ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠤᠨ ᠲᠥᠷᠥᠯ ᠵᠦᠢᠯ ᠢ ᠲᠣᠭᠲᠠᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/12/28

ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶᠂ ᠡᠯ᠎ᠡ ᠬᠠᠮᠢᠶ᠎ᠠ ᠪᠦᠬᠦᠢ ᠨᠢᠭᠡᠴᠢ ᠳᠤ᠄

    ᠮᠡᠳᠡᠯᠭᠡ ᠶᠢᠨ ᠥᠮᠴᠢᠯᠡᠯ ᠤᠨ ᠡᠷᠬᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠪᠥᠬᠦ ᠠᠷᠠᠳ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠢ ᠴᠢᠩᠭᠠᠳᠬᠠᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠡᠭᠦᠳᠦᠨ ᠪᠦᠲᠦᠭᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠨᠠᠷ ᠰᠠᠶᠢᠲᠠᠶ ᠡᠭᠦᠳᠦᠨ ᠪᠦᠲᠦᠭᠡᠬᠦ᠂ ᠥᠨᠳᠥᠷ ᠬᠢᠷᠢ ᠲᠦᠪᠰᠢᠨ ᠢᠶᠠᠷ ᠬᠠᠮᠠᠭᠠᠯᠠᠬᠤ ᠪᠠ ᠥᠨᠳᠥᠷ ᠦᠷ᠎ᠡ ᠠᠰᠢᠭ ᠢᠶᠠᠷ ᠬᠡᠷᠡᠭᠯᠡᠬᠦ ᠶᠢ ᠠᠬᠢᠭᠤᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2023﹈  36 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠬᠤ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠬᠤᠲᠠ ᠶᠢᠨ ᠬᠢᠨᠠᠯᠲᠠ ᠶᠢᠨ ᠮᠡᠳᠡᠯᠭᠡ ᠶᠢᠨ ᠬᠡᠷᠡᠭᠵᠢᠭᠦᠯᠦᠯᠲᠡ ᠶᠢᠨ ᠲᠣᠭᠳᠠᠭᠠᠯ ﹇2023﹈ 6 ᠳ᠋ᠤᠭᠠᠷ ᠲᠣᠭᠠᠲᠤ︶᠂ ︽ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠬᠤᠲᠠ ᠶᠢᠨ ᠬᠢᠨᠠᠯᠲᠠ ᠶᠢᠨ ᠮᠡᠳᠡᠯᠭᠡ ᠶᠢᠨ ᠬᠡᠷᠡᠭᠵᠢᠭᠦᠯᠦᠯᠲᠡ ᠶᠢᠨ ᠦᠰᠦᠭ ﹇ 2023﹈ 395 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠲᠤᠰᠬᠠᠢ ᠠᠰᠢᠭ ᠤᠨ ᠡᠷᠬᠡᠲᠦ ᠬᠦᠮᠦᠨ ᠢᠶᠠᠷ ᠭᠤᠶᠤᠴᠢᠯᠠᠨ ᠮᠡᠳᠡᠭᠦᠯᠵᠦ᠂ ᠲᠠᠨᠢᠯᠴᠠᠭᠤᠯᠬᠤ ᠨᠢᠭᠡᠴᠢ ᠠᠴᠠ ᠲᠠᠨᠢᠯᠴᠠᠭᠤᠯᠬᠤ ᠪᠠᠷ ᠳᠠᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠵᠥᠪᠯᠡᠯ ᠤᠨ ᠠᠯᠪᠠᠨ ᠭᠡᠷ ᠤᠨ ᠬᠡᠯᠪᠡᠷᠢ ᠶᠢᠨ ᠬᠢᠨᠠᠨ ᠪᠠᠶᠢᠴᠠᠭᠠᠬᠤ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ ᠲᠠᠯᠠᠪᠠᠢ ᠳᠤ ᠬᠠᠷᠢᠭᠤ ᠮᠠᠷᠭᠤᠬᠤ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠵᠥᠪᠯᠡᠯ ᠬᠠᠮᠲᠤ ᠪᠠᠷ ᠬᠢᠨᠠᠨ ᠲᠣᠭᠲᠠᠭᠠᠬᠤ ᠵᠢᠴᠢ ᠨᠡᠶᠢᠭᠡᠮ ᠨᠡᠶᠢᠲᠡ ᠳᠤ ᠨᠡᠶᠢᠲᠡᠯᠡᠨ᠎ᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ︽ᠨᠢᠭᠡ ᠵᠦᠢᠯ ᠤᠨ ᠳᠠᠪᠬᠤᠷ ᠲᠤᠭᠲᠠᠪᠤᠷᠢᠲᠤ ᠡᠳ᠋᠂ ᠡᠩ ᠤᠨ ᠳᠤᠯᠠᠭᠠᠴᠠ ᠶᠢᠨ ᠡᠭᠡᠳᠡᠭᠰᠡᠨ ᠰᠦ ᠵᠢᠴᠢ ᠲᠡᠭᠦᠨ ᠢ ᠬᠢᠬᠦ ᠠᠷᠭ᠎ᠠ︾ ᠵᠡᠷᠭᠡ 5 ᠵᠦᠢᠯ ᠤᠨ ᠲᠤᠰᠬᠠᠢ ᠠᠰᠢᠭ ᠨᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠤᠨ ᠠᠯᠲᠠᠨ ᠱᠠᠩᠨᠠᠯ᠂ ︽ᠡᠯᠡᠰᠦᠷᠬᠡᠭ ᠭᠠᠵᠠᠷ ᠢ ᠵᠠᠰᠠᠬᠤ ᠠᠷᠭ᠎ᠠ︾ ᠵᠡᠷᠭᠡ 10 ᠵᠦᠢᠯ ᠤᠨ ᠲᠤᠰᠬᠠᠢ ᠠᠰᠢᠭ ᠨᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠤᠨ ᠮᠥᠩᠭᠦᠨ ᠱᠠᠩᠨᠠᠯ᠂ ︽ᠠᠭᠤᠰᠤᠮᠠᠯ ᠴᠢᠨᠠᠷᠲᠠᠢ ᠴᠠᠪᠠᠤᠯᠢᠭ ᠤᠭᠤᠷᠠᠭ ᠢ ᠬᠢᠬᠦ ᠠᠷᠭ᠎ᠠ︾ ᠵᠡᠷᠭᠡ 20 ᠵᠦᠢᠯ ᠤᠨ ᠲᠤᠰᠬᠠᠢ ᠠᠰᠢᠭ ᠨᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠤᠨ ᠰᠢᠯᠢᠳᠡᠭ ᠱᠠᠩᠨᠠᠯ ︵ᠪᠤᠳᠠᠳᠠᠢ ᠨᠡᠷ᠎ᠡ ᠶᠢᠨ ᠪᠦᠷᠢᠳᠭᠡᠯ ᠢ ᠳᠠᠭᠠᠯᠳᠤᠭᠤᠯᠤᠯ ᠳ᠋ᠦ‌ᠦᠵᠡ︶ ᠢᠶᠠᠷ ᠲᠤᠭᠲᠠᠭᠠᠪᠠ᠃

    ᠱᠠᠩᠨᠠᠯ ᠣᠯᠤᠭᠰᠠᠨ ᠲᠤᠰᠬᠠᠶ ᠠᠰᠢᠭ ᠤᠨ ᠡᠷᠬᠡᠲᠦ ᠬᠥᠮᠦᠨ ᠢᠷᠠᠭᠤ ᠠᠯᠳᠠᠷ ᠢᠶᠠᠨ ᠨᠠᠨᠳᠢᠩᠨᠠᠵᠤ᠂ᠦᠷᠭᠦᠯᠵᠢᠯᠡᠨ ᠴᠢᠷᠮᠠᠶᠢᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠥᠬᠦ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠲᠠᠳ ᠱᠠᠩᠨᠠᠯ ᠣᠯᠤᠭᠰᠠᠨ ᠲᠤᠰᠬᠠᠶ ᠠᠰᠢᠭ ᠤᠨ ᠡᠷᠬᠡᠲᠦ ᠬᠥᠮᠦᠨ ᠢᠶᠠᠷ ᠥᠯᠢᠭᠡᠷ ᠳᠠᠭᠤᠷᠢᠶᠠᠯ ᠪᠣᠯᠭᠠᠵᠤ᠂ ᠡᠷᠴᠢ ᠵᠣᠷᠢᠭ ᠢᠶᠠᠨ ᠬᠥᠪᠴᠢᠯᠡᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠪᠠ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠳᠤ ᠦᠵᠡᠭᠦᠯᠬᠦ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠮᠠᠨ ᠤ ᠣᠷᠣᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃

 

ᠳᠠᠭᠠᠯᠳᠤᠭᠤᠯᠤᠯ᠄ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠭᠥᠷᠳᠡᠭᠰᠡᠨ ᠨᠡᠷ᠎ᠡ ᠶᠢᠨ ᠪᠦᠷᠢᠳᠭᠡᠯ

 

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠪᠴᠢᠶ᠎ᠠ

        2023 ᠣᠨ ᠤ 12 ᠳ᠋ᠤᠭᠠᠷ ᠰᠠᠷ᠎ᠠ ᠶᠢᠨ 21 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠵᠢ᠊