ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠣᠩᠭᠤᠯ﹀ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/8

    ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠂ ︽ᠮᠣᠩᠭᠤᠯ︾ ᠦᠰᠦᠭᠲᠦ ᠲᠥᠷᠥᠯ ᠲᠡᠮᠳᠡᠭ ᠢ ᠭᠡᠷᠡᠴᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷᠡᠴᠢᠯᠡᠵᠦ ᠵᠥᠪᠰᠢᠶᠡᠷᠡᠬᠦ ᠲᠦᠷᠢᠮ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠣᠩᠭᠤᠯ﹀ ᠦᠰᠦᠭᠲᠦ ᠲᠥᠷᠥᠯ ᠲᠡᠮᠳᠡᠭ ᠢ ᠭᠡᠷᠡᠴᠢᠯᠡᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠪᠠ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠄

    ᠨᠢᠭᠡ᠂ ᠨᠡᠶᠢᠲᠡᠯᠡᠭᠰᠡᠨ ᠠᠬᠤᠶ ᠪᠠᠶᠢᠳᠠᠯ

    ᠡᠬᠡ ᠤᠯᠤᠰ ᠤᠨ ᠤᠮᠠᠷᠠᠲᠤ ᠳᠠᠬᠢ ᠥᠪᠥᠷ ᠮᠣᠩᠭᠤᠯ ᠣᠯᠠᠨ ᠠᠴᠠ ᠣᠨᠴᠠᠭᠠᠢ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠪᠠᠶᠢᠷᠢ ᠶᠢᠨ ᠳᠠᠪᠠᠭᠤᠯᠢᠭ ᠲᠠᠢ ᠪᠠᠶᠢᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠣᠷᠣᠨ ᠪᠦᠰᠡ ᠶᠢᠨ ᠨᠠᠷᠠᠲᠤ ᠲᠡᠮᠳᠡᠭ ᠢᠶᠠᠷ ᠳᠠᠶᠢᠴᠢᠯᠠᠯᠲᠠ ᠪᠣᠯᠭᠠᠵᠤ᠂ ᠠᠵᠤ ᠠᠬᠤᠶᠢᠯᠠᠯ ᠤᠨ ᠨᠠᠷᠠᠲᠤ ᠲᠡᠮᠳᠡᠭ ᠢᠶᠠᠷ ᠭᠤᠤᠯ ᠴᠣᠭᠴᠠ ᠪᠣᠯᠭᠠᠨ᠂ ᠦᠢᠯᠡᠳᠬᠦᠨ ᠤ ᠨᠠᠷᠠᠲᠤ ᠲᠡᠮᠳᠡᠭ ᠢᠶᠠᠷ ᠰᠠᠭᠤᠷᠢ ᠪᠣᠯᠭᠠᠵᠤ᠂ ︽ᠮᠣᠩᠭᠤᠯ︾ ᠦᠰᠦᠭᠲᠦ ᠲᠥᠷᠥᠯ ᠲᠡᠮᠳᠡᠭ ᠤᠨ ᠭᠡᠷᠡᠴᠢᠯᠡᠭᠡ ᠪᠠᠷ ᠬᠥᠲᠥᠯᠦᠮᠵᠢ ᠪᠣᠯᠭᠠᠵᠤ᠂ ︽ᠮᠣᠩᠭᠤᠯ︾ ᠦᠰᠦᠭᠲᠦ ᠲᠥᠷᠥᠯ ᠲᠡᠮᠳᠡᠭ ᠤᠨ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠪᠠ᠃ ᠣᠳᠣᠬᠠᠨ ᠳᠤ ︽ᠮᠣᠩᠭᠤᠯ︾ ᠭᠡᠰᠡᠨ ᠦᠰᠦᠭ ᠨᠢ ᠨᠢᠭᠡᠨᠲᠡ ᠢᠯᠡ ᠲᠣᠳᠣ ᠥᠪᠥᠷ ᠮᠣᠩᠭᠤᠯ ᠤᠨ ᠣᠨᠴᠠᠯᠢᠭ ᠲᠠᠢ ᠣᠷᠣᠨ ᠪᠦᠰᠡ ᠶᠢᠨ ᠨᠠᠷᠠᠲᠤ ᠲᠡᠮᠳᠡᠭ ᠪᠣᠯᠵᠣ᠂ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠬᠡᠷᠡᠭᠯᠡᠭᠴᠢᠳ ᠥᠷᠭᠡᠨ ᠢᠶᠠᠷ ᠠᠩᠬᠠᠷᠴᠤ ᠪᠠᠶᠢᠬᠤ ᠪᠠ ᠮᠡᠳᠡᠷᠡᠵᠦ᠂ ᠨᠠᠷᠠᠲᠤ ᠲᠡᠮᠳᠡᠭᠲᠦ ᠶᠢᠨ ᠢᠯᠭᠠᠨ ᠲᠠᠨᠢᠭᠳᠠᠬᠤ ᠬᠡᠮᠵᠢᠶ᠎ᠡ᠂ ᠠᠯᠳᠠᠷᠰᠢᠯ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠳᠡᠭᠡᠭᠰᠢᠯᠡᠨ᠂ ᠦᠨᠡᠮᠯᠡᠯ ᠣᠯᠤᠭᠰᠠᠨ ᠠᠵᠤ ᠠᠬᠤᠶᠢᠯᠠᠯ ᠤᠨ ᠠᠵᠤ ᠠᠬᠤᠶ ᠨᠡᠶᠢᠭᠡᠮ ᠤᠨ ᠦᠷ᠎ᠡ ᠠᠰᠢᠭ ᠢᠯᠡᠳᠲᠡ ᠨᠡᠮᠡᠭᠳᠡᠵᠦ᠂ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠦᠨ᠎ᠡ ᠥᠷᠲᠡᠭ ᠲᠠᠰᠤᠷᠠᠯᠲᠠ ᠥᠬᠡᠶ ᠨᠡᠮᠡᠭᠳᠡᠵᠦ᠂ ᠨᠠᠷᠠᠲᠤ ᠲᠡᠮᠳᠡᠭᠲᠦ ᠶᠢᠨ ᠳᠠᠶᠢᠴᠢᠯᠠᠬᠤ ᠴᠢᠳᠠᠪᠤᠷᠢ᠂ ᠨᠠᠷᠠᠲᠤ ᠲᠡᠮᠳᠡᠭᠲᠦ ᠶᠢᠨ ᠦᠨ᠎ᠡ ᠥᠰᠬᠡᠬᠦ ᠴᠢᠳᠠᠪᠤᠷᠢ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠴᠢᠳᠠᠪᠤᠷᠢ ᠨᠢ ᠢᠯᠡᠳᠲᠡ ᠦᠷ᠎ᠡ ᠪᠦᠲᠦᠮᠵᠢ ᠣᠯᠵᠤ᠂ ᠥᠪᠥᠷ ᠮᠣᠩᠭᠤᠯ ᠤᠨ ᠤᠨᠴᠠᠯᠢᠭᠳᠤ ᠣᠷᠣᠨ ᠪᠦᠰᠡ ᠶᠢᠨ ᠨᠠᠷᠠᠲᠤ ᠲᠡᠮᠳᠡᠭᠲᠦ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︿ᠮᠣᠩᠭᠤᠯ﹀ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ 2020 ᠣᠨ ᠤ 3 ᠳ᠋ᠤᠭᠠᠷ ᠰᠠᠷ᠎ᠠ ᠳᠤ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ︽ᠮᠣᠩᠭᠤᠯ︾ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠠᠵᠢᠯ ᠢ ᠥᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠵᠤ᠂ ︽ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠯ ᠢ ᠵᠢᠷᠤᠮᠵᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠣᠶᠢᠷ᠎ᠠ ᠶᠢᠨ ᠬᠡᠳᠦᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠮᠣᠩᠭᠤᠯ︾ ᠦᠰᠦᠭᠲᠦ ᠲᠥᠷᠥᠯ ᠲᠡᠮᠳᠡᠭ ᠢ ᠭᠡᠷᠡᠴᠢᠯᠡᠬᠦ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠴᠤ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠵᠠᠷᠢᠮ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ ᠪᠠ ᠬᠦᠴᠦᠨ ᠥᠬᠡᠶ ᠪᠣᠯᠭᠠᠬᠤ ᠪᠠᠷ ᠨᠡᠶᠢᠲᠡᠯᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠂ ᠶᠣᠰᠣᠭᠠᠷ᠂ ︽ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠨ᠎ᠠ᠃

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠣᠩᠭᠤᠯ﹀ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠬᠤ ᠪᠠᠷ ᠳᠠᠮᠵᠢᠭᠤᠯᠤᠨ᠂ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ︽ᠮᠣᠩᠭᠤᠯ︾ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠮᠠᠨ ᠤ ᠣᠷᠣᠨ ᠤ ︽ᠮᠣᠩᠭᠤᠯ︾ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠠᠵᠢᠯ ᠤᠨ ᠡᠮᠬᠢ ᠳᠢᠭᠯᠢᠮ ᠢ ᠵᠢᠷᠤᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠵᠢᠷᠤᠮᠵᠢᠯ ᠤᠨ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠠᠷᠠᠳ ᠣᠯᠠᠨ ᠤ ᠠᠮᠢᠳᠤᠷᠠᠯ᠂ ᠬᠡᠷᠡᠭᠯᠡᠭᠡ ᠳᠤ ᠨᠠᠩ ᠰᠠᠶᠢᠨ ᠦᠢᠯᠡᠳᠬᠦᠨ ᠤ ᠶᠠᠰᠤ ᠴᠢᠨᠠᠷ ᠤᠨ ᠪᠠᠲᠤᠯᠠᠭ᠎ᠠ ᠶᠢ ᠠᠪᠴᠢᠷᠠᠵᠤ᠂ ︽ᠮᠣᠩᠭᠤᠯ︾ ᠦᠰᠦᠭᠲᠦ ᠲᠥᠷᠥᠯ ᠲᠡᠮᠳᠡᠭ ᠤᠨ ᠭᠡᠷᠡᠴᠢᠯᠡᠭᠡ ᠶᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠳᠠᠬᠢ ᠴᠢᠬᠤᠯᠠ ᠦᠢᠯᠡᠳᠦᠯ ᠢ ᠪᠠᠳᠠᠷᠠᠭᠤᠯᠤᠨ᠎ᠠ᠃

    ᠬᠤᠶᠠᠷ᠂ ᠲᠣᠭᠲᠠᠭᠠᠭᠰᠠᠨ ᠦᠨᠳᠦᠰᠦᠯᠡᠯ

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ︿ ᠮᠣᠩᠭᠤᠯ﹀ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠭᠤᠤᠯᠳᠠᠭᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷᠡᠴᠢᠯᠡᠵᠦ ᠵᠥᠪᠰᠢᠶᠡᠷᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠵᠢᠴᠢ ᠬᠡᠰᠡᠭ ᠮᠤᠵᠢ ᠶᠢᠨ ᠲᠡᠷᠢᠭᠦᠨ ᠤ ᠬᠢᠳᠡᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠵᠠᠰᠠᠪᠤᠷᠢ ᠣᠷᠣᠭᠤᠯᠵᠤ ᠪᠤᠶ ᠪᠣᠯᠭᠠᠨ᠎ᠠ᠃

    ᠭᠤᠷᠪᠠ᠂ ᠲᠤᠭᠤᠷᠪᠢᠨ ᠪᠢᠴᠢᠭᠰᠡᠨ ᠶᠠᠪᠤᠴᠠ

    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ 7 ᠳ᠋ᠤᠭᠠᠷ ᠰᠠᠷ᠎ᠠ ᠳᠤ ︽ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠵᠦ᠂ ᠥᠷᠭᠡᠨ ᠢᠶᠠᠷ ᠰᠠᠨᠠᠯ ᠬᠤᠷᠢᠶᠠᠬᠤ᠂ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠪᠠᠷ ᠳᠡᠮᠵᠢᠨ᠂ ᠡᠯ᠎ᠡ ᠲᠠᠯ᠎ᠠ ᠶᠢᠨ ᠬᠢᠨ ᠤ ᠰᠠᠨᠠᠯ ᠢ ᠦᠨᠳᠦᠰᠦᠯᠡᠨ ᠪᠥᠬᠦ ᠲᠠᠯ᠎ᠠ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 9 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 9 ᠳ᠋ᠦ᠋ᠭᠡᠷ ᠤᠳᠠᠭᠠᠨ ᠤ ᠲᠣᠪᠴᠢᠶ᠎ᠠ ᠶᠢᠨ ᠶᠠᠪᠤᠳᠠᠯ ᠤᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ 2023 ᠣᠨ ᠤ 12 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

    ᠳᠥᠷᠪᠡ᠂ ᠭᠤᠤᠯ ᠠᠭᠤᠯᠭ᠎ᠠ

    ︽ᠬᠠᠮᠢᠶᠠᠷᠤᠯᠲᠠ ᠶᠢᠨ ᠠᠷᠭ᠎ᠠ︾ ᠳᠤ ᠨᠡᠶᠢᠲᠡ ᠲᠤᠯᠤᠭᠠᠨ ᠬᠡᠰᠡᠭ 37 ᠵᠦᠶ᠋ᠯ ᠪᠠᠶᠢᠵᠤ᠂ ᠡᠭᠦᠨ ᠳᠤ ᠳᠣᠤᠷᠠᠬᠢ ᠠᠭᠤᠯᠭ᠎ᠠ ᠶᠢ ᠪᠠᠭᠲᠠᠭᠠᠨ᠎ᠠ᠄

    ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ᠂ ᠨᠢᠭᠡᠳᠦᠭᠡᠷ ᠵᠦᠢᠯ ᠠᠴᠠ ᠵᠢᠷᠭᠤᠳᠤᠭᠠᠷ ᠵᠦᠢᠯ ᠪᠣᠯᠣᠨ᠎ᠠ᠃ ︽ᠬᠠᠮᠢᠶᠠᠷᠤᠯᠲᠠ ᠶᠢᠨ ᠠᠷᠭ᠎ᠠ︾ ᠶᠢ ᠲᠤᠭᠤᠷᠪᠢᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠵᠢᠴᠢ ︽ᠮᠣᠩᠭᠤᠯ︾ ᠦᠰᠦᠭᠲᠦ ᠲᠥᠷᠥᠯ ᠲᠡᠮᠳᠡᠭ ᠢ ᠭᠡᠷᠡᠴᠢᠯᠡᠬᠦ ᠬᠤᠯᠪᠣᠭ᠎ᠠ ᠪᠠᠶᠢᠭᠤᠯᠬᠤ ᠲᠤᠬᠠᠶ ᠲᠣᠭᠲᠠᠭᠠᠪᠠ᠃

    ᠬᠤᠶᠠᠳᠤᠭᠠᠷ ᠬᠡᠰᠡᠭ ᠨᠢ ᠭᠡᠷᠡᠴᠢᠯᠡᠬᠦ ᠪᠠᠷᠢᠮᠵᠢᠶ᠎ᠠ ᠪᠣᠯᠣᠨ᠎ᠠ᠂ ᠳᠣᠯᠣᠳᠤᠭᠠᠷ ᠵᠦᠢᠯ ᠠᠴᠠ ᠠᠷᠪᠠᠳᠤᠭᠠᠷ ᠵᠦᠢᠯ ᠪᠣᠯᠣᠨ᠎ᠠ᠃ ︽ᠮᠣᠩᠭᠤᠯ︾ ᠭᠡᠰᠡᠨ ᠦᠰᠦᠭ ᠢᠶᠠᠷ ᠭᠡᠷᠡᠴᠢᠯᠡᠭᠦᠯᠬᠦ ᠪᠠᠷᠢᠮᠵᠢᠶ᠎ᠠ ᠶᠢᠨ ᠪᠦᠷᠢᠯᠳᠦᠬᠦ᠂ ᠲᠣᠭᠲᠠᠭᠠᠬᠤ᠂ ᠨᠡᠶᠢᠲᠡᠯᠡᠬᠦ ᠬᠡᠯᠪᠡᠷᠢ ᠵᠢᠴᠢ ᠳᠠᠬᠢᠨ ᠬᠢᠨᠠᠬᠤ ᠴᠠᠭ ᠢ ᠲᠣᠭᠲᠠᠭᠠᠪᠠ᠃ ︽ᠮᠣᠩᠭᠤᠯ︾ ᠦᠰᠦᠭᠲᠦ ᠲᠥᠷᠥᠯ ᠲᠡᠮᠳᠡᠭ ᠢ ᠭᠡᠷᠡᠴᠢᠯᠡᠬᠦ ᠪᠠᠷᠢᠮᠵᠢᠶ᠎ᠠ ᠶᠢ ᠡᠯᠰᠡᠨ ᠴᠤᠭᠯᠠᠭᠤᠯᠬᠤ᠂ ᠰᠤᠳᠤᠯᠤᠨ ᠲᠣᠭᠲᠠᠭᠠᠬᠤ ᠠᠷᠭ᠎ᠠ ᠮᠠᠶ᠋ᠢᠭ ᠵᠢᠴᠢ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠵᠡᠷᠭᠡ ᠠᠭᠤᠯᠭ᠎ᠠ ᠶᠢ ᠨᠡᠮᠡᠵᠦ᠂ ︽ᠮᠣᠩᠭᠤᠯ︾ ᠦᠰᠦᠭᠲᠦ ᠲᠥᠷᠥᠯ ᠲᠡᠮᠳᠡᠭ ᠢ ᠭᠡᠷᠡᠴᠢᠯᠡᠬᠦ ᠪᠠᠷᠢᠮᠵᠢᠶ᠎ᠠ ᠶᠢ 3 ᠵᠢᠯ ᠳᠤ ᠨᠢᠭᠡ ᠤᠳᠠᠭ᠎ᠠ ᠳᠠᠬᠢᠨ ᠬᠢᠨᠠᠬᠤ ᠪᠠᠷ ᠲᠣᠭᠲᠠᠭᠠᠵᠠᠢ᠃

    ᠭᠤᠷᠪᠠᠳᠤᠭᠠᠷ ᠬᠡᠰᠡᠭ ᠨᠢ ᠭᠡᠷᠡᠴᠢᠯᠡᠨ ᠬᠡᠷᠡᠭᠵᠢᠭᠦᠯᠬᠦ᠂ ᠠᠷᠪᠠᠨ ᠨᠢᠭᠡᠳᠦᠭᠡᠷ ᠵᠦᠢᠯ ᠠᠴᠠ ᠠᠷᠪᠠ ᠶᠢᠰᠦᠳᠦᠭᠡᠷ ᠵᠦᠢᠯ ᠪᠣᠯᠣᠨ᠎ᠠ᠃ ︽ᠮᠣᠩᠭᠤᠯ︾ ᠦᠰᠦᠭᠲᠦ ᠲᠥᠷᠥᠯ ᠲᠡᠮᠳᠡᠭ ᠢ ᠭᠡᠷᠡᠴᠢᠯᠡᠬᠦ ᠶᠢ ᠬᠡᠷᠡᠭᠵᠢᠭᠦᠯᠬᠦ ᠶᠠᠪᠤᠴᠠ ᠳᠤ ᠮᠡᠳᠡᠭᠦᠯᠬᠦ᠂ ᠬᠦᠯᠢᠶᠡᠨ ᠠᠪᠴᠤ ᠰᠢᠢᠳᠪᠦᠷᠢᠯᠡᠬᠦ᠂ ᠭᠡᠷᠡᠴᠢᠯᠡᠬᠦ ᠡᠯ᠎ᠡ ᠭᠤᠭᠴᠤᠭ᠎ᠠ ᠶᠢᠨ ᠱᠠᠭᠠᠷᠳᠠᠯᠭ᠎ᠠ ᠶᠢ ᠲᠣᠭᠲᠠᠭᠠᠪᠠ᠃ ᠭᠤᠶᠤᠴᠢᠯᠠᠨ ᠮᠡᠳᠡᠭᠦᠯᠬᠦ᠂ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠭᠤᠯᠭ᠎ᠠ ᠶᠢ ᠨᠡᠮᠡᠭᠳᠡᠭᠦᠯᠵᠦ᠂ ᠭᠡᠷᠡᠴᠢᠯᠡᠯ ᠤᠨ ᠴᠤᠪᠤᠷᠠᠯ ᠢ ᠨᠠᠩ ᠵᠢᠷᠤᠮᠵᠢᠭᠤᠯᠪᠠ᠃

    ᠳᠥᠷᠪᠡᠳᠦᠭᠡᠷ ᠬᠡᠰᠡᠭ ᠨᠢ ᠭᠡᠷᠡᠴᠢᠯᠡᠯ ᠤᠨ ᠦᠨᠡᠮᠯᠡᠯ ᠪᠠ ᠲᠡᠮᠳᠡᠭ᠂ ᠬᠤᠷᠢᠳᠤᠭᠠᠷ ᠵᠤᠷᠪᠤᠰ ᠠᠴᠠ ᠬᠤᠷᠢᠨ ᠵᠢᠷᠭᠤᠳᠤᠭᠠᠷ ᠵᠦᠢᠯ ᠪᠣᠯᠣᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷᠡᠴᠢᠯᠡᠵᠦ ᠵᠥᠪᠰᠢᠶᠡᠷᠡᠬᠦ ᠳᠦᠷᠢᠮ︾᠂ ︽ᠭᠡᠷᠡᠴᠢᠯᠡᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠲᠣᠭᠲᠠᠭᠠᠯ ᠢ ᠦᠨᠳᠦᠰᠦᠯᠡᠨ᠂ ︽ᠮᠣᠩᠭᠤᠯ︾ ᠦᠰᠦᠭᠲᠦ ᠲᠥᠷᠥᠯ ᠲᠡᠮᠳᠡᠭ ᠢ ᠭᠡᠷᠡᠴᠢᠯᠡᠬᠦ ᠲᠡᠮᠳᠡᠭ ᠤᠨ ᠬᠠᠮᠢᠶ᠎ᠠ ᠪᠦᠬᠦᠢ ᠠᠭᠤᠯᠭ᠎ᠠ ᠶᠢ ᠨᠡᠮᠡᠪᠡ᠃ ︽ᠮᠣᠩᠭᠤᠯ︾ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠦᠨᠡᠮᠯᠡᠯ ᠤᠨ ᠠᠭᠤᠯᠭ᠎ᠠ ᠪᠠ ᠬᠤᠭᠤᠴᠠᠭ᠎ᠠ᠂ ᠲᠡᠮᠳᠡᠭ ᠤᠨ ᠶᠠᠩᠵᠤ ᠵᠢᠴᠢ ᠦᠨᠡᠮᠯᠡᠯ ᠪᠠ ᠲᠡᠮᠳᠡᠭ ᠤᠨ ᠬᠠᠮᠢᠶᠠᠷᠤᠯᠲᠠ ᠶᠢ ᠲᠣᠭᠲᠠᠭᠠᠪᠠ᠃

    ᠲᠠᠪᠤᠳᠤᠭᠠᠷ ᠬᠡᠰᠡᠭ ᠨᠢ ᠭᠡᠷᠡᠴᠢᠯᠡᠭᠳᠡᠭᠰᠡᠨ ᠠᠵᠤ ᠠᠬᠤᠶᠢᠯᠠᠯ ᠢ ᠬᠥᠮᠥᠵᠢᠭᠦᠯᠬᠦ᠂ ᠬᠤᠷᠢᠨ ᠳᠣᠯᠣᠳᠤᠭᠠᠷ ᠵᠦᠢᠯ ᠠᠴᠠ ᠭᠤᠴᠢᠨ ᠨᠢᠭᠡᠳᠦᠭᠡᠷ ᠵᠦᠢᠯ ᠪᠣᠯᠣᠨ᠎ᠠ᠃ ᠲᠣᠰ ᠬᠡᠰᠡᠭ ᠪᠣᠯ ᠨᠡᠮᠡᠭᠳᠡᠭᠰᠡᠨ ᠠᠭᠤᠯᠭ᠎ᠠ᠂ ᠪᠥᠬᠦ ᠣᠷᠣᠨ ᠤ ︽ᠮᠣᠩᠭᠤᠯ︾ ᠦᠰᠦᠭᠲᠦ ᠲᠥᠷᠥᠯ ᠲᠡᠮᠳᠡᠭ ᠤᠨ ᠭᠡᠷᠡᠴᠢᠯᠡᠯ ᠤᠨ ᠠᠵᠤ ᠠᠬᠤᠶᠢᠯᠠᠯ ᠢ ᠪᠤᠶᠢᠵᠢᠭᠤᠯᠬᠤ ᠬᠥᠮᠥᠷᠭᠡ ᠶᠢ ᠪᠠᠶᠢᠭᠤᠯᠬᠤ ᠪᠠᠷ ᠳᠠᠮᠵᠢᠭᠤᠯᠵᠤ᠂ ᠬᠥᠮᠥᠷᠭᠡ ᠶᠢᠨ ᠳᠣᠲᠣᠷᠠᠬᠢ ᠠᠵᠤ ᠠᠬᠤᠶᠢᠯᠠᠯ ᠪᠠ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠪᠠᠷᠢᠮᠵᠢᠶ᠎ᠠ ᠲᠠᠢ ᠬᠠᠷᠢᠴᠠᠭᠤᠯᠵᠤ ᠪᠠᠷᠢᠮᠵᠢᠶ᠎ᠠ ᠳᠤ ᠬᠦᠷᠭᠡᠬᠦ᠂ ᠬᠠᠮᠢᠶᠠᠷᠤᠯᠲᠠ ᠶᠢ ᠲᠠᠰ ᠳᠡᠪᠰᠢᠭᠦᠯᠬᠦ ᠵᠡᠷᠭᠡ ᠪᠤᠶᠢᠵᠢᠭᠤᠯᠬᠤ ᠠᠵᠢᠯ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠷᠢᠮᠵᠢᠶ᠎ᠠ ᠳᠤ ᠬᠦᠷᠴᠦ ᠲᠠᠰ ᠳᠡᠪᠰᠢᠬᠦ ᠶᠢ ᠠᠬᠢᠭᠤᠯᠤᠨ᠎ᠠ᠃

    ᠵᠢᠷᠭᠤᠳᠤᠭᠠᠷ ᠬᠡᠰᠡᠭ ᠨᠢ ᠬᠢᠨᠠᠯᠲᠠ ᠬᠠᠮᠢᠶᠠᠷᠤᠯᠲᠠ᠂ ᠭᠤᠴᠢᠨ ᠬᠤᠶᠠᠳᠤᠭᠠᠷ ᠵᠦᠢᠯ ᠠᠴᠠ ᠭᠤᠴᠢᠨ ᠲᠠᠪᠤᠳᠤᠭᠠᠷ ᠵᠦᠢᠯ ᠪᠣᠯᠣᠨ᠎ᠠ᠃ ᠭᠡᠷᠡᠴᠢᠯᠡᠯ ᠤᠨ ᠬᠤᠯᠪᠣᠭ᠎ᠠ ᠨᠢ ᠵᠢᠯ ᠪᠦᠷᠢ ᠶᠢᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠯᠲᠡ ᠲᠤᠰᠢᠶᠠᠬᠤ ᠶᠢᠨ ᠬᠠᠮᠲᠤ ᠭᠡᠷᠡᠴᠢᠯᠡᠯ ᠤᠨ ᠪᠠᠶᠢᠭᠤᠯᠤᠮᠵᠢ ᠠᠴᠠ ᠦᠨᠡᠮᠯᠡᠯ ᠣᠯᠤᠭᠰᠠᠨ ᠵᠣᠬᠢᠶᠠᠨ ᠪᠠᠶᠢᠭᠤᠯᠤᠯᠲᠠ ᠳᠤ ᠦᠨᠡᠮᠯᠡᠯ ᠣᠯᠤᠭᠰᠠᠨ ᠤ ᠳᠠᠷᠠᠭᠠᠬᠢ ᠬᠠᠷᠭᠤᠭᠤᠯᠤᠨ ᠪᠠᠶᠢᠴᠠᠭᠠᠬᠤ ᠬᠠᠮᠢᠶ᠎ᠠ ᠪᠥᠬᠦᠶ ᠠᠭᠤᠯᠭ᠎ᠠ ᠵᠢᠴᠢ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠪᠠ᠃

ᠳᠣᠯᠣᠳᠤᠭᠠᠷ ᠬᠡᠰᠡᠭ ᠨᠢ ᠳᠠᠭᠠᠯᠳᠤᠭᠤᠯᠤᠯ ᠳᠦᠷᠢᠮ᠂ ᠭᠤᠴᠢᠨ ᠵᠢᠷᠭᠤᠳᠤᠭᠠᠷ ᠵᠦᠢᠯ ᠠᠴᠠ ᠭᠤᠴᠢᠨ ᠳᠣᠯᠣᠳᠤᠭᠠᠷ ᠵᠦᠢᠯ᠃ ᠲᠤᠰ ᠠᠷᠭ᠎ᠠ ᠶᠢᠨ ᠲᠠᠶᠢᠯᠪᠤᠷᠢᠯᠠᠬᠤ ᠨᠢᠭᠡᠴᠢ᠂ ᠬᠡᠷᠡᠭᠵᠢᠭᠦᠯᠬᠦ ᠡᠳᠦᠷ ᠬᠤᠭᠤᠴᠠᠭ᠎ᠠ ᠶᠢ ᠲᠣᠭᠲᠠᠭᠠᠪᠠ᠃

    ᠤᠭ ᠮᠠᠲ᠋ᠧᠷᠢᠶᠠᠯ ᠤᠨ ᠬᠠᠶ᠋ᠢᠭ᠄
http://amr.nmg.gov.cn/zfxxgk/fdzdgknr/gfxwj/202311/t20231106_2405843.html

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ