2023 ᠣᠨ ᠤ ᠲᠤᠰᠬᠠᠶ ᠠᠰᠢᠭ ᠤᠨ ᠠᠶᠠᠯᠠᠯ ᠵᠠᠯᠠᠬᠤ ᠢᠨᠵᠧᠨᠧᠷᠢᠩ ᠤᠨ ᠲᠥᠷᠥᠯ ᠵᠦᠢᠯ ᠢ ᠲᠣᠭᠲᠠᠭᠠᠬᠤ ᠲᠥᠷᠥᠯ ᠵᠦᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠥᠮᠴᠢᠯᠠᠯ ᠤᠨ ᠡᠷᠬᠡ ᠶᠢᠨ ᠲᠣᠪᠴᠢᠶ᠎ᠠ  ᠶᠢᠨ ᠵᠠᠷᠯᠠᠯ
ᠨᠡᠶᠢᠲᠡᠯᠡᠭᠰᠡᠨ ᠴᠠᠭ᠄
2023/11/18

            2023 ᠣᠨ ᠤ 66 ᠳ᠋ᠤᠭᠠᠷ ᠲᠣᠭᠠᠲᠤ

    ︽2023 ᠣᠨ ᠤ ᠲᠤᠰᠬᠠᠶ ᠠᠰᠢᠭ ᠤᠨ ᠵᠠᠮᠴᠢᠯᠠᠬᠤ ᠢᠨᠵᠧᠨᠧᠷᠢᠩ ᠤᠨ ᠲᠥᠷᠥᠯ ᠵᠦᠢᠯ ᠢ ᠡᠯᠰᠡᠬᠦ ᠲᠤᠬᠠᠶ ᠮᠡᠳᠡᠭᠳᠡᠯ︾ ︵ᠥᠪᠥᠷ ᠬᠤᠲᠠ ᠶᠢᠨ ᠬᠢᠨᠠᠯᠲᠠ ᠬᠠᠮᠢᠶᠠᠷᠤᠯᠲᠠ ᠲᠡᠭᠡᠭᠡᠪᠦᠷᠢ ᠶᠢᠨ ᠥᠰᠥᠭ ﹇ 2020﹈ 581 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠵᠠᠮᠴᠢᠯᠠᠬᠤ ᠢᠨᠵᠧᠨᠧᠷᠢᠩ ᠤᠨ ᠲᠥᠷᠥᠯ ᠵᠦᠢᠯ ᠲᠣᠭᠲᠠᠭᠠᠬᠤ 5 ᠲᠥᠷᠥᠯ ᠵᠦᠢᠯ ᠢ ᠲᠣᠭᠲᠠᠭᠠᠵᠤ᠂ ᠣᠲᠣ ᠢᠯᠡ ᠨᠡᠶᠢᠲᠡᠯᠡᠪᠡ᠃

    ᠵᠠᠷᠯᠠᠨ ᠨᠡᠶᠢᠲᠡᠯᠡᠬᠦ ᠴᠠᠭ ᠨᠢ 2023 ᠣᠨ ᠤ 11ᠳ᠋ᠦ᠋ᠭᠡᠷ ᠰᠠᠷ᠎ᠠ ᠶᠢᠨ 13 ᠤ ᠡᠳᠦᠷ ᠠᠴᠠ 11 ᠳ᠋ᠦ᠋ᠭᠡᠷ ᠰᠠᠷ᠎ᠠ ᠶᠢᠨ 17 ᠤ ᠡᠳᠦᠷ ᠪᠣᠯᠲᠠᠯ᠎ᠠ ᠶᠠᠪᠤᠭᠳᠠᠨ᠎ᠠ᠃ ᠬᠡᠷᠪᠡ ᠵᠠᠷᠯᠠᠨ ᠨᠡᠶᠢᠲᠡᠯᠡᠭᠰᠡᠨ ᠲᠥᠷᠥᠯ ᠵᠦᠢᠯ ᠳᠤ ᠣᠨᠳᠣᠤ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠡᠯᠧᠺᠲᠷᠣᠨ ᠰᠢᠤᠳᠠᠨ ᠤ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ ᠮᠡᠳᠡᠯᠭᠡ ᠶᠢᠨ ᠥᠮᠴᠢᠯᠠᠯ ᠤᠨ ᠡᠷᠬᠡ ᠶᠢᠨ ᠬᠡᠷᠡᠭᠵᠢᠭᠦᠯᠣᠯᠲᠠ  ᠶᠢ ᠠᠬᠢᠭᠤᠯᠬᠤ ᠭᠠᠵᠠᠷ ︶ ᠳᠤ ᠳᠤᠷᠠᠳᠤᠨ ᠭᠠᠷᠭᠠᠨ᠎ᠠ᠂ ᠬᠤᠭᠤᠴᠠᠭ᠎ᠠ ᠬᠡᠲᠦᠷᠡᠲᠡᠯ᠎ᠡ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠬᠤᠪᠢ ᠬᠥᠮᠦᠨ ᠤ ᠲᠤᠰᠢᠶᠠᠭᠰᠠᠨ ᠮᠠᠲ᠋ᠧᠷᠢᠶᠠᠯ ᠨᠢ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠣᠷᠬᠠᠶ ᠪᠢᠴᠢᠭᠡᠳ᠂ ᠨᠢᠭᠡᠴᠢ ᠶᠢᠨ ᠲᠤᠰᠢᠶᠠᠭᠰᠠᠨ ᠮᠠᠲ᠋ᠧᠷᠢᠶᠠᠯ ᠨᠢ ᠪᠠᠶᠢᠭ᠎ᠠ ᠨᠢᠭᠡᠴᠢ ᠶᠢᠨ ᠠᠯᠪᠠᠨ ᠲᠠᠮᠠᠭ᠎ᠠ ᠪᠠᠨ ᠳᠠᠷᠤᠵᠤ᠂ ᠨᠡᠷ᠎ᠡ ᠪᠤᠷᠤᠭᠤᠯᠠᠭᠰᠠᠨ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠃

    ᠬᠠᠷᠢᠯᠴᠠᠬᠤ ᠬᠥᠮᠦᠨ᠄ ᠶᠢᠨ ᠬᠤ᠋ 0471 – 5271969

    ᠢᠮᠧᠯ᠄ jhzscQ2022@163.com

    ᠳᠠᠭᠠᠯᠳᠤᠭᠤᠯᠤᠯ᠄ 2023 ᠣᠨ ᠤ ᠲᠤᠰᠬᠠᠶ ᠠᠰᠢᠭ ᠤᠨ ᠠᠶᠠᠯᠠᠯ ᠵᠠᠯᠠᠬᠤ ᠢᠨᠵᠧᠨᠧᠷᠢᠩ ᠤᠨ ᠰᠡᠳᠦᠪ ᠲᠣᠭᠲᠠᠭᠠᠬᠤ ᠲᠥᠷᠥᠯ ᠵᠦᠢᠯ ᠤᠨ ᠨᠡᠷᠡᠰ

 

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ
    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠮᠡᠳᠡᠯᠭᠡ ᠶᠢᠨ ᠥᠮᠴᠢᠯᠠᠯ  ᠦᠨ ᠡᠷᠬᠡ ᠶᠢᠨ ᠬᠡᠷᠡᠭᠵᠢᠭᠦᠯᠣᠯᠲᠠ  ᠶᠢ ᠠᠬᠢᠭᠤᠯᠬᠤ ᠭᠠᠵᠠᠷ

            2023 ᠣᠨ ᠤ 11 ᠰᠠᠷ᠎ᠠ ᠶᠢᠨ 13 ᠤ ᠡᠳᠦᠷ

 




ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠵᠢ᠊