ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠴᠡ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠤᠯ  ᠤᠨ ᠬᠦᠷᠢᠶᠡᠯᠡᠩ ᠤᠨ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠤᠬᠠᠶ  ᠵᠠᠷᠯᠠᠨ ᠨᠡᠶᠢᠲᠡᠯᠡᠬᠦ ᠮᠡᠳᠡᠭᠳᠡᠯ
ᠨᠡᠶᠢᠲᠡᠯᠡᠭᠰᠡᠨ ᠴᠠᠭ᠄
2023/11/8

     ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠶᠢ ᠬᠡᠷᠡᠭᠵᠢᠭᠦᠯᠬᠦ ᠠᠷᠭ᠎ᠠ ︾ ︵ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠶᠢᠨ ᠵᠠᠰᠠᠭ  ᠤᠨ ᠤᠷᠳᠤᠨ ᠠᠴᠠ ᠲᠠᠷᠬᠠᠭᠠᠭᠰᠠᠨ  ﹇ 2017 ﹈ 77 ᠳ᠋ᠤᠭᠠᠷ ︶ ᠪᠠ ︽ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠤᠶᠢᠯᠠᠰ ᠤᠨ ᠨᠢᠭᠡᠴᠡ ᠶᠢᠨ ᠰᠠᠭᠠᠳ ᠥᠬᠡᠶ ᠨᠡᠪᠲᠡᠷᠡᠬᠦ ᠵᠠᠮ  ᠢ ᠳᠡᠭᠡᠳᠦ ᠲᠠᠰ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠦ ᠬᠢᠨᠠᠨ ᠵᠥᠪᠰᠢᠶᠡᠷᠡᠬᠦ ᠲᠦᠷᠢᠮ ᠤᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ  ᠦ ᠡᠬᠡ  ᠪᠠᠶᠠᠯᠢᠭ ᠪᠠ ᠨᠡᠶᠢᠭᠡᠮ  ᠤᠨ ᠪᠠᠲᠤᠯᠠᠭ᠎ᠠ ᠶᠢᠨ ᠲᠢᠩᠬᠢᠮ ᠶᠢᠨ ᠲᠠᠷᠬᠠᠭᠠᠭᠰᠠᠨ ﹇ 2022 ﹈ 78 ᠳ᠋ᠤᠭᠠᠷ ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠤᠶᠢᠯᠠᠰ ᠤᠨ ᠨᠢᠭᠡᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠤᠯ  ᠤᠨ ᠬᠦᠷᠢᠶᠡᠯᠡᠩ ᠡᠴᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷ᠂ ᠨᠡᠷ᠎ᠡ  ᠮᠡᠳᠡᠭᠦᠯᠬᠦ ᠶᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠢ ᠦᠨᠡᠯᠡᠨ ᠵᠢᠱᠢᠬᠦ᠂ ᠰᠢᠨᠵᠢᠯᠡᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠢ ᠨᠡᠶᠢᠲᠡᠯᠡᠵᠦ᠂ ᠨᠡᠶᠢᠲᠡ 1 ᠬᠥᠮᠦᠨ ᠣᠷᠣᠭᠤᠯᠤᠨ ᠠᠪᠴᠢᠷᠠᠬᠤ ᠪᠠᠷ ᠴᠢᠳᠠᠪᠤᠷᠢᠲᠠᠨ ᠤ ᠬᠡᠪᠴᠢᠶᠡᠨ ᠳᠤ ᠤᠷᠤᠪᠠ᠃ ᠡᠳᠦᠭᠡ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠵᠢᠨ‌‍ᠴᠢᠳᠠᠪᠤᠷᠢᠲᠠᠨ ᠢ ᠢᠯᠡ ᠨᠡᠶᠢᠲᠡᠯᠡᠪᠡ᠃

ᠨᠢᠭᠡ᠂ ᠢᠯᠡ ᠨᠡᠶᠢᠲᠡᠯᠡᠬᠦ ᠡᠲᠡᠭᠡᠳ

    ᠸᠠᠩ ᠴᠢᠶᠣᠤ ᠮᠢᠨ᠂ ᠡᠮᠡᠭᠲᠡᠶ᠂ ᠬᠢᠲᠠᠳ ᠦᠨᠳᠦᠰᠦᠲᠡᠨ᠂ 1989 ᠣᠨ ᠤ 9 ᠳ᠋ᠤᠭᠠᠷ ᠰᠠᠷ᠎ᠠ ᠳᠤ ᠳᠦᠷᠦᠵᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠡᠭᠡᠳᠦ ᠵᠡᠷᠭᠡ ᠶᠢᠨ ᠢᠨᠵᠧᠨᠧᠷ᠂ ᠥᠪᠥᠷ ᠮᠣᠩᠭᠤᠯ ᠤᠨ ᠬᠥᠬᠡᠬᠤᠲᠠ ᠶᠢᠨ ᠬᠦᠮᠦᠨ ᠂ 2012 ᠣᠨ ᠤ 7 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠢᠮᠢ ᠶᠢᠨ ᠢᠨᠵᠧᠨᠧᠷᠢᠩ ᠪᠠ ᠭᠠᠷ ᠤᠷᠠᠯᠠᠯ ᠤᠨ ᠲᠤᠰᠬᠠᠶ ᠮᠡᠷᠭᠡᠵᠢᠯ  ᠤᠨ ᠵᠢᠩᠬᠢᠨᠢ ᠠᠩᠭᠢ  ᠠᠴᠠ ᠲᠡᠭᠦᠰᠴᠡᠶ᠃ ᠢᠨᠵᠧᠨᠧᠷᠢᠩ ᠤᠨ ᠤᠬᠠᠭᠠᠨ ᠤ ᠮᠠᠰᠲ᠋ᠧᠷ ᠢ ᠤᠯᠴᠤ᠂ 2017 ᠣᠨ ᠤ 4 ᠳ᠋ᠦ᠋ᠭᠡᠷ ᠰᠠᠷ᠎ᠠ ᠳᠤ ᠮᠠᠰᠲ᠋ᠧᠷ ᠳ᠋ᠣᠺᠲ᠋ᠣᠷ ᠶᠢ ᠵᠠᠯᠭᠠᠭ᠎ᠠ ᠪᠠᠷ ᠳ᠋ᠠᠯᠢᠶᠠᠨ ᠤ ᠳᠠᠯᠠᠢ ᠶᠢᠨ ᠶᠠᠪᠤᠳᠠᠯ ᠤᠨ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠲᠤᠰᠬᠠᠶ ᠮᠡᠷᠭᠡᠵᠢᠯ ᠠᠴᠠ ᠲᠡᠭᠦᠰᠴᠦ᠂ ᠢᠨᠵᠧᠨᠧᠷᠢᠩ ᠤᠨ ᠤᠬᠠᠭᠠᠨ ᠤ ᠳ᠋ᠣᠺᠲ᠋ᠣᠷ ᠴᠣᠯᠠ ᠬᠠᠮᠠᠭᠠᠯᠠᠪᠠ᠃ ᠥᠪᠡᠷᠲᠡᠭᠡᠨ ᠵᠠᠰᠠᠬᠤ ᠣᠷᠣᠨ ᠤ ᠬᠡᠮᠵᠢᠨ ᠰᠢᠯᠭᠠᠬᠤ ᠰᠤᠳᠤᠯᠤᠯ  ᠶᠢᠨ ᠬᠦᠷᠢᠶᠡᠯᠡᠩ ᠤᠨ ᠡᠨᠧᠷᠭᠢ ᠶᠢᠨ ᠬᠡᠮᠵᠢᠯᠲᠡ ᠶᠢᠨ ᠲᠥᠷᠥᠯ ᠤᠨ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠨ ᠤ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢ ᠤᠷᠢᠬᠤ ᠪᠠᠷ ᠲᠥᠯᠥᠪᠯᠡᠵᠦ ᠪᠠᠶᠢᠨ᠎ᠠ᠃

 

ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ

    2023 ᠣᠨ ᠤ 11 ᠳ᠋ᠦ᠋ᠭᠡᠷ ᠰᠠᠷ᠎ᠠ ᠶᠢᠨ 8 ᠤ ᠡᠳᠦᠷ ᠠᠴᠠ 2023 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ ᠪᠣᠯᠲᠠᠯ᠎ᠠ᠃

 

ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ

    ᠨᠢᠭᠡᠴᠡ ᠪᠣᠯᠤᠨ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠮᠠᠲ᠋ᠧᠷᠢᠶᠠᠯ ᠤᠨ ᠨᠢᠭᠡᠴᠡ ᠠᠯᠪᠠᠨ ᠲᠠᠮᠠᠭ᠎ᠠ ᠳᠠᠷᠤᠬᠤ ᠴᠢᠬᠤᠯᠠᠲᠠᠶ᠂ ᠬᠤᠪᠢ ᠬᠥᠮᠦᠨ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠬᠠᠩᠭᠠᠬᠤ ᠬᠡᠷᠡᠭᠲᠡᠶ᠃ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃

    ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00    

    ᠦᠳᠡ ᠶᠢᠨ ᠬᠤᠶᠢᠨᠠᠬᠢ 14᠄ 30 - 17᠄ 30

    ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471-6628363  ︵ ᠦᠪᠤᠷ ᠮᠤᠩᠭᠤᠯ  ᠤᠨ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠵᠢᠨ‌‍ᠲ᠋ᠣᠪᠴᠢᠶ᠎ᠠ ᠶᠢᠨ ᠰᠠᠭᠤᠭ᠎ᠠ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠳᠤᠭᠤᠶᠢᠯᠠᠩ︶

    0471-6916954  ︵ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠣᠷᠢᠶ᠎ᠠ ︶

    0417-6628294  ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠭᠠᠵᠠᠷ ︶

 

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

            2023 ᠣᠨ ᠤ 11 ᠳ᠋ᠦ᠋ᠭᠡᠷ ᠰᠠᠷ᠎ᠠ ᠶᠢᠨ 8 ᠤ ᠡᠳᠦᠷ

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ