ᠴᠢᠩᠭ᠎ᠠ ᠪᠣᠳᠠᠲᠠᠶ ᠨᠠᠷᠢᠯᠢᠭ ᠪᠠᠶᠢᠵᠤ᠂ ᠠᠶᠤᠯᠭᠦᠶ ᠦᠢᠯᠡᠳᠪᠦᠷᠢᠯᠡᠯ ᠢ ᠰᠠᠶᠢᠲᠤᠷ ᠠᠳᠬᠤᠵᠤ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠯᠪᠠᠨ ᠲᠣᠭᠤᠷᠢᠭ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠥᠮᠦᠵᠢᠯ ᠪᠠ ᠠᠶᠤᠯᠭᠦᠶ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/11/27

  ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠨ ᠰᠢ ᠶᠢᠨ ᠯᠢᠦᠢ ᠯᠢᠶᠠᠩ ᠶᠦᠩ ᠵᠢᠤᠢ ᠨᠡᠭᠦᠷᠡᠰᠦᠨ ᠠᠭᠤᠷᠬᠠᠢ ᠶᠢᠨ ︽11·16︾ ᠤ ᠭᠠᠯ ᠤᠨ ᠭᠠᠮᠰᠢᠭ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠦᠳᠲᠡᠷ ᠲᠦᠷᠭᠡᠨ ᠲᠤᠰᠬᠠᠯ ᠭᠠᠷᠭᠠᠵᠤ᠂ ᠴᠠᠭ ᠲᠤᠬᠠᠢ ᠳᠤᠨᠢ ᠪᠠᠶᠢᠷᠢᠯᠠᠭᠤᠯᠤᠯᠲᠠ ᠬᠢᠵᠦ᠂ 11 ᠳ᠋ᠦ᠋ᠭᠡᠷ ᠰᠠᠷ᠎ᠠ ᠶᠢᠨ 17᠂ 18 ᠤ ᠡᠳᠦᠷ ᠠᠯᠪᠠᠯᠠᠬᠤ ᠲᠣᠭᠤᠷᠢᠭ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠪᠣᠯᠤᠨ ᠠᠶᠤᠯᠭᠦᠢ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠲᠢᠩᠬᠢᠮ ᠪᠠᠶᠢᠭᠤᠯᠭ᠎ᠠ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃

  ᠨᠢᠭᠡ ᠳᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠬᠤ ᠬᠡᠷᠡᠭᠲᠡᠶ᠃ 17 ᠤ ᠦᠳᠡ ᠶᠢᠨ ᠬᠤᠶᠢᠨ᠎ᠠ᠂ ᠲᠥᠪ ᠠᠴᠠ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ 2023 ᠣᠨ ᠤ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠲᠠᠶᠢᠯᠤᠮᠵᠢ ᠨᠢ ︽ᠰᠡᠷᠭᠡᠶᠢᠯᠡᠬᠦ ᠪᠠᠷ ᠭᠤᠣᠯ ᠪᠣᠯᠭᠠᠵᠤ᠂ ᠠᠮᠢ ᠨᠠᠰᠤ ᠶᠢ ᠳᠡᠭᠡᠳᠦᠯᠡᠬᠦ︾ ᠪᠠᠷ ᠭᠤᠣᠯ ᠰᠡᠳᠦᠪ ᠪᠣᠯᠭᠠᠵᠤ᠂ ᠬᠥᠮᠦᠰ ᠢ ᠰᠣᠴᠢᠭᠠᠮ᠎ᠠ ᠭᠠᠯ ᠤᠨ ᠭᠠᠮᠰᠢᠭ ᠤᠨ ᠪᠣᠳᠠᠲᠤ ᠵᠢᠱᠢᠶ᠎ᠠ ᠪᠠᠷ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ ᠠᠮᠤᠷ ᠲᠦᠪᠰᠢᠨ ᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠰᠡᠷᠡᠮᠵᠢᠯᠡᠭᠦᠯᠵᠡᠢ᠃

  ᠬᠤᠶᠠᠷ ᠲᠤ᠂ ᠬᠠᠮᠲᠤᠪᠠᠷ ᠰᠡᠷᠭᠡᠶᠢᠯᠡᠨ ᠬᠠᠮᠲᠤᠪᠠᠷ ᠵᠠᠰᠠᠵᠤ᠂ ᠭᠠᠯ ᠤᠨᠲᠠᠷᠠᠭᠠᠬᠤ ᠶᠢᠨ ᠬᠠᠮᠲᠤᠷᠠᠨ ᠬᠥᠳᠡᠯᠦᠯᠴᠡᠬᠦ ᠶᠢ ᠪᠡᠶᠡᠯᠡᠭᠦᠯᠬᠦ ᠬᠡᠷᠡᠭᠲᠡᠶ᠃ ᠠᠵᠢᠯᠯᠠᠬᠤ ᠲᠣᠭᠤᠷᠢᠭ ᠤᠨ ᠭᠡᠨᠡᠳᠲᠡ ᠶᠢᠨ ᠪᠠᠶᠢᠳᠠᠯ ᠢ ᠳᠠᠭᠤᠷᠢᠶᠠᠨ᠂ ᠪᠠᠶᠢᠭᠠᠯᠢ ᠶᠢᠨ ᠮᠦᠽᠧᠶ ᠶᠢᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠯᠤᠭ᠎ᠠ ᠬᠠᠮᠲᠤᠷᠠᠨ ᠬᠥᠳᠡᠯᠦᠯᠴᠡᠬᠦ ᠪᠡᠯᠡᠳᠬᠡᠯ ᠲᠥᠰᠦᠯ ᠢ ᠡᠬᠢᠯᠡᠭᠦᠯᠵᠦ᠂ ᠪᠠᠶᠢᠭᠠᠯᠢ ᠶᠢᠨ ᠮᠦᠽᠧᠶ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠡᠷᠭᠡ ᠬᠥᠰᠬᠡ ᠶᠢᠨ ᠤᠷᠤᠭᠰᠢᠯᠠᠬᠤ ᠵᠠᠮ ᠱᠤᠭᠤᠮ ᠢ ᠲᠣᠳᠣᠷᠬᠠᠶᠢᠯᠠᠨ᠂ ᠬᠠᠮᠤᠭ ᠤᠨ ᠣᠬᠤᠷ ᠬᠤᠭᠤᠴᠠᠭᠠᠨ ᠳᠤ ᠠᠵᠢᠯᠯᠠᠬᠤ ᠲᠣᠭᠤᠷᠢᠭ ᠲᠤ ᠬᠦᠷᠬᠦ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ ᠠᠮᠢ ᠵᠢᠭᠤᠲᠠᠬᠤ ᠮᠠᠶᠢᠬᠠᠨ ᠢ ᠠᠰᠢᠭᠯᠠᠨ ᠲᠠᠷᠬᠠᠭᠠᠬᠤ ᠰᠣᠷᠢᠯᠲᠠ ᠬᠢᠵᠦ᠂ ᠭᠠᠯ ᠤᠨᠲᠠᠷᠠᠭᠠᠭᠤᠷ ᠤᠨ ᠬᠡᠷᠡᠭᠯᠡᠯᠲᠡ ᠶᠢ ᠲᠤᠬᠠᠶ ᠶᠢᠨ ᠲᠠᠯᠠᠪᠠᠶ ᠳᠤ ᠦᠵᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠮᠲᠤ ᠪᠠᠷ ᠰᠡᠷᠭᠡᠶᠢᠯᠡᠵᠦ ᠬᠠᠮᠲᠤ ᠪᠠᠷ ᠵᠠᠰᠠᠬᠤ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠪᠠ᠃

  ᠭᠤᠷᠪᠠ ᠳᠤ᠂ ᠴᠥᠬᠦᠷᠡᠰᠢ ᠥᠬᠡᠶ ᠪᠠᠶᠢᠩᠭᠤ ᠠᠳᠬᠤᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ᠃ 18 ᠤ ᠡᠳᠦᠷ ᠤᠨ ᠦᠳᠡ ᠶᠢᠨ ᠡᠮᠦᠨ᠎ᠡ᠂ ᠬᠤᠯᠪᠣᠭᠳᠠᠯ ᠪᠥᠬᠦᠶ ᠬᠥᠮᠦᠰ ᠢ ᠵᠣᠬᠢᠶᠠᠨ ᠪᠠᠶᠢᠭᠤᠯᠵᠤ ᠠᠯᠪᠠᠯᠠᠬᠤ ᠲᠣᠭᠤᠷᠢᠭ ᠲᠤ ︽ᠬᠡᠪᠢᠰ ᠮᠠᠶ᠋ᠢᠭ ᠤᠨ︾ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠪᠠᠶᠢᠴᠠᠭᠠᠬᠤ ᠠᠵᠢᠯ ᠢ ᠥᠷᠨᠢᠭᠦᠯᠪᠡ᠃ ᠪᠠᠶᠢᠴᠠᠭᠠᠬᠤ ᠳᠤᠭᠤᠶᠢᠯᠠᠩ ᠨᠠᠮᠤᠷ ᠡᠪᠦᠯ ᠤᠨ ᠤᠯᠠᠷᠢᠯ ᠤᠨ ᠭᠠᠯ ᠤᠨ ᠠᠶᠤᠯ ᠤᠨ ᠠᠳᠡᠯ ᠣᠯᠠᠨᠲᠠ ᠭᠠᠷᠳᠠᠭ ᠣᠨᠴᠠᠯᠢᠭ ᠲᠤ ᠴᠢᠭᠯᠡᠭᠦᠯᠦᠨ᠂ ᠭᠠᠯ ᠤᠨᠲᠠᠷᠠᠭᠠᠭᠤᠷ᠂ ᠲᠠᠮᠠᠬᠢᠨ ᠰᠡᠷᠡᠯ ᠤᠨ ᠲᠦᠭᠰᠢᠭᠦᠷᠢ ᠮᠡᠳᠡᠭᠡᠯᠡᠬᠦ ᠪᠠᠭᠠᠵᠢ᠂ ᠭᠠᠯ ᠤᠨᠲᠠᠷᠠᠭᠠᠭᠤᠯ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠳᠤ ᠭᠤᠤᠯᠳᠠᠯᠭ᠎ᠠ ᠲᠠᠢ ᠴᠢᠳᠠᠮᠵᠢ ᠶᠢᠨ ᠰᠢᠯᠭᠠᠯᠲᠠ ᠬᠢᠵᠦ᠂ ᠪᠦᠷᠢᠨ ᠪᠦᠲᠦᠨ ᠪᠠᠶᠢᠬᠤ ᠨᠣᠷᠮ᠎ᠠ ᠶᠢᠨ 100 % ᠳᠤ ᠬᠦᠷᠦᠭᠦᠯᠦᠨ᠎ᠡ᠃ ᠵᠢᠭᠰᠠᠭᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠳᠠᠯᠳᠠ ᠭᠡᠮ ᠢ ᠲᠤᠬᠠᠶ ᠶᠢᠨ ᠭᠠᠵᠠᠷ ᠲᠤᠨᠢ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠬᠤ ᠬᠡᠷᠡᠭᠲᠡᠶ᠃ ᠲᠤᠬᠠᠶ ᠶᠢᠨ ᠭᠠᠵᠠᠷ ᠲᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠶ ᠶᠢ ᠨᠢ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠪᠤᠰᠤ ᠳᠠᠯᠳᠠ ᠭᠡᠮ ᠢ ᠬᠥᠳᠡᠯᠦᠩᠭᠦᠶ ᠪᠠᠷ ︽ᠲᠡᠭ ᠪᠣᠯᠭᠠᠬᠤ︾ ᠶᠢ ᠦᠨᠡᠨᠬᠦ ᠪᠠᠲᠤᠯᠠᠬᠤ ᠬᠡᠷᠡᠭᠲᠡᠶ᠃

  ᠲᠠᠷᠠᠭᠠᠴᠢ ᠶᠢᠨ ᠠᠯᠬᠤᠮ ᠳᠤ᠂ ᠲᠥᠪ ᠠᠴᠠ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠶ ᠪᠠᠶᠢᠳᠠᠯ ᠢ ᠲᠣᠳᠣᠷᠬᠠᠶ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠢᠩᠬᠢᠮ ᠤᠨ ᠪᠠᠶᠢᠭᠤᠯᠭ᠎ᠠ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠥᠬᠦ ᠬᠦᠴᠦᠨ ᠢᠶᠠᠷ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ