ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠣᠲᠣᠭᠠᠳᠤ ᠶᠢᠨ ᠠᠵᠤ ᠠᠬᠤᠶᠢᠯᠠᠯ ᠨᠡᠭᠦᠨ ᠰᠢᠯᠵᠢᠬᠦ ᠳᠤ ︽ᠨᠢᠭᠡ ᠶᠠᠪᠤᠳᠠᠯ ᠢ ᠨᠢᠭᠡ ᠭᠠᠵᠠᠷ ᠲᠤ ᠭᠦᠢᠴᠡᠳᠬᠡᠬᠦ︾ ᠬᠤᠯᠪᠤᠭᠠᠯᠠᠨ ᠬᠦᠳᠡᠯᠦᠯᠴᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/12/28

    ᠠᠵᠤ ᠠᠬᠤᠶᠢᠯᠠᠯ ᠤᠨ ᠳᠠᠩᠰᠠᠯᠠᠭᠤᠯᠤᠨ ᠲᠡᠮᠳᠡᠭᠯᠡᠭᠦᠯᠦᠭᠰᠡᠨ ᠲᠠᠩᠰᠠ ᠡᠪᠬᠡᠮᠡᠯ ᠢ ᠰᠢᠯᠵᠢᠭᠦᠯᠦᠨ ᠨᠡᠭᠦᠯᠭᠡᠬᠦ ᠠᠵᠢᠯᠯᠠᠭᠠᠨ ᠤ ᠠᠷᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠠᠶᠢᠮᠠᠭ ᠤᠨ ᠬᠡᠪᠴᠢᠶᠡᠨ ᠳᠠᠬᠢ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠭᠦᠯᠦᠭᠰᠡᠨ ᠲᠠᠩᠰᠠ ᠡᠪᠬᠡᠮᠡᠯ ᠢ ᠨᠡᠭᠦᠯᠭᠡᠨ ᠰᠢᠯᠵᠢᠬᠦᠯᠬᠦ ᠠᠵᠢᠯ ᠤᠨ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠤ ᠠᠬᠤᠶᠢᠯᠠᠯ ᠤᠨ ᠨᠡᠭᠦᠨ ᠰᠢᠯᠵᠢᠬᠦ ᠲᠠᠩᠰᠠ ᠡᠪᠬᠡᠮᠡᠯ ᠢ ᠳᠣᠭᠢᠷᠠᠭᠤᠯᠬᠤ ᠴᠠᠭ ᠤᠨ ᠬᠢᠵᠠᠭᠠᠷ ᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠨᠡᠭᠦᠨ ᠰᠢᠯᠵᠢᠬᠦ ᠪᠠᠷ ᠣᠯᠠᠨ ᠤᠳᠠᠭ᠎ᠠ ᠭᠤᠶᠤᠴᠢᠯᠠᠬᠤ᠂ ᠬᠤᠶᠠᠷ ᠲᠠᠯ᠎ᠠ ᠪᠠᠷ ᠭᠦᠶᠦᠨ ᠭᠠᠷᠬᠤ ᠶᠢ ᠨᠡᠭᠦᠯᠭᠡᠨ ᠣᠷᠣᠭᠤᠯᠬᠤ᠂ ᠨᠡᠭᠦᠯᠭᠡᠨ ᠭᠠᠷᠭᠠᠬᠤ ᠶᠢ ᠳᠠᠩᠰᠠᠯᠠᠬᠤ ᠪᠠᠶᠢᠭᠤᠯᠭ᠎ᠠ ᠶᠢᠨ ᠬᠤᠭᠤᠷᠣᠨᠳᠣᠬᠢ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠬᠦ ᠪᠣᠯᠭᠠᠨ ᠬᠤᠪᠢᠷᠠᠭᠤᠯᠵᠤ᠂ ᠪᠥᠬᠦ ᠣᠷᠣᠨ ᠳᠤ ᠡᠩ ᠲᠡᠷᠢᠭᠦᠨ ᠳᠤ ᠠᠵᠤ ᠠᠬᠤᠶᠢᠯᠠᠯ ᠤᠨ ᠰᠢᠯᠵᠢᠭᠦᠯᠦᠨ ᠲᠠᠩᠰᠠ ᠡᠪᠬᠡᠮᠡᠯ ᠳᠤ ᠣᠷᠣᠭᠤᠯᠬᠤ ᠳᠤ ︽ᠨᠢᠭᠡ ᠭᠠᠵᠠᠷ ᠲᠤ ᠭᠦᠢᠴᠡᠳᠬᠡᠬᠦ︾᠂ ︽ᠨᠢᠭᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠢ ᠨᠡᠭᠦᠨ ᠰᠢᠯᠵᠢᠬᠦ ᠳᠤ ᠴᠠᠭ ᠲᠤ ᠦᠨᠡᠨ ᠬᠦ ᠠᠷᠪᠢᠲᠠᠶ ᠪᠣᠯᠭᠠᠵᠤ᠂ ᠨᠠᠩ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠪᠣᠶ ᠪᠣᠯᠭᠠᠪᠠ᠃ ᠣᠳᠣᠬᠠᠨ ᠳᠤ᠂ 28 ᠬᠤᠪᠢ ᠨᠡᠭᠦᠨ ᠰᠢᠯᠵᠢᠬᠦ ᠵᠦᠢᠯ ᠢ ᠭᠦᠢᠴᠡᠳᠭᠡᠪᠡ᠃

    ᠨᠢᠭᠡ ᠳᠤ᠂ ᠮᠠᠲ᠋ᠧᠷᠢᠶᠠᠯ ᠢ ᠴᠥᠬᠡᠳᠭᠡᠵᠦ᠂ ᠠᠵᠤ ᠠᠬᠤᠶᠢᠯᠠᠯ ᠤᠨ ᠨᠡᠭᠦᠨ ᠰᠢᠯᠵᠢᠬᠦ ᠳᠤ ︽ᠦᠨᠡᠮᠯᠡᠯ ᠢ ᠬᠡᠯᠲᠦᠷᠢᠭᠦᠯᠵᠦ ᠭᠦᠢᠴᠡᠳᠭᠡᠨ᠎ᠡ︾᠃ ᠠᠵᠤ ᠠᠬᠤᠶᠢᠯᠠᠯ ᠨᠢ ᠳᠠᠩᠰᠠ ᠡᠪᠬᠡᠮᠡᠯ ᠢᠶᠠᠨ ᠨᠡᠭᠦᠯᠭᠡᠨ ᠰᠢᠯᠵᠢᠭᠦᠯᠬᠦ ᠪᠠᠷ ᠭᠤᠶᠤᠴᠢᠯᠠᠪᠠᠯ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠶᠢ ᠳᠠᠬᠢᠨ ᠬᠤᠷᠢᠶᠠᠬᠤ ᠦᠭᠡᠢ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ︽ᠦᠨᠡᠮᠯᠡᠯ ᠢ ᠬᠡᠯᠲᠦᠷᠢᠭᠦᠯᠵᠦ ᠭᠦᠢᠴᠡᠳᠬᠡᠬᠦ︾ ᠪᠠᠷ ᠳᠠᠮᠵᠢᠭᠤᠯᠤᠨ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠬᠢᠨᠠᠨ ᠰᠢᠯᠭᠠᠨ᠎ᠠ︔ ᠭᠤᠶᠤᠴᠢᠯᠠᠭᠴᠢ ᠵᠥᠪᠬᠡᠨ ᠨᠡᠭᠦᠯᠭᠡᠨ ᠣᠷᠣᠭᠤᠯᠬᠤ ᠪᠠᠷ ᠪᠠᠶᠢᠭ᠎ᠠ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠳᠤ ︽ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠭᠦᠯᠭᠡᠨ ᠰᠢᠯᠵᠢᠭᠦᠯᠬᠦ ᠭᠤᠶᠤᠴᠢᠯᠠᠯ ᠤᠨ ᠪᠢᠴᠢᠭ︾ ᠢ ᠨᠢᠭᠡ ᠬᠤᠪᠢ ᠲᠤᠰᠢᠶᠠᠵᠤ᠂ ᠨᠡᠭᠦᠨ ᠭᠠᠷᠬᠤ ᠪᠠᠶᠢᠭᠤᠯᠭ᠎ᠠ ᠳᠤ ᠶᠠᠮᠠᠷ ᠴᠤ ᠮᠠᠲ᠋ᠧᠷᠢᠶᠠᠯ ᠲᠤᠰᠢᠶᠠᠬᠤ ᠴᠢᠬᠤᠯᠠ ᠦᠭᠡᠢ᠃

    ᠬᠤᠶᠠᠷ ᠲᠤ᠂ ᠭᠤᠭᠴᠤᠭ᠎ᠠ ᠶᠢ ᠴᠥᠬᠡᠳᠬᠡᠵᠦ᠂ ᠠᠵᠤ ᠠᠬᠤᠶᠢᠯᠠᠯ ᠤᠨ ᠨᠡᠭᠦᠨ ᠰᠢᠯᠵᠢᠬᠦ ᠳᠤ ︽ᠳᠤᠲᠠᠭᠤ ᠵᠠᠮ ᠬᠥᠭᠡᠭᠡᠯᠭᠡᠨ᠎ᠡ︾᠃ ᠠᠵᠤ ᠠᠬᠤᠶᠢᠯᠠᠯ ᠤᠨ ᠨᠡᠭᠦᠨ ᠰᠢᠯᠵᠢᠬᠦ ᠳᠡᠩᠰᠡᠯᠡᠯᠲᠡ ᠶᠢᠨ ︽ᠣᠯᠠᠨ ᠭᠠᠵᠠᠷ ᠲᠤ ᠭᠤᠶᠤᠴᠢᠯᠠᠬᠤ︾᠂ ︽ᠨᠠᠭᠠᠰᠢ ᠴᠠᠭᠠᠰᠢ ᠶᠠᠪᠤᠬᠤ︾ ᠬᠦᠴᠢᠷ ᠠᠰᠠᠭᠤᠳᠠᠯ ᠳᠤ ᠴᠢᠭᠯᠡᠭᠦᠯᠦᠨ᠂ ᠭᠦᠢᠴᠡᠳᠭᠡᠬᠦ ᠵᠣᠬᠢᠴᠠᠮᠵᠢ ᠶᠢᠨ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠬᠤ ᠪᠠᠷ ᠴᠢᠷᠮᠠᠶᠢᠵᠤ᠂ ᠤᠤᠯ ᠤᠨ 5 ᠭᠤᠭᠴᠤᠭ᠎ᠠ ᠶᠢ ᠡᠮᠬᠢᠯᠡᠨ ᠨᠡᠶᠢᠯᠡᠭᠦᠯᠵᠦ ᠰᠢᠯᠢᠯᠳᠡᠭᠵᠢᠬᠦᠯᠦᠭᠡᠳ1 ᠭᠤᠭᠴᠤᠭ᠎ᠠ ᠪᠣᠯᠭᠠᠨ ᠴᠣᠮᠬᠠᠳᠬᠠᠵᠤ᠂ ᠨᠡᠭᠦᠯᠭᠡᠨ ᠣᠷᠣᠭᠤᠯᠬᠤ ᠪᠠᠶᠢᠭᠤᠯᠭ᠎ᠠ ᠠᠴᠠ ᠨᠡᠭᠦᠳᠡᠯ ᠤᠨ ᠪᠦᠬᠦ᠋ᠢᠯᠡ ᠶᠠᠪᠤᠴᠠ ᠶᠢ ᠡᠭᠦᠰᠭᠡᠨ ᠵᠢᠯᠣᠭᠤᠳᠴᠤ᠂ ︽ᠠᠵᠤ ᠠᠬᠤᠶᠢᠯᠠᠯ ᠬᠤᠶᠠᠷ ᠲᠠᠯ᠎ᠠ ᠳᠤ ᠭᠦᠶᠦᠬᠦ︾ ᠶᠢ ︽ᠲᠤᠭ᠎ᠠ ᠪᠠᠷᠢᠮᠲᠠ ᠶᠢ ᠳᠣᠲᠣᠭᠠᠳᠤ ᠳᠤ ᠰᠢᠯᠵᠢᠭᠦᠯᠬᠦ︾ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ᠨᠡᠭᠦᠨ ᠰᠢᠯᠵᠢᠬᠦ ᠳᠤ ︽ᠨᠢᠭᠡ ᠡᠭᠦᠳᠡ ᠪᠠᠷ ᠣᠷᠣᠵᠤ᠂ ᠬᠤᠶᠠᠷ ᠭᠠᠵᠠᠷ ᠲᠤ ᠶᠠᠪᠤᠳᠠᠯ ᠢ ᠭᠦᠢᠴᠡᠳᠬᠡᠬᠦ︾ ᠶᠢ ᠪᠡᠶᠡᠯᠡᠭᠦᠯᠪᠡ᠃

    ᠭᠤᠷᠪᠠ ᠳᠤ᠂ ᠦᠷ᠎ᠡ ᠪᠦᠲᠦᠮᠵᠢ ᠶᠢ ᠳᠡᠭᠡᠭᠰᠢᠯᠡᠬᠦᠯᠵᠦ᠂ ᠠᠵᠤ ᠠᠬᠤᠶᠢᠯᠠᠯ ᠤᠨ ᠨᠡᠭᠦᠨ ᠰᠢᠯᠵᠢᠬᠦ ᠳᠤ ︽ᠴᠠᠭ ᠢ ᠨᠢ ᠠᠷᠪᠢᠯᠠᠭᠤᠯᠤᠨ᠎ᠠ︾ ᠃ ᠨᠡᠭᠦᠵᠦ ᠣᠷᠣᠬᠤ ᠳᠠᠩᠰᠠᠯᠠᠯ ᠤᠨ ᠪᠠᠶᠢᠭᠤᠯᠭ᠎ᠠ ᠨᠡᠭᠦᠬᠦ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠤ ᠳᠠᠷᠠᠭ᠎ᠠ ᠨᠡᠭᠦᠵᠦ ᠭᠠᠷᠬᠤ ᠭᠠᠵᠠᠷ ᠤᠨ ᠪᠠᠶᠢᠭᠤᠯᠭ᠎ᠠ ᠲᠠᠢ ᠬᠠᠷᠢᠯᠴᠠᠵᠤ᠂ ᠰᠢᠰᠲ᠋ᠧᠮ ᠤᠨ ᠳᠣᠲᠣᠭᠠᠳᠤ ᠰᠦᠯᠵᠢᠶ᠎ᠡ ᠪᠠᠷ ᠳᠠᠮᠵᠢᠭᠤᠯᠤᠨ ᠨᠡᠭᠦᠯᠭᠡᠨ ᠣᠷᠣᠭᠤᠯᠬᠤ ᠶᠢ ᠬᠢᠨᠠᠨ ᠵᠥᠪᠰᠢᠶᠡᠷᠡᠬᠦ ᠳᠤ ᠬᠡᠷᠡᠭᠰᠡᠬᠦ ᠮᠠᠲ᠋ᠧᠷᠢᠶᠠᠯ ᠢ ᠨᠡᠭᠦᠵᠦ ᠭᠠᠷᠬᠤ ᠪᠠᠶᠢᠭᠤᠯᠭ᠎ᠠ ᠳᠤ ᠬᠦᠷᠭᠡᠬᠦ ᠬᠡᠷᠡᠭᠲᠡᠶ᠃ ᠬᠢᠨᠠᠨ ᠬᠠᠷᠭᠤᠭᠤᠯᠤᠭᠠᠳ ᠨᠡᠭᠦᠵᠦ ᠭᠠᠷᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠡᠷᠡ ᠳᠣᠣᠷ᠎ᠠ ᠨᠢ ᠨᠡᠭᠦᠵᠦ ᠭᠠᠷᠬᠤ ᠳᠠᠩᠰᠠᠯᠠᠯ ᠤᠨ ᠳᠡᠰ ᠳᠠᠷᠠᠭᠠᠯᠠᠯ ᠢ ᠪᠡᠶᠡᠯᠡᠭᠦᠯᠦᠨ᠎ᠡ︔ ᠨᠥᠬᠦᠴᠡᠯ ᠳᠤ ᠨᠡᠶᠢᠴᠡᠬᠦ ᠦᠭᠡᠢ ᠪᠣᠯ ᠲᠡᠷᠡ ᠳᠣᠤᠷ᠎ᠠ ᠨᠢ ︽ᠨᠡᠭᠦᠵᠦ ᠭᠠᠷᠬᠤ ᠶᠢ ᠵᠥᠪᠰᠢᠶᠡᠷᠡᠬᠦ ᠦᠭᠡᠢ ᠮᠡᠳᠡᠭᠳᠡᠯ ᠤᠨ ᠪᠢᠴᠢᠭ︾ ᠢ ᠭᠠᠷᠭᠠᠵᠤ᠂ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠨᠡᠭᠦᠵᠦ ᠣᠷᠣᠬᠤ ᠪᠠᠶᠢᠭᠤᠯᠭ᠎ᠠ ᠳᠤ ᠣᠴᠢᠵᠤ ᠲᠤᠬᠠᠶ ᠶᠢᠨ ᠭᠠᠵᠠᠷ ᠲᠤ ᠨᠢ ᠭᠤᠶᠤᠴᠢᠯᠠᠭᠴᠢ ᠳᠤ ᠮᠡᠳᠡᠭᠳᠡᠨ᠎ᠡ︔ ᠪᠠᠶᠢᠳᠠᠯ ᠨᠢ ᠨᠠᠷᠢᠨ ᠪᠤᠳᠤᠯᠢᠶᠠᠨᠲᠠᠶ ᠲᠤᠬᠠᠶ ᠶᠢᠨ ᠲᠠᠯᠠᠪᠤᠷ ᠲᠤ ᠨᠢ ᠲᠣᠭᠲᠠᠭᠠᠯ ᠭᠠᠷᠭᠠᠵᠤ ᠳᠡᠶᠢᠯᠬᠦ ᠦᠭᠡᠢ ᠪᠠᠶᠢᠪᠠᠯ᠂ 2 ᠠᠵᠢᠯᠯᠠᠬᠤ ᠡᠳᠦᠷ ᠤᠨ ᠳᠣᠲᠣᠷ᠎ᠠ ᠲᠣᠭᠲᠠᠭᠠᠬᠤ ᠶᠢᠨ ᠬᠠᠮᠲᠤ ᠪᠢᠴᠢᠭ ᠢᠶᠠᠷ ᠠᠵᠤ ᠠᠬᠤᠶᠢᠯᠠᠯ ᠳᠤ ᠮᠡᠳᠡᠭᠳᠡᠨ᠎ᠡ᠃ ᠭᠦᠢᠴᠡᠳᠭᠡᠬᠦ ᠴᠠᠭ ᠢ ᠳᠤᠮᠳᠠᠴᠢ ᠪᠠᠷ 7 - 10 ᠠᠵᠢᠯᠯᠠᠬᠤ ᠡᠳᠦᠷ ᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠭᠦᠢᠴᠡᠳᠭᠡᠬᠦ ᠬᠦᠴᠦᠨ ᠲᠠᠢ ᠬᠤᠭᠤᠴᠠᠭ᠎ᠠ ᠶᠢ 70% ᠠᠴᠠ ᠳᠡᠭᠡᠭᠰᠢ ᠳᠡᠭᠡᠭᠰᠢᠯᠡᠭᠦᠯᠬᠦ ᠶᠢᠨ ᠬᠠᠮᠲᠤ ᠠᠵᠤ ᠠᠬᠤᠶᠢᠯᠠᠯ ᠤᠨ ᠳᠠᠩᠰᠠ ᠡᠪᠬᠡᠮᠡᠯ ᠢ ᠦᠨ᠎ᠡ ᠲᠥᠯᠥᠪᠦᠷᠢ ᠦᠭᠡᠢ ᠪᠠᠷ ᠢᠯᠡᠭᠡᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠠᠵᠢᠯ ᠬᠡᠷᠡᠭ ᠭᠦᠢᠴᠡᠳᠭᠡᠬᠦ ︽ᠥᠪᠡᠷ ᠤᠨ ᠥᠷᠲᠡᠭ ᠦᠭᠡᠢ︾ ᠶᠢ ᠪᠡᠶᠡᠯᠡᠬᠦᠯᠪᠡ᠃

    ᠲᠦᠷᠪᠡ ᠳᠤ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠨᠡᠭᠦᠨ ᠰᠢᠯᠵᠢᠬᠦ ᠳᠤ ︽ᠬᠠᠷᠰᠢ ᠰᠠᠭᠠᠳ ᠦᠭᠡᠢ︾ ᠪᠠᠶᠢᠯᠭᠠᠨ᠎ᠠ᠃ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠤ ᠠᠰᠠᠭᠤᠳᠠᠯ ᠤᠨ ᠰᠢᠵᠢᠮ ᠢ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠵᠦ᠂ ᠡᠯ᠎ᠡ ᠭᠠᠵᠠᠷ ᠣᠷᠣᠨ ᠤ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ᠳᠠᠮᠵᠢᠭᠤᠯᠤᠨ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠡᠵᠡᠩᠨᠡᠬᠦ ᠪᠠ  ᠨᠡᠭᠦᠨ ᠰᠢᠯᠵᠢᠬᠦ ᠳᠤ ᠬᠠᠷᠰᠢ ᠰᠠᠭᠠᠳ ᠭᠠᠷᠭᠠᠬᠤ ᠦᠢᠯᠡ ᠠᠵᠢᠯᠯᠠᠭ᠎ᠠ ᠶᠢ ᠰᠡᠷᠭᠡᠶᠢᠯᠡᠨ᠎ᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠳᠠᠩᠰᠠ ᠠᠴᠠ ᠵᠥᠷᠢᠴᠡᠭᠰᠡᠨ ᠠᠰᠠᠭᠤᠳᠠᠯ ᠤᠨ ᠰᠢᠵᠢᠮ ᠢ ᠴᠤᠭᠯᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠭᠠᠵᠠᠷ ᠤᠨ ᠬᠢᠨ ᠤ ᠳᠠᠩᠰᠠᠯᠠᠬᠤ ᠭᠤᠭᠴᠤᠭ᠎ᠠ ᠳᠤ ᠵᠦᠶ ᠵᠣᠬᠢᠰ ᠥᠬᠡᠶ ᠪᠤᠶᠤ ᠭᠠᠳᠠᠭᠤᠷᠴᠢᠯᠠᠬᠤ ᠴᠢᠨᠠᠷᠲᠠᠶ ᠵᠥᠪᠰᠢᠶᠡᠷᠡᠨ ᠣᠷᠣᠭᠤᠯᠬᠤ ᠨᠥᠬᠦᠴᠡᠯ ᠭᠠᠷᠭᠠᠬᠤ ᠶᠢ ᠴᠢᠩᠭ᠎ᠠ ᠬᠤᠷᠢᠭᠯᠠᠵᠤ᠂ ᠢᠯᠡᠷᠡᠭᠦᠯᠦᠭᠰᠡᠨ ᠰᠢᠵᠢᠮ ᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠪᠥᠬᠦ ᠠᠶᠢᠮᠠᠭ ᠤᠨ ᠬᠡᠪᠴᠢᠶᠡᠨ ᠳᠤ ᠰᠢᠢᠳᠪᠦᠷᠢᠯᠡᠭᠰᠡᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠶ ᠪᠠᠶᠢᠪᠠᠯ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠤᠭᠳᠠᠯ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃

 

ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ