︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠭᠡᠷᠡᠭᠵᠢᠬᠦᠯᠬᠦ ᠳᠦᠷᠢᠮ︾ ᠢ ᠳᠠᠷᠤᠮᠠᠯᠯᠠᠨ ᠳᠠᠷᠬᠠᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠳᠠ ᠶᠢᠨ ᠳᠣᠪᠴᠢᠶᠠᠨ ᠤ ᠮᠡᠳᠡᠭᠳᠡᠯ
ᠨᠡᠶᠢᠲᠡᠯᠡᠭᠰᠡᠨ ᠴᠠᠭ᠄
2023/1/26

        ᠥᠪᠥᠷ ᠬᠤᠲᠠ ᠬᠢᠨᠠᠯᠲᠠ ᠬᠠᠤᠯᠢ ᠲᠣᠭᠲᠠᠭᠠᠯ ᠥᠰᠥᠭ ﹇2023﹈ 2 ᠳ᠋ᠤᠭᠠᠷ ᠲᠣᠭᠠᠲᠤ

 

    ᠡᠯ᠎ᠡ ᠠᠶᠢᠮᠠᠭ ᠬᠤᠲᠠ ᠵᠢᠴᠢ ᠮᠠᠨᠵᠤᠤᠷ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ᠂ ᠠᠯᠪᠠᠨ ᠭᠡᠷ᠂ ᠲᠣᠪᠴᠢᠶ᠎ᠠ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠳᠤ᠄

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠭᠡᠷᠡᠭᠵᠢᠬᠦᠯᠬᠦ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2023 ᠣᠨ ᠤ 2 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠳᠠᠷᠤᠮᠠᠯᠯᠠᠨ ᠳᠠᠷᠬᠠᠭᠠᠵᠦ ᠪᠠᠶᠢᠨ᠎ᠠ᠃ ᠡᠯ᠎ᠡ ᠪᠠᠶᠢᠭᠤᠯᠤᠯᠭ᠎ᠠ ᠶᠢᠨ ᠬᠢᠨ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠦᠶ᠎ᠡ ᠳᠤ᠂ ᠲᠤᠰ ᠳᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠳᠠᠭᠠᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠪᠣᠳᠠᠲᠤ ᠪᠠᠶᠢᠳᠠᠯ᠂ ᠰᠢᠨᠵᠢ ᠴᠢᠨᠠᠷ᠂ ᠦᠶᠯᠡ ᠶᠠᠪᠤᠳᠠᠯ᠂ ᠨᠡᠶᠢᠭᠡᠮ ᠤᠨ ᠬᠤᠣᠷ ᠬᠥᠨᠥᠭᠡᠯ ᠤᠨ ᠬᠡᠮᠵᠢᠶ᠎ᠡ ᠵᠢᠴᠢ ᠲᠤᠬᠠᠢ ᠶᠢᠨ ᠬᠥᠮᠥᠨ ᠤ ᠪᠡᠶᠡᠴᠢ ᠲᠠᠯ᠎ᠠ ᠶᠢᠨ ᠣᠰᠣᠯ ᠪᠤᠷᠤᠭᠤ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠠᠤᠯᠢ ᠶᠣᠰᠣᠨ ᠤ ᠵᠠᠷᠴᠢᠮ᠂ ᠳᠡᠩᠴᠡᠬᠦᠷᠢᠳᠡᠢ ᠲᠣᠷᠭᠠᠬᠤ ᠵᠠᠷᠴᠢᠮ᠂ ᠡᠷᠬᠡ ᠲᠡᠭᠰᠢ ᠲᠥᠪ ᠭᠤᠥᠯᠴᠢ ᠪᠠᠶᠢᠬᠤ ᠵᠠᠷᠴᠢᠮ᠂ ᠲᠣᠷᠭᠠᠬᠤ ᠪᠠ ᠳᠣᠩᠭᠤᠳᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠵᠢᠴᠢ ᠶᠡᠷᠦᠩᠬᠡᠶᠢᠯᠡᠭᠰᠡᠨ ᠲᠠᠰᠤᠯᠤᠯᠲᠠ ᠶᠢᠨ ᠵᠠᠷᠴᠢᠮ ᠢ ᠦᠨᠳᠦᠰᠦᠯᠡᠨ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ ᠭᠡᠷᠡᠭᠵᠢᠬᠦᠯᠬᠦ ᠭᠡᠷᠡᠭᠳᠡᠢ᠃

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠳᠣᠪᠴᠢᠶ᠎ᠠ

            2023 ᠣᠨ ᠤ 1 ᠳ᠋ᠣᠭᠡᠷ ᠰᠠᠷ᠎ᠠ ᠶᠢᠨ 19  ᠤ ᠡᠳᠦᠷ

 

            ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠢᠯᠡ ᠨᠡᠶᠢᠳᠡᠯᠡᠨ᠎ᠡ︶

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ