ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠠ ᠠᠵᠢᠯᠯᠠᠭᠴᠢᠳ ᠤᠨ ᠬᠢᠷᠢ ᠬᠡᠮ ᠢ ᠮᠠᠭᠠᠳᠯᠠᠨ ᠲᠣᠭᠲᠠᠭᠠᠬᠤ
ᠨᠡᠶᠢᠲᠡᠯᠡᠭᠰᠡᠨ ᠴᠠᠭ᠄
2023/12/5

  ᠭᠤᠶᠤᠴᠢᠯᠠᠭᠴᠢ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ : ︵ᠨᠢᠭᠡ︶ ᠪᠦᠬᠦᠯᠢ 18 ᠨᠠᠰᠤᠨ ᠠᠴᠠ ᠳᠡᠭᠡᠭᠰᠢ ᠮᠥᠷᠲᠡᠭᠡᠨ ᠪᠦᠬᠦᠯᠢ 60 ᠨᠠᠰᠤ ᠠᠴᠠ ᠬᠡᠲᠦᠷᠡᠭᠰᠡᠨ ᠦᠭᠡᠢ ᠮᠥᠷᠲᠡᠭᠡᠨ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ︔ ︵ᠬᠤᠶᠠᠷ︶ ᠠᠵᠢᠯ ᠬᠢᠬᠦ ᠶᠢ ᠬᠠᠷᠰᠢᠯᠠᠬᠤ ᠡᠪᠡᠳᠴᠢᠨ ᠡᠮᠭᠡᠭ ᠪᠠ ᠪᠡᠶ᠎ᠡ ᠮᠠᠬᠠᠪᠣᠳ ᠤᠨ ᠳᠤᠲᠠᠭᠳᠠᠯ ᠦᠭᠡᠢ ᠮᠥᠷᠲᠡᠭᠡᠨ ᠬᠢᠬᠦ ᠪᠠᠷ ᠭᠤᠶᠤᠴᠢᠯᠠᠭᠰᠠᠨ ᠠᠵᠢᠯ ᠤᠨ ᠵᠦᠢᠯᠡᠰ ᠤᠨ ᠪᠡᠶ᠎ᠡ ᠮᠠᠬᠠᠪᠣᠳ ᠤᠨ ᠨᠥᠬᠦᠴᠡᠯ ᠤᠨ ᠲᠤᠬᠠᠢ ᠱᠠᠭᠠᠷᠳᠠᠯᠭ᠎ᠠ ᠶᠢ ᠬᠠᠩᠭᠠᠨ᠎ᠠ : ︵ᠭᠤᠷᠪᠠ︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢ ᠰᠤᠷᠤᠯᠴᠠᠭᠰᠠᠨ ᠨᠠᠮᠲᠠᠷ ᠲᠠᠢ ᠪᠥᠭᠡᠳ ᠵᠣᠬᠢᠴᠠᠩᠭᠤᠶ ᠳᠠᠰᠬᠠᠯ ᠭᠤᠶᠤᠴᠢᠯᠠᠬᠤ ᠲᠥᠷᠥᠯ ᠵᠦᠶ᠋ᠯ ᠤᠨ ᠱᠠᠭᠠᠷᠳᠠᠯᠭ᠎ᠠ ᠶᠢ ᠬᠠᠩᠭᠠᠭᠰᠠᠨ ᠰᠣᠶᠣᠯ ᠤᠨ ᠬᠢᠷᠢ ᠬᠡᠮᠵᠢᠶ᠎ᠡ : ︵ᠳᠥᠷᠪᠡ︶ ᠵᠣᠬᠢᠬᠤ ᠰᠢᠯᠭᠠᠯᠲᠠ ᠶᠢᠨ ᠬᠥᠲᠥᠯᠪᠦᠷᠢ ᠶᠢᠨ ᠲᠤᠰᠬᠠᠶ ᠵᠦᠶ᠋ᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃

      ᠳᠣᠭᠢᠷᠠᠭᠤᠯᠤᠭᠰᠠᠨ ᠦᠨᠳᠦᠰᠦᠯᠡᠯ : ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾ ᠠᠷᠪᠠᠨ ᠳᠥᠷᠪᠡᠳᠦᠭᠡᠷ ᠵᠦᠢᠯ : ︽ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯᠳᠠᠨ ᠰᠢᠯᠭᠠᠨ ᠬᠡᠮᠵᠢᠬᠦ ᠠᠵᠢᠯᠳᠠᠨ ᠪᠠ ᠠᠵᠢᠯᠯᠠᠭᠴᠢᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠢ ᠬᠢᠷᠢ ᠬᠡᠮ ᠣᠯᠤᠭᠰᠠᠨ ᠪᠠᠶᠢᠬᠤ ᠬᠡᠷᠡᠭᠲᠡᠢ᠂ ᠢᠩᠭᠢᠪᠡᠯ ᠰᠠᠶ᠋ᠢ ᠬᠤᠯᠪᠣᠭᠳᠠᠯ ᠪᠦᠬᠦᠢ ᠠᠵᠢᠯ ᠬᠢᠵᠦ ᠪᠠᠶᠢᠭ᠎ᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯᠳᠠᠨ ᠳᠠᠯᠳᠠᠯᠠᠵᠤ ᠰᠢᠯᠭᠠᠨ ᠬᠡᠮᠵᠢᠬᠦ ᠠᠵᠢᠯᠳᠠᠨ ᠪᠠ ᠠᠵᠢᠯᠯᠠᠭᠴᠢᠳ ᠠᠶᠤᠯᠭᠦᠢ ᠶᠢᠨ ᠮᠡᠷᠭᠡᠵᠢᠯ ᠤᠨ ᠵᠢᠷᠤᠮᠵᠢᠯ ᠪᠠ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢ ᠪᠠᠲᠤᠯᠠᠬᠤ ᠬᠡᠷᠡᠭᠲᠡᠢ︾᠃ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠦᠷᠢᠮ︾ ᠭᠤᠴᠢᠨ ᠨᠠᠢᠮᠠᠳᠤᠭᠠᠷ ᠵᠦᠢᠯ : ︽ᠭᠦᠤᠤᠯᠤ ᠪᠠ ᠳᠠᠷᠤᠯᠲᠠᠲᠤ ᠰᠠᠪᠠ ᠬᠡᠰᠡᠭ ᠴᠠᠬᠢᠯᠭᠠᠨ ᠱᠠᠳᠤ ᠪᠠ ᠲᠡᠭᠦᠵᠢ ᠮᠠᠰᠢᠨ ᠲᠦᠰᠢᠯᠭᠡ ᠠᠶᠠᠨᠴᠢᠨ ᠤ ᠲᠡᠭᠡᠭᠡᠪᠦᠷᠢ ᠶᠢᠨ ᠳᠡᠭᠦᠵᠢᠩ ᠵᠠᠮ ᠤᠨ ᠲᠦᠰᠢᠯᠭᠡ ᠲᠤᠮᠤ ᠬᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ ᠲᠤᠬᠠᠢ ᠶᠢᠨ ᠲᠠᠯᠠᠪᠤᠷ ︵ᠦᠢᠯᠡᠳᠪᠦᠷᠢ︶ ᠳᠠᠬᠢ ᠲᠤᠰᠬᠠᠢ ᠬᠡᠷᠡᠭᠯᠡᠬᠦ ᠮᠠᠰᠢᠨᠲᠤ ᠲᠡᠷᠭᠡ ᠶᠢᠨ ᠠᠵᠢᠯᠯᠠᠭᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯᠳᠠᠨ ︵ᠳᠣᠷᠣᠭᠰᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠵᠢᠯᠯᠠᠭᠴᠢ ᠭᠡᠵᠦ ᠶᠡᠷᠦᠩᠬᠡᠶᠢᠯᠡᠨ ᠨᠡᠷᠡᠶᠢᠳᠦᠨ᠎ᠡ︶᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠠᠳ ᠬᠢᠷᠢ ᠲᠡᠩᠴᠡᠵᠦ᠂ ᠤᠯᠤᠰ ᠤᠨ ᠨᠢᠭᠡᠳᠦᠯᠲᠡᠢ ᠵᠠᠭᠪᠤᠷ ᠪᠦᠬᠦᠢ ᠣᠨᠴᠠ ᠲᠦᠷᠦᠯ ᠤᠨ ᠠᠵᠢᠯ ᠬᠢᠭᠰᠡᠳ ᠤᠨ ᠦᠨᠡᠮᠯᠡᠯ ᠢ ᠣᠯᠪᠠᠯ ᠰᠠᠶ᠋ᠢ ᠵᠣᠬᠢᠴᠠᠩᠭᠤᠢ ᠠᠵᠢᠯ ᠪᠤᠶᠤ ᠬᠠᠮᠢᠶᠠᠷᠤᠯᠲᠠ ᠶᠢᠨ ᠠᠵᠢᠯ ᠢ ᠬᠢᠵᠦ ᠪᠣᠯᠤᠨ᠎ᠠ︾ ︽ᠨᠢᠭᠡ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠶ᠋ᠯ ᠢ ᠬᠦᠴᠦᠨ ᠥᠬᠡᠶ ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ [ 2014] 5 ᠳ᠋ᠤᠭᠠᠷ ᠲᠣᠭᠠᠲᠤ︶ : ᠳᠠᠭᠠᠯᠳᠤᠭᠤᠯᠤᠯ ᠤᠨ 81 ᠳ᠋ᠦᠭᠡᠷ ᠵᠦᠶ᠋ᠯ ᠪᠠ 82 ᠳ᠋ᠤᠭᠠᠷ ᠵᠦᠶ᠋ᠯ ᠤᠨ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠥᠷᠥᠯ ᠤᠨ ᠠᠵᠢᠯᠲᠠᠨ ᠤ ᠬᠢᠷᠢ ᠬᠡᠮ ᠢ ᠮᠠᠭᠠᠳᠯᠠᠨ ᠲᠣᠭᠲᠠᠭᠠᠬᠤ︾ ᠪᠠ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠲᠥᠷᠥᠯ ᠤᠨ ᠠᠵᠢᠯᠲᠠᠨ ᠤ ᠬᠢᠷᠢ ᠬᠡᠮ ᠢ ᠮᠠᠭᠠᠳᠯᠠᠨ ᠲᠣᠭᠲᠠᠭᠠᠬᠤ︾ ᠶᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠪᠠᠭᠤᠯᠭᠠᠪᠠ᠃

      ᠰᠦᠶ᠋ᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ : ᠰᠦᠶ᠋ᠳᠬᠡᠯ ᠬᠤᠷᠢᠶᠠᠬᠤ ᠪᠠᠷᠢᠮᠵᠢᠶ᠎ᠠ : ᠥᠬᠡᠶ᠋ᠰᠦᠶ᠋ᠳᠬᠡᠯ ᠬᠤᠷᠢᠶᠠᠬᠤ ᠦᠨᠳᠦᠰᠦᠯᠡᠯ : ᠥᠬᠡᠶ

      ᠭᠦᠶ᠋ᠴᠡᠳᠬᠡᠬᠦ ᠭᠠᠵᠠᠷ : ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠯᠤ᠋ ᠴᠤᠸᠠᠨ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠢᠩᠬᠢᠮ ᠤᠨ 12 ᠳ᠋ᠤᠭᠠᠷ ᠠᠰᠠᠷ ᠤᠨ 25 ᠳ᠋ᠤᠭᠠᠷ ᠨᠣᠮᠧᠷ ᠤᠨ ᠴᠣᠩᠬᠤᠭᠦᠶ᠋ᠴᠡᠳᠬᠡᠬᠦ ᠴᠠᠭ : ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 9: 0012: 00᠂ ᠦᠳᠡ ᠶᠢᠨ ᠬᠤᠶᠢᠨ᠎ᠠ 14: 0017: 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠᠭᠲᠠᠬᠤ ᠥᠬᠡᠶ︶ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ : 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠯᠤ᠋ ᠴᠤᠸᠠᠨ ᠶᠡᠭᠡ ᠬᠥᠭᠦᠷᠭᠡ ᠶᠢᠨ ᠥᠷᠲᠡᠭᠡᠨ ᠳᠤ ᠲᠡᠷᠭᠡᠨ ᠠᠴᠠ ᠪᠠᠭᠤᠵᠤ ᠡᠮᠦᠨᠡᠰᠢ 246 ᠮᠧᠲᠷ ᠠᠯᠬᠤᠪᠠᠯ ᠳᠠᠷᠤᠶ ᠬᠦᠷᠴᠦ ᠢᠷᠡᠬᠦ ᠪᠤᠶᠤ 75 ᠵᠠᠮ ᠤᠨ 102 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠥᠷᠲᠡᠭᠡᠨ ᠳᠤ ᠲᠡᠷᠭᠡᠨ ᠠᠴᠠ ᠪᠠᠭᠤᠵᠤ ᠵᠡᠭᠦᠨᠰᠢ ᠠᠯᠬᠤᠬᠤ ᠪᠤᠶᠤ 1.5 ᠺᠢᠯᠣᠮᠧᠲᠷ ᠶᠠᠪᠤᠪᠠᠯ ᠬᠦᠷᠴᠢᠬᠡᠨ᠎ᠡ᠃


ᠢᠷᠡᠯᠲᠡ᠄ ᠲᠣᠲᠣᠷᠬᠠᠢ ᠦᠭᠡᠢ