ᠦᠬᠠᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠲᠡᠭᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠵᠠᠢ
ᠨᠡᠶᠢᠲᠡᠯᠡᠭᠰᠡᠨ ᠴᠠᠭ᠄
2023/3/26

    ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠢᠲᠡᠭᠡᠮᠵᠢ ᠶᠢᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠬᠦᠩᠭᠡᠯᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠦᠬᠠᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 3.15 ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠢ ᠠᠰᠢᠭᠯᠠᠨ᠂ ᠭᠤᠷᠪᠠᠨ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ 3.15 ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ᠃

    ᠠᠵᠢᠯᠯᠠᠭ᠎ᠠ ᠶᠢᠨ ᠲᠤᠬᠠᠢ ᠶᠢᠨ ᠡᠳᠦᠷ᠂ ᠬᠠᠤᠯᠢ ᠬᠡᠷᠡᠭᠵᠢᠭᠦᠯᠬᠦ ᠠᠵᠢᠯᠲᠠᠨ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠨ ᠤ ᠲᠠᠯᠠᠪᠤᠷ᠂ ᠬᠡᠳᠦ ᠳᠡᠯᠭᠡᠭᠦᠷ᠂ ᠨᠡᠶᠢᠭᠡᠮ ᠲᠣᠭᠤᠷᠢᠭ ᠵᠡᠷᠭᠡ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠠᠯᠪᠠᠨ ᠵᠠᠷ ᠨᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠨᠡᠶᠢᠭᠡᠮ ᠤᠨ ᠣᠯᠠᠨ ᠲᠦᠮᠡᠨ ᠳᠤ ᠲᠣᠭᠲᠠᠭᠰᠠᠨ ᠴᠠᠭ ᠲᠠᠭᠠᠨ ᠣᠨ ᠤ ᠮᠡᠳᠡᠭᠦᠯᠦᠯᠲᠡ ᠬᠢᠬᠦ ᠶᠢᠨ ᠠᠴᠢ ᠬᠤᠯᠪᠣᠭᠳᠠᠯ᠂ ᠲᠣᠭᠲᠠᠭᠰᠠᠨ ᠴᠠᠭ ᠲᠠᠭᠠᠨ ᠣᠨ ᠤ ᠮᠡᠳᠡᠭᠦᠯᠦᠯᠲᠡ ᠬᠢᠭᠰᠡᠨ ᠦᠭᠡᠢ ᠶᠢᠨ ᠬᠤᠣᠷ ᠬᠥᠨᠥᠭᠡᠯ ᠵᠢᠴᠢ ᠰᠦᠯᠵᠢᠶᠡᠨ ᠳᠡᠭᠡᠷᠡᠬᠢ ᠢᠲᠡᠭᠡᠮᠵᠢ ᠶᠢᠨ ᠰᠡᠷᠭᠦᠭᠡᠯᠲᠡ ᠶᠢ ᠭᠦᠢᠴᠡᠳᠬᠡᠬᠦ ᠵᠦᠭᠯᠡᠭᠦᠷ ᠢ ᠭᠤᠣᠯᠳᠠᠯᠭ᠎ᠠ ᠲᠠᠢ ᠤᠬᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠪᠠ ᠢᠲᠡᠭᠡᠮᠵᠢ ᠶᠢᠨ ᠪᠠᠶᠢᠭᠤᠯᠤᠯᠲᠠ ᠳᠤ ᠣᠷᠣᠯᠴᠠᠬᠤ ᠦᠵᠡᠯ ᠤᠬᠠᠮᠰᠠᠷ ᠢ ᠬᠥᠲᠥᠯᠥᠨ ᠵᠢᠯᠤᠭᠤᠳᠴᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠪᠠ ᠵᠠᠶᠢᠯᠠᠰᠬᠢᠬᠦ ᠪᠠᠷ ᠲᠠᠮᠵᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠪᠠ᠃

    ᠡᠭᠦᠨ ᠠᠴᠠ ᠭᠠᠳᠠᠨ᠎ᠠ᠂ ᠠᠵᠢᠯᠲᠠᠳ ᠪᠠᠰᠠ ᠸᠢᠴᠠᠲ ᠤᠨ ᠴᠤᠭᠯᠠᠷᠠᠯ ᠂ ᠸᠢᠴᠠᠲ ᠤᠨ ᠨᠡᠶᠢᠲᠡ ᠶᠢᠨ ᠳ᠋ᠤᠭᠠᠷ᠂ ᠠᠯᠪᠠᠨ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠣᠨ ᠤ ᠮᠡᠳᠡᠭᠦᠯᠦᠯᠲᠡ ᠶᠢᠨ ᠨᠠᠷᠢᠨ ᠲᠣᠳᠣᠷᠬᠠᠢ ᠴᠤᠪᠤᠷᠠᠯ᠂ ᠰᠦᠯᠵᠢᠶᠡᠨ ᠳᠡᠭᠡᠷᠡᠬᠢ ᠢᠲᠡᠭᠡᠮᠵᠢ ᠶᠢᠨ ᠰᠡᠷᠭᠦᠭᠡᠯᠲᠡ ᠶᠢ ᠭᠦᠢᠴᠡᠳᠬᠡᠬᠦ ᠵᠦᠭᠯᠡᠭᠦᠷ ᠢ ᠨᠡᠶᠢᠲᠡᠯᠡᠵᠦ᠂ ᠨᠢᠭᠡᠳᠦᠮᠡᠯ ᠬᠤᠯᠪᠤᠭ᠎ᠠ ᠺᠣᠮᠫᠠᠨᠢ ᠲᠠᠢ ᠬᠠᠮᠲᠤᠷᠠᠨ᠂ ᠪᠥᠭᠡᠮ ᠢᠶᠠᠷ ᠲᠠᠷᠬᠠᠭᠠᠬᠤ ᠠᠷᠭ᠎ᠠ ᠮᠠᠶ᠋ᠢᠭ ᠢᠶᠠᠷ ᠪᠥᠬᠦ ᠬᠤᠲᠠ ᠶᠢᠨ ᠣᠨ ᠤ ᠮᠡᠳᠡᠭᠦᠯᠦᠯᠲᠡ ᠬᠢᠭᠡᠳᠦᠢ ᠠᠵᠤ ᠠᠬᠤᠶᠢᠯᠠᠯ ᠳᠤ ᠣᠨ ᠤ ᠮᠡᠳᠡᠭᠦᠯᠦᠯᠲᠡ ᠶᠢᠨ ᠰᠠᠨᠠᠭᠤᠯᠤᠮᠵᠢ ᠶᠢᠨ ᠣᠬᠤᠷ ᠮᠡᠳᠡᠭᠡ ᠶᠠᠪᠤᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠣᠨ ᠤ ᠮᠡᠳᠡᠭᠦᠯᠦᠯᠲᠡ ᠬᠢᠬᠦ ᠪᠠ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠡᠭᠦᠷᠭᠡ ᠪᠠᠨ ᠴᠠᠭ ᠲᠤᠬᠠᠢ ᠳᠤᠨᠢ ᠭᠦᠢᠴᠡᠳᠬᠡᠬᠦ ᠶᠢ ᠰᠠᠨᠠᠭᠤᠯᠪᠠ ᠃

    ᠠᠵᠢᠯᠯᠠᠭ᠎ᠠ ᠶᠢᠨ ᠬᠤᠭᠤᠴᠠᠭᠠᠨ ᠳᠤ᠂ ᠣᠨ ᠤ ᠮᠡᠳᠡᠭᠦᠯᠦᠯᠲᠡ ᠶᠢᠨ ᠴᠤᠪᠤᠷᠠᠯ ᠵᠢᠷᠤᠭ᠂ ᠰᠦᠯᠵᠢᠶᠡᠨ ᠳᠡᠭᠡᠷᠡᠬᠢ ᠢᠲᠡᠭᠡᠮᠵᠢ ᠶᠢᠨ ᠰᠡᠷᠭᠦᠭᠡᠯᠲᠡ ᠶᠢ ᠭᠦᠢᠴᠡᠳᠬᠡᠬᠦ ᠵᠦᠭᠯᠡᠭᠦᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1000 ᠭᠠᠷᠤᠢ ᠬᠤᠪᠢ ᠲᠠᠷᠬᠠᠭᠠᠵᠤ᠂ 70 ᠭᠠᠷᠤᠢ ᠬᠥᠮᠥᠨ ᠠᠰᠠᠭᠤᠨ ᠯᠠᠪᠯᠠᠵᠤ᠂ ᠰᠦᠯᠵᠢᠶᠡᠨ ᠳᠡᠭᠡᠷ᠎ᠡ ᠣᠨ ᠤ ᠮᠡᠳᠡᠭᠦᠯᠦᠯᠲᠡ ᠶᠢᠨ ᠰᠠᠨᠠᠭᠤᠯᠤᠮᠵᠢ ᠶᠢᠨ ᠣᠬᠤᠷ ᠮᠡᠳᠡᠭᠡ ᠶᠢ 4.2 ᠲᠦᠮᠡ ᠭᠠᠷᠤᠢ ᠬᠤᠪᠢ ᠲᠠᠷᠬᠠᠭᠠᠵᠠᠢ᠃

 

ᠢᠷᠡᠯᠲᠡ᠄ ᠦᠬᠠᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ