ᠨᠠᠰᠤᠲᠠᠶᠢᠴᠤᠳ ᠢ ᠠᠰᠠᠷᠠᠨ ᠰᠤᠪᠢᠯᠠᠬᠤ ᠴᠢᠯᠦᠭᠡ ᠪᠠᠶᠢᠬᠤ ᠶᠢ ᠲᠠ ᠮᠡᠳᠡᠨ᠎ᠡ ᠤᠤ︖
ᠨᠡᠶᠢᠲᠡᠯᠡᠭᠰᠡᠨ ᠴᠠᠭ᠄
2023/11/27

    ᠨᠠᠶᠠᠭᠠᠳ ᠶᠡᠷᠡᠭᠡᠳ ᠣᠨ ᠠᠴᠠ ᠡᠬᠢᠯᠡᠨ ᠭᠠᠭᠴᠠ ᠬᠡᠦᠬᠡᠳ ᠠᠪᠤᠭᠰᠠᠨ ᠭᠡᠷ ᠪᠦᠯᠢ ᠣᠯᠠᠳᠴᠤ᠂ ᠣᠳᠣ ᠲᠡᠳᠡᠨ ᠤ ᠡᠴᠢᠭᠡ ᠡᠬᠡ ᠨᠢ ᠴᠦ ᠠᠭᠠᠵᠢᠮ ᠢᠶᠠᠷ ᠨᠠᠰᠤ ᠠᠬᠢᠭᠰᠠᠨ ᠪᠠᠶᠢᠨ᠎ᠠ᠃ ᠠᠩᠬᠠᠳᠤᠭᠠᠷ ᠪᠦᠯᠦᠭ ᠭᠡᠷ ᠤᠨ ᠭᠠᠭᠴᠠ ᠬᠡᠦᠬᠡᠳ ᠪᠣᠯᠤᠭᠰᠠᠨ ᠤ ᠬᠤᠪᠢ ᠳᠤ᠂ ᠲᠡᠳᠡᠨ ᠤ ᠠᠪᠤ ᠡᠵᠢ ᠪᠠᠨ ᠠᠴᠢᠯᠠᠨ ᠲᠡᠵᠢᠭᠡᠬᠦ ᠠᠰᠠᠭᠤᠳᠠᠯ ᠣᠯᠠᠨ ᠤ ᠠᠩᠬᠠᠷᠤᠯ ᠢ ᠲᠠᠲᠠᠵᠤ ᠪᠠᠶᠢᠳᠠᠭ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠡᠷᠬᠡ ᠠᠰᠢᠭ ᠢ ᠬᠠᠮᠠᠭᠠᠯᠠᠬᠤ ᠳᠦᠷᠢᠮ︾ ᠳᠤ ᠲᠣᠭᠲᠠᠭᠠᠭᠰᠠᠨ ᠨᠢ᠂ ᠨᠠᠰᠤᠲᠠᠶᠢᠴᠤᠳ ᠡᠪᠡᠳᠴᠢᠯᠡᠭᠡᠳ ᠪᠡᠶ᠎ᠡ ᠪᠠᠨ ᠳᠠᠭᠠᠭᠠᠵᠤ ᠳᠡᠶᠢᠯᠭᠦ ᠦᠭᠡᠢ ᠪᠣᠯᠬᠤ ᠦᠶ᠎ᠡ ᠳᠤ ᠬᠥᠮᠥᠨ ᠬᠡᠷᠡᠭᠯᠡᠬᠦ ᠨᠢᠭᠡᠴᠢ ᠠᠴᠠ ᠭᠡᠷ ᠤᠨ ᠭᠠᠭᠴᠠ ᠬᠡᠦᠬᠡᠳ ᠲᠤ 20 ᠡᠳᠦᠷ ᠤᠨ ᠠᠰᠠᠷᠠᠨ ᠰᠤᠪᠢᠯᠠᠬᠤ ᠴᠢᠯᠦᠭᠡ ᠥᠭᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠨ᠎ᠠ᠃ 2019 ᠣᠨ ᠤ 1 ᠰᠠᠷ᠎ᠠ ᠶᠢᠨ 1 ᠤ ᠡᠳᠦᠷ ᠠᠴᠠ ᠳᠠᠷᠤᠢ ᠡᠬᠢᠯᠡᠵᠦ ᠬᠡᠷᠡᠭᠵᠢᠭᠦᠯᠪᠡ᠃

ᠢᠷᠡᠯᠲᠡ᠄ ᠲᠣᠲᠣᠷᠬᠠᠢ ᠦᠭᠡᠢ