᠡ ᠬᠠᠩᠭᠠᠬᠤ᠂ ᠦᠯᠦ ᠬᠥᠳᠡᠯᠬᠦ ᠬᠦᠷᠦᠩᠭᠡ ᠪᠣᠷᠣᠯᠠᠭᠤᠯᠬᠤ ᠪᠠ ᠲᠦᠷᠢᠶᠡᠰᠦᠯᠡᠭᠦᠯᠪᠡᠯ᠂ ᠪᠠᠷᠢᠯᠭ᠎ᠠ ᠶᠢᠨ ᠦᠢᠯᠡᠴᠢᠯᠡᠭᠡ ᠡᠭᠦᠰᠦᠭᠰᠡᠨ ᠭᠠᠵᠠᠷ᠂ ᠦᠯᠦ ᠬᠥᠳᠡᠯᠬᠦ ᠬᠦᠷᠦᠩᠭᠡ ᠶᠢᠨ ᠪᠠᠶᠢᠭ᠎ᠠ ᠭᠠᠵᠠᠷ ᠲᠤ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠳᠤ ᠪᠠᠨ᠂ ᠤᠷᠢᠳᠴᠢᠯᠠᠨ ᠲᠤᠰᠢᠶᠠᠬᠤ ᠦᠷᠳᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠪᠠᠷ ᠭᠠᠶᠢᠯᠢ ᠪᠤᠳᠤᠬᠤ ᠦᠨᠳᠦᠰᠦᠯᠡᠯ ᠪᠣᠯᠭᠠᠬᠤ ᠶᠢᠨ ᠬᠠᠮᠲᠤ᠂ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠭᠠᠵᠠᠷ ᠤᠨ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠤᠷᠮ᠎ᠠ ᠪᠠᠷ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢ ᠲᠤᠬᠠᠶ ᠶᠢᠨ ᠭᠠᠵᠠᠷ ᠲᠤ ᠨᠢ ᠪᠤᠳᠤᠵᠤ ᠲᠤᠰᠢᠶᠠᠯᠭᠠᠨ᠎ᠠ᠃ ᠥᠷᠲᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠭᠠᠶᠢᠯᠢ ᠲᠤᠰᠢᠶᠠᠭᠴᠢ ᠨᠢ ᠥᠪᠡᠷ ᠤᠨ ᠪᠠᠶᠢᠭᠤᠯᠤᠮᠵᠢ ᠶᠢᠨ ᠪᠠᠶᠢᠭ᠎ᠠ ᠭᠠᠵᠠᠷ ᠲᠤ ᠪᠠᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠬᠤ ᠪᠠᠷ ᠮᠡᠳᠡᠭᠦᠯᠬᠦ ᠳᠤ ᠪᠠᠨ᠂ ᠲᠡᠭᠦᠨ ᠤ ᠪᠣᠳᠠᠲᠠᠶ ᠲᠤᠰᠢᠶᠠᠭᠰᠠᠨ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠪᠠᠷ ᠭᠠᠶᠢᠯᠢ ᠪᠤᠳᠤᠬᠤ ᠦᠨᠳᠦᠰᠦᠯᠡᠯ ᠪᠣᠯᠭᠠᠬᠤ ᠶᠢᠨ ᠬᠠᠮᠲᠤ᠂ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠪᠠᠷ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢ ᠲᠤᠬᠠᠶ ᠶᠢᠨ ᠭᠠᠵᠠᠷ ᠲᠤ ᠨᠢ ᠪᠤᠳᠤᠵᠤ ᠲᠤᠰᠢᠶᠠᠯᠭᠠᠨ᠎ᠠ᠃ ᠲᠦᠷᠪᠡ᠂ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠬᠤᠷᠢᠶᠠᠩᠭᠤᠶᠢᠯᠠᠨ ᠲᠤᠰᠢᠶᠠᠬᠤ ᠶᠢ ᠬᠡᠷᠡᠭᠵᠢᠭᠦᠯᠦᠭᠰᠡᠨ ᠭᠠᠶᠢᠯᠢ ᠲᠤᠰᠢᠶᠠᠭᠴᠢ᠂ ᠶᠡᠷᠦᠩᠬᠡᠶ ᠪᠠᠶᠢᠭᠤᠯᠤᠮᠵᠢ᠂ ᠰᠠᠯᠪᠤᠷᠢ ᠪᠠᠶᠢᠭᠤᠯᠤᠮᠵᠢ ᠶᠢᠨ ᠬᠤᠪᠢ ᠬᠤᠪᠢ ᠪᠠᠷ ᠢᠶᠠᠨ ᠲᠤᠰᠢᠶᠠᠬᠤ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢ ᠪᠣᠯ ᠲᠤᠰ ᠲᠤᠰ ᠪᠠᠶᠢᠭ᠎ᠠ ᠭᠠᠵᠠᠷ ᠢᠶᠠᠷ ᠨᠢ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢᠶᠠᠷ ᠪᠣᠳᠤᠵᠤ᠂ ᠵᠣᠬᠢᠬᠤ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠤᠷᠮ᠎ᠠ ᠶᠢ ᠲᠣᠭᠲᠠᠭᠠᠨ᠎ᠠ᠃ ᠲᠠᠪᠤ᠂ ᠳᠡᠭᠡᠷ᠎ᠡ ᠳᠤᠷᠠᠳᠤᠭᠰᠠᠨ ᠲᠣᠭᠲᠠᠭᠠᠯ ᠨᠢ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠤᠶᠢᠰᠢᠳᠠ ᠨᠡᠶᠢᠲᠡᠯᠡᠬᠦ ᠬᠤᠯᠪᠣᠭᠳᠠᠯ ᠪᠦᠬᠦᠢ ᠲᠣᠭᠲᠠᠭᠠᠯ ᠲᠠᠢ ᠨᠢᠭᠡᠳᠦᠯ ᠦᠭᠡᠢ ᠪᠣᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ ᠲᠤᠰ ᠮᠡᠳᠡᠭᠳᠡᠯ ᠢ 2021 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2021 ᠣᠨ ᠤ 8 ᠳ᠋ᠤᠭᠠᠷ ᠰᠠᠷ᠎ᠠ ᠶᠢᠨ 30 ᠤ ᠡᠳᠦᠷ ︵ᠲᠣᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠢᠩᠭᠤ ᠬᠤᠷᠢᠶᠠᠨ ᠤ ᠠᠯᠪᠠᠨ ᠲᠢᠩᠬᠢᠮ᠂ ᠣᠯᠣᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 2021 ᠣᠨ ᠤ 8 ᠳ᠋ᠤᠭᠠᠷ ᠰᠠᠷ᠎ᠠ ᠶᠢᠨ 30 ᠤ ᠡᠳᠦᠷ ᠲᠠᠷᠤᠮᠠᠯᠯᠠᠨ ᠲᠠᠷᠬᠠᠭᠠᠪᠠ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|