ᠬᠤᠳᠠᠯ ᠬᠠᠭᠤᠷᠮᠠᠭ ᠭᠡᠷᠡᠴᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠴᠤᠭᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2023/11/18

    ᠭᠡᠷᠡᠴᠢᠯᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠶᠠᠰᠤ ᠴᠢᠨᠠᠷ ᠤᠨ ᠭᠡᠷᠡᠴᠢᠯᠡᠯ ᠤᠨ ᠪᠦᠲᠦᠮᠵᠢᠲᠦ ᠴᠢᠨᠠᠷ ᠪᠠ ᠨᠡᠶᠢᠲᠡ ᠳᠤ ᠢᠲᠡᠭᠡᠭᠦᠯᠬᠦ ᠬᠦᠴᠦᠨ ᠢ ᠬᠠᠮᠠᠭᠠᠯᠠᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠲᠤᠷᠠᠨ 3 ᠰᠠᠷ᠎ᠠ ᠶᠢᠨ ᠬᠤᠭᠤᠴᠠᠭ᠎ᠠ ᠲᠠᠢ ᠬᠤᠳᠠᠯ ᠬᠠᠭᠤᠷᠮᠠᠭ ᠭᠡᠷᠡᠴᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠡᠳᠦᠭᠡ ᠨᠡᠶᠢᠭᠡᠮ ᠳᠤ ᠬᠠᠨᠳᠤᠭᠤᠯᠤᠨ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡ ᠪᠠᠷ ᠴᠤᠭᠯᠠᠭᠤᠯᠪᠠ᠄

    1. ᠭᠡᠷᠡᠴᠢᠯᠡᠬᠦ ᠪᠠᠶᠢᠭᠤᠯᠤᠮᠵᠢ ᠬᠢᠭᠡᠳ ᠭᠡᠷᠡᠴᠢᠯᠡᠭᠴᠢ ᠭᠡᠷᠡᠴᠢᠯᠡᠯ ᠤᠨ ᠦᠨᠡᠮᠯᠡᠯ ᠢ ᠠᠷᠠᠯᠵᠢᠶᠠᠯᠠᠭᠰᠠᠨ︔

    2. ᠭᠡᠷᠡᠴᠢᠯᠡᠭᠴᠢ ᠬᠢᠨᠠᠨ ᠬᠠᠷᠭᠤᠭᠤᠯᠬᠤ ᠲᠤᠬᠠᠶ ᠶᠢᠨ ᠲᠠᠯᠠᠪᠠᠶ ᠶᠢ ᠬᠦᠷᠬᠦ ᠥᠬᠡᠶ︔

    3. ᠭᠡᠷᠡᠴᠢᠯᠡᠭᠴᠢ ᠶᠢ ᠬᠠᠭᠤᠷᠮᠠᠭᠯᠠᠨ ᠣᠷᠣᠯᠠᠭᠰᠠᠨ︔

    4. ᠭᠡᠷᠡᠴᠢᠯᠡᠯ ᠤᠨ ᠲᠠᠩᠰᠠ ᠡᠪᠬᠡᠮᠡᠯ ᠤᠨ ᠲᠡᠮᠳᠡᠭᠯᠡᠯ ᠪᠠ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ︔

    5. ᠭᠡᠷᠡᠴᠢᠯᠡᠬᠦ ᠦᠨᠡᠮᠯᠡᠯ ᠳ᠋ᠤ᠋‌‍ᠲ᠋ᠡᠮᠳᠡᠭᠯᠡᠭᠰᠡᠨ ᠵᠦᠢᠯᠡᠰ ᠤᠨ ᠠᠭᠤᠯᠭ᠎ᠠ ᠨᠢ ᠪᠣᠳᠠᠲᠠᠢ ᠲᠠᠢ ᠬᠦᠨᠳᠦ ᠨᠣᠴᠢᠲᠠᠶ ᠵᠥᠷᠢᠴᠡᠭᠰᠡᠨ︔

    6. ᠬᠡᠪᠴᠢᠶ᠎ᠡ ᠠᠴᠠ ᠳᠠᠪᠠᠭᠤᠯᠤᠨ ᠭᠡᠷᠡᠴᠢᠯᠡᠭᠰᠡᠨ︔

    7. ᠬᠤᠳᠠᠯ ᠬᠠᠭᠤᠷᠮᠠᠭ ᠪᠤᠶᠤ ᠪᠣᠳᠠᠲᠠᠢ ᠲᠠᠢ ᠬᠦᠨᠳᠦ ᠨᠣᠴᠢᠲᠠᠶ ᠵᠥᠷᠢᠴᠡᠭᠰᠡᠨ ᠢ ᠭᠡᠷᠡᠴᠢᠯᠡᠭᠰᠡᠨ ᠦᠷ᠎ᠡ ᠳ᠋ᠦᠩ ᠭᠠᠷᠭᠠᠵᠤ ᠥᠭᠭᠦᠭᠰᠡᠨ ︔

    8. ᠭᠡᠷᠡᠴᠢᠯᠡᠭᠦᠯᠬᠦ ᠪᠠᠶᠢᠭᠤᠯᠤᠮᠵᠢ ᠬᠢᠷᠢ ᠬᠡᠮ ᠭᠤᠶᠤᠴᠢᠯᠠᠬᠤ ᠳᠠᠭᠠᠨ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠬᠤ ᠪᠤᠶᠤ ᠬᠤᠳᠠᠯ ᠬᠠᠭᠤᠷᠮᠠᠭ ᠠᠮᠠᠯᠠᠯᠲᠠ ᠶᠢᠨ ᠬᠡᠰᠡᠭ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠲᠤᠰᠢᠶᠠᠭᠰᠠᠨ︔

    9. ᠴᠣᠬᠤᠯᠠᠪᠤᠷᠢ ᠬᠦᠷᠲᠡᠭᠰᠡᠨ ᠦᠬᠡᠢ ᠪᠠᠷ ᠬᠡᠷᠡᠴᠢᠯᠡᠬᠦ ᠠᠵᠢᠯᠯᠠᠭ᠎ᠠ  ᠥᠷᠨᠢᠭᠦᠯᠦᠭᠰᠡᠨ ︔

    10. ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠭᠡᠷᠡᠴᠢᠯᠡᠯ ᠤᠨ ᠪᠠᠶᠢᠭᠤᠯᠤᠮᠵᠢ ᠶᠢ ᠬᠠᠭᠤᠷᠮᠠᠭᠯᠠᠨ ᠬᠡᠷᠡᠭᠯᠡᠭᠰᠡᠨ︔

    11. ᠭᠡᠷᠡᠴᠢᠯᠡᠯ ᠤᠨ ᠦᠨᠡᠮᠯᠡᠯ ᠪᠠ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠵᠤ ᠬᠡᠷᠡᠭᠯᠡᠭᠰᠡᠨ︔

    12. ᠰᠦᠯᠵᠢᠶᠡᠨ ᠳᠡᠭᠡᠷ᠎ᠡ ᠬᠤᠳᠠᠯ ᠬᠠᠭᠤᠷᠮᠠᠭ ᠭᠡᠷᠡᠴᠢᠯᠡᠭᠡ ᠶᠢᠨ ᠦᠨᠡᠮᠯᠡᠯ ᠬᠤᠳᠠᠯᠳᠤᠬᠤ᠂ ᠬᠤᠳᠠᠯ ᠬᠠᠭᠤᠷᠮᠠᠭ ᠭᠡᠷᠡᠴᠢᠯᠡᠯ ᠤᠨ ᠠᠵᠢᠯᠯᠠᠭ᠎ᠠ ᠥᠷᠨᠢᠭᠦᠯᠦᠭᠰᠡᠨ︔

    13. ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠭᠡᠷᠡᠴᠢᠯᠡᠯ ᠤᠨ ᠦᠢᠯᠡ ᠠᠵᠢᠯᠯᠠᠭ᠎ᠠ᠃

    ᠢᠯᠡᠴᠢᠯᠡᠨ ᠮᠡᠳᠡᠭᠦᠯᠬᠦ ᠤᠲᠠᠰᠤ᠄ 12315

    ᠨᠡᠶᠢᠭᠡᠮ ᠤᠨ ᠡᠯ᠎ᠡ ᠡᠲᠡᠭᠡᠳ ᠠᠴᠠ ᠰᠦᠪᠡᠭᠴᠢ ᠬᠠᠩᠭᠠᠬᠤ ᠶᠢ ᠪᠠᠶᠠᠷᠯᠠᠨ ᠤᠭᠲᠤᠵᠤ᠂ ᠬᠠᠤᠯᠢ ᠶᠢ ᠵᠥᠷᠢᠴᠡᠭᠰᠡᠨ ᠰᠦᠪᠡᠭᠴᠢ ᠬᠠᠩᠭᠠᠭᠰᠠᠨ ᠠᠷᠠᠳ ᠢᠷᠭᠡᠳ ᠤᠨ ᠮᠡᠳᠡᠭᠡ ᠵᠠᠩᠭᠢ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠨᠢᠭᠤᠴᠠ ᠶᠢ ᠴᠢᠩᠭ᠎ᠠ ᠬᠠᠮᠠᠭᠠᠯᠠᠵᠤ᠂ ᠬᠠᠤᠯᠢ ᠶᠣᠰᠣᠭᠠᠷ ᠬᠠᠮᠠᠭᠠᠯᠠᠨ᠎ᠠ᠃

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

            2023 ᠣᠨ ᠤ 11 ᠰᠠᠷ᠎ᠠ ᠶᠢᠨ 13 ᠤ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ