ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/3/16

    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠤᠨ ᠭᠤᠣᠯ ᠠᠭᠤᠯᠭ᠎ᠠ ᠶᠢ ᠣᠨᠣᠪᠴᠢᠲᠠᠶ ᠡᠵᠡᠮᠰᠢᠬᠦ ᠶᠢᠨ ᠲᠤᠰᠠᠳᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠦᠢᠴᠡᠳᠬᠡᠬᠦ ᠶᠠᠪᠤᠴᠠ ᠶᠢ ᠡᠮᠬᠢᠯᠡᠨ ᠨᠡᠶᠢᠯᠡᠭᠦᠯᠵᠦ᠂ ᠭᠤᠶᠤᠴᠢᠯᠠᠬᠤ ᠮᠠᠲ᠋ᠧᠷᠢᠶᠠᠯ ᠢ ᠳᠥᠭᠦᠮᠴᠢᠯᠡᠨ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠰᠢᠯᠢᠳᠡᠭᠵᠢᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠰᠢᠨ᠎ᠡ ᠪᠠᠷ ᠭᠦᠢᠴᠡᠳᠬᠡᠬᠦ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠪᠡ᠃

    ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠭᠤᠶᠤᠴᠢᠯᠠᠯ ᠢ ᠬᠦᠯᠢᠶᠡᠨ ᠠᠪᠬᠤ᠂ ᠮᠥᠷᠳᠡᠬᠦ ᠵᠢᠴᠢ ᠬᠠᠷᠢᠭᠤ ᠲᠤᠰᠬᠠᠬᠤ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ ᠳᠤ ᠲᠦᠰᠢᠭᠯᠡᠨ ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ᠂ ᠫᠠᠶᠢᠰᠠ ᠢᠯᠡᠷᠬᠡᠶᠢᠯᠡᠯ ᠪᠠᠶᠢᠷᠢᠯᠠᠭᠤᠯᠬᠤ ᠵᠡᠷᠭᠡ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠢ ᠡᠮᠬᠢᠯᠡᠨ ᠨᠡᠶᠢᠯᠡᠭᠦᠯᠵᠦ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠶᠡᠷᠦᠩᠬᠡᠶᠢᠯᠡᠭᠰᠡᠨ ᠭᠤᠶᠤᠴᠢᠯᠠᠯ ᠤᠨ ᠬᠦᠰᠦᠨᠦᠭᠲᠦ ᠵᠢᠴᠢ ᠭᠦᠢᠴᠡᠳᠬᠡᠬᠦ ᠴᠤᠪᠤᠷᠠᠯ ᠢ ᠨᠢᠭᠡᠳᠦᠯᠲᠡᠢ ᠪᠣᠶ ᠪᠣᠯᠭᠠᠵᠤ᠂ ᠭᠤᠶᠤᠴᠢᠯᠠᠬᠤ ᠮᠠᠲ᠋ᠧᠷᠢᠶᠠᠯ ᠢ ᠤᠯᠠᠮ ᠨᠢᠭᠡ ᠠᠯᠬᠤᠮ ᠪᠠᠭᠠᠰᠬᠠᠨ᠂ ᠭᠦᠢᠴᠡᠳᠬᠡᠬᠦ ᠴᠤᠪᠤᠷᠠᠯ ᠢ ᠡᠮᠬᠢᠯᠡᠨ ᠨᠡᠶᠢᠯᠡᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠨ᠂ ᠨᠢᠭᠡᠳᠦᠯᠲᠡᠢ ᠬᠠᠷᠢᠭᠤ ᠲᠤᠰᠬᠠᠵᠤ᠂ ᠨᠢᠭᠡ ᠰᠦᠯᠵᠢᠶ᠎ᠡ ᠪᠠᠷ ᠭᠤᠶᠤᠴᠢᠯᠠᠬᠤ᠂ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠢᠵᠢ ᠮᠠᠲ᠋ᠧᠷᠢᠶᠠᠯ᠂ ᠨᠢᠭᠡ ᠤᠳᠠᠭ᠎ᠠ ᠳᠤ ᠭᠦᠢᠴᠡᠳᠬᠡᠵᠦ ᠳᠠᠭᠤᠰᠬᠠᠬᠤ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠵᠠᠭᠪᠤᠷ ᠢ ᠪᠡᠶᠡᠯᠡᠭᠦᠯᠪᠡ ᠃ ᠣᠳᠣᠬᠠᠨ ᠳᠤ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ ᠭᠤᠶᠤᠴᠢᠯᠠᠨ ᠠᠪᠬᠤ ︵ᠢᠳᠡᠭᠡᠨ ᠤᠮᠳᠠᠭᠠᠨ ᠤ ᠦᠢᠯᠡᠴᠢᠯᠡᠭᠡ ᠡᠵᠡᠩᠨᠡᠭᠴᠢ︶᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ ᠬᠤᠪᠢᠷᠠᠭᠤᠯᠬᠤ ︵ᠢᠳᠡᠭᠡᠨ ᠤᠮᠳᠠᠭᠠᠨ ᠤ ᠦᠢᠯᠡᠴᠢᠯᠡᠭᠡ ᠡᠵᠡᠩᠨᠡᠭᠴᠢ︶ ᠭᠦᠢᠴᠡᠳᠬᠡᠬᠦ ᠴᠠᠭ ᠤᠨ ᠬᠢᠵᠠᠭᠠᠷ ᠢ ᠤᠤᠯ ᠤᠨ 18 ᠠᠵᠢᠯᠯᠠᠬᠤ ᠡᠳᠦᠷ ᠪᠠᠶᠢᠭᠰᠠᠨ ᠠᠴᠠ 9 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠵᠢᠵᠢᠭ ᠢᠳᠡᠭᠡᠨ ᠤᠮᠳᠠᠭᠠᠨ ᠤ ᠳᠠᠩᠰᠠᠯᠠᠯ ᠤᠨ ᠦᠨᠡᠮᠯᠡᠯ ︵ᠢᠳᠡᠭᠡᠨ ᠤᠮᠳᠠᠭᠠᠨ ᠤ ᠦᠢᠯᠡᠴᠢᠯᠡᠭᠡ ᠡᠵᠡᠩᠨᠡᠭᠴᠢ︶ ᠢ ᠭᠦᠢᠴᠡᠳᠬᠡᠬᠦ ᠴᠠᠭ ᠤᠨ ᠬᠢᠵᠠᠭᠠᠷ ᠢ ᠤᠤᠯ ᠤᠨ 7 ᠠᠵᠢᠯᠯᠠᠬᠤ ᠡᠳᠦᠷ ᠪᠠᠶᠢᠭᠰᠠᠨ ᠠᠴᠠ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠣᠲᠣ ᠶᠢᠨ ᠪᠠᠶᠢᠭ᠎ᠠ ᠢᠳᠡᠭᠡᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠢ ᠪᠠᠭᠠᠰᠬᠠᠨ᠂ ᠨᠥᠬᠦᠴᠡᠯ ᠳᠤ ᠨᠡᠶᠢᠴᠡᠪᠡᠯ ᠲᠤᠬᠠᠢ ᠶᠢᠨ ᠲᠠᠯᠠᠪᠤᠷ ᠲᠤᠨᠢ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ ᠶᠢᠨ ᠢᠳᠡᠭᠡᠨ ᠡᠵᠡᠩᠨᠡᠬᠦ ᠵᠥᠪᠰᠢᠶᠡᠷᠡᠯ ᠢ ᠭᠦᠢᠴᠡᠳᠬᠡᠬᠦ ᠳᠤᠮᠳᠠᠬᠢ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠡᠢ ᠂ ᠣᠲᠣ ᠪᠣᠯᠲᠠᠯ᠎ᠠ ᠨᠢᠭᠡᠨᠲᠡ 128 ᠬᠤᠪᠢ ᠶᠢ ᠨᠢ ᠭᠥᠯᠢᠶᠡᠨ ᠠᠪᠴᠤ ᠰᠢᠢᠳᠪᠦᠷᠢᠯᠡᠨ ᠳᠠᠭᠤᠰᠬᠠᠪᠠ᠃

 

ᠢᠷᠡᠯᠲᠡ᠄ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ