ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ 2023 ᠣᠨ ᠤ ᠨᠠᠮ ᠤᠨ ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/27

  ᠨᠠᠮ ᠤᠨ ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠨᠠᠮ ᠤᠨ ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠪᠣᠯᠪᠠᠰᠤᠷᠠᠯ ᠤᠨ ᠠᠩᠭᠢ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠭᠦᠸᠧ ᠰᠢᠨ ᠢᠦᠶ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃

   ᠪᠣᠯᠪᠠᠰᠤᠷᠠᠯ  ᠠᠴᠠ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠪᠣᠯᠪᠠᠰᠤᠷᠠᠯ ᠨᠢ ᠶᠠᠭ ᠵᠢᠯ ᠤᠨ ᠡᠴᠦᠰ ᠤᠨ ᠤᠯᠠᠷᠢᠯ ᠪᠠᠶᠢᠵᠤ᠂ ᠰᠤᠷᠤᠯᠭ᠎ᠠ ᠶᠢᠨ ᠴᠢᠳᠠᠪᠤᠷᠢ ᠶᠢᠨ ᠲᠥᠪᠯᠡᠷᠡᠩᠭᠦᠶ ᠪᠣᠯᠪᠠᠰᠤᠷᠠᠯ ᠪᠣᠯᠬᠤ ᠮᠥᠷᠲᠡᠭᠡᠨ ᠪᠠᠰᠠ ᠲᠠᠷᠠᠭᠠᠴᠢ ᠶᠢᠨ ᠱᠠᠲᠤᠨ ᠤ ᠠᠵᠢᠯ ᠤᠨ ᠪᠠᠶᠢᠷᠢᠯᠠᠭᠤᠯᠤᠯᠲᠠ ᠪᠣᠯᠤᠨ᠎ᠠ᠂ ᠰᠤᠷᠤᠯᠭᠠᠲᠠᠳ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠤᠳᠠᠭᠠᠨ ᠤ ᠲᠥᠪᠯᠡᠷᠡᠩᠭᠦᠶ ᠰᠤᠷᠤᠯᠴᠠᠯᠭ᠎ᠠ ᠪᠣᠯᠪᠠᠰᠤᠷᠠᠯ ᠢᠶᠠᠷ ᠳᠠᠮᠵᠢᠭᠤᠯᠤᠨ᠂ ᠣᠨᠣᠯ ᠢᠶᠠᠷ ᠵᠡᠪᠰᠡᠭᠯᠡᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃

  ᠲᠣᠰ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠪᠠᠭᠰᠢ ᠪᠠ ᠣᠷᠳᠣ ᠬᠤᠭᠤᠴᠠᠭ᠎ᠠ ᠪᠠᠷ ᠨᠠᠮ ᠤᠨ ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠡᠷᠭᠢᠯᠡᠵᠦ ᠪᠠᠶᠢᠭ᠎ᠠ ᠠᠵᠢᠯᠲᠠᠨ ᠢ ᠤᠷᠢᠵᠤ᠂ ᠭᠤᠤᠯᠳᠠᠭᠤ ᠶᠡᠷᠦᠩᠬᠡᠶ ᠱᠦᠵᠢ ᠰᠢ ᠶᠢᠨ ᠫᠢᠩ ᠤᠨ ᠤᠳᠠᠭ᠎ᠠ ᠪᠦᠷᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠣᠳᠠᠲᠤ ᠶᠠᠪᠤᠳᠠᠯ᠂ ᠴᠢᠬᠡᠴᠢ ᠵᠠᠰᠠᠭ ᠤᠨ ᠰᠣᠶᠣᠯ᠂ ᠨᠠᠮ ᠤᠨ ᠶᠠᠪᠤᠳᠠᠯ ᠢ ᠢᠯᠡ ᠪᠣᠯᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯᠯᠡᠵᠦ᠂ ᠠᠭᠤᠯᠭ᠎ᠠ ᠪᠠᠷ ᠪᠠᠶᠠᠯᠢᠭ᠂ ᠲᠠᠶᠢᠯᠤᠮᠵᠢ ᠪᠠᠷ ᠭᠤᠶᠢᠳᠠ ᠰᠠᠶᠢᠬᠠᠨ ᠪᠠᠶᠢᠵᠤ᠂ ᠰᠤᠷᠤᠭᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠣᠯᠠᠨ ᠢᠶᠠᠷ ᠢᠶᠠᠨ᠂ ᠲᠣᠰ ᠤᠳᠠᠭᠠᠨ ᠤ ᠪᠣᠯᠪᠠᠰᠤᠷᠠᠯ ᠤᠨ ᠴᠠᠭ ᠪᠠᠴᠢᠮ᠂ ᠠᠭᠤᠯᠭ᠎ᠠ ᠪᠠᠶᠠᠯᠢᠭ᠂ ᠪᠣᠳᠠᠲᠠᠶ ᠳᠤ ᠣᠶᠢᠷᠠᠲᠤᠵᠤ᠂ ᠣᠨᠣᠯ ᠤᠨ ᠮᠡᠳᠡᠯᠭᠡ ᠶᠢ ᠰᠣᠷᠣᠭᠰᠠᠨ ᠢᠶᠠᠷ ᠪᠠᠷᠠᠬᠤ ᠥᠬᠡᠶ᠂ ᠪᠣᠳᠠᠲᠤ ᠪᠠᠶᠢᠯᠳᠤᠭᠠᠨ ᠤ ᠲᠤᠷᠰᠢᠯᠭ᠎ᠠ ᠶᠢ ᠴᠤ ᠰᠤᠷᠴᠤ᠂ ᠶᠡᠭᠡ ᠠᠰᠢᠭ ᠭᠥᠷᠳᠡᠭᠰᠡᠨ ᠪᠥᠭᠡᠳ ᠲᠣᠰ ᠤᠳᠠᠭᠠᠨ ᠤ ᠪᠣᠯᠪᠠᠰᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠴᠢᠩᠭ᠎ᠠ ᠬᠠᠷᠢᠭᠤᠴᠠᠯᠭᠠᠲᠤ ᠤᠬᠠᠮᠰᠠᠷ ᠢᠶᠠᠷ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠵᠤ ᠪᠣᠳᠠᠲᠠᠶ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠤ ᠢᠯᠡᠳᠭᠡᠵᠡᠭᠡᠪᠡ᠃

  ᠲᠢᠩᠬᠢᠮ ᠤᠨ ᠪᠠᠶᠢᠭᠤᠯᠭ᠎ᠠ ᠶᠢᠨ ᠨᠠᠮ ᠤᠨ ᠡᠭᠦᠷ᠂ ᠲᠢᠩᠬᠢᠮ ᠤᠨ ᠬᠠᠷᠢᠶ᠎ᠠ ᠨᠢᠭᠡᠴᠢ ᠶᠢᠨ ᠨᠠᠮ ᠤᠨ ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠵᠢᠴᠢ ᠬᠡᠰᠡᠭ ᠨᠠᠮ ᠤᠨ ᠡᠭᠦᠷ ᠤᠨ ᠱᠦᠵᠢ ᠨᠡᠶᠢᠲᠡ 70 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ