ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠲᠡᠭᠡᠮᠵᠢ ᠶᠢ ᠰᠡᠷᠭᠦᠭᠡᠬᠦ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠵᠦ ᠠᠵᠤ ᠠᠬᠤᠶᠢᠯᠠᠯ ᠢ ᠬᠠᠪᠰᠤᠷᠠᠨ ᠬᠦᠴᠢᠷᠳᠡᠯ ᠢ ᠰᠢᠢᠳᠪᠦᠷᠢᠯᠡᠵᠠᠢ
ᠨᠡᠶᠢᠲᠡᠯᠡᠭᠰᠡᠨ ᠴᠠᠭ᠄
2023/3/28

    ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠨᠣᠯᠵᠢᠬᠤᠨ ᠢ ᠪᠠᠷᠢᠮᠲᠠᠯᠠᠨ᠂ ︽ᠢᠲᠡᠭᠡᠮᠵᠢ ᠶᠢ ᠰᠡᠷᠭᠦᠭᠡᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠠᠰᠢᠭ ᠢ ᠪᠠᠲᠤᠯᠠᠬᠤ ᠶᠢ ᠪᠣᠳᠣᠯᠬᠢᠯᠠᠨ᠂ ᠢᠲᠡᠭᠡᠮᠵᠢ ᠶᠢ ᠰᠡᠷᠭᠦᠭᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠪᠠᠷ ᠢᠮᠠᠭᠲᠠ ᠴᠢᠷᠮᠠᠶᠢᠭᠰᠠᠭᠠᠷ ᠢᠷᠡᠵᠡᠢ᠃

    ᠨᠢᠭᠡ ᠳᠤ ᠂ ᠢᠲᠡᠭᠡᠮᠵᠢ ᠶᠢ ᠰᠡᠷᠭᠦᠭᠡᠬᠦ ᠲᠤᠬᠠᠶᠢᠯᠠᠭᠰᠠᠨ ᠠᠵᠢᠯ ᠢ ︽ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠪᠥᠬᠦ ᠲᠠᠯ᠎ᠠ ᠪᠠᠷ ᠪᠤᠳᠠᠳᠠᠶᠢᠵᠢᠭᠤᠯᠬᠤ ᠶᠢ ᠲᠦᠯᠬᠢᠨ ᠠᠬᠢᠭᠤᠯᠪᠠ ᠃ ᠠᠯᠠᠱᠠ ᠠᠶᠢᠮᠠᠭ ᠤᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠲᠡᠭᠡᠮᠵᠢ ᠶᠢ ᠰᠡᠷᠭᠦᠭᠡᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠭᠦᠯᠵᠦ ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠢᠯᠤᠭᠤᠳᠴᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠡᠭᠡᠷ᠎ᠡ ᠢᠲᠡᠭᠡᠮᠵᠢ ᠶᠢ ᠰᠡᠷᠭᠦᠭᠡᠬᠦ ᠭᠤᠶᠤᠴᠢᠯᠠᠯ ᠬᠢᠵᠦ ᠂ ᠢᠲᠡᠭᠡᠮᠵᠢ ᠶᠢ ᠰᠡᠷᠭᠦᠭᠡᠬᠦ ᠭᠤᠶᠤᠴᠢᠯᠠᠯ ᠤᠨ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠬᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠨ᠂ ᠢᠲᠡᠭᠡᠮᠵᠢ ᠶᠢ ᠰᠡᠷᠭᠦᠭᠡᠬᠦ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠡᠷ ᠠᠴᠠ ᠪᠠᠨ ᠭᠠᠷᠬᠤ ᠦᠭᠡᠢ ᠪᠠᠷ ᠢᠲᠡᠭᠡᠮᠵᠢ ᠶᠢ ᠰᠡᠷᠭᠦᠭᠡᠬᠦ ᠠᠵᠢᠯ ᠢ ᠪᠡᠶᠡᠯᠡᠭᠦᠯᠬᠦ ᠪᠤᠯᠭᠠᠵᠠᠢ᠃

    ᠬᠤᠶᠠᠷ ᠲᠤ ᠂ ᠠᠵᠢᠯ ᠤᠨ ᠶᠠᠪᠤᠴᠠ ᠶᠢ ᠰᠢᠯᠢᠳᠡᠭᠵᠢᠭᠦᠯᠪᠡ ᠃ ᠢᠲᠡᠭᠡᠮᠵᠢ ᠶᠢ ᠰᠡᠷᠭᠦᠭᠡᠬᠦ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠢ ᠲᠡᠭᠦᠯᠳᠡᠷᠵᠢᠭᠦᠯᠵᠦ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ᠂ ᠭᠦᠢᠴᠡᠳᠬᠡᠬᠦ ᠴᠤᠪᠤᠷᠠᠯ ᠵᠡᠷᠭᠡ ᠢᠲᠡᠭᠡᠮᠵᠢ ᠶᠢ ᠰᠡᠷᠭᠦᠭᠡᠬᠦ ᠠᠵᠢᠯᠯᠠᠭᠠᠨ ᠤ ᠴᠤᠪᠤᠷᠠᠯ ᠢ ᠡᠮᠬᠢᠯᠡᠬᠦ ᠶᠢᠨ ᠬᠠᠮᠲᠤ ᠰᠢᠯᠢᠳᠡᠭᠵᠢᠭᠦᠯᠵᠦ᠂ ᠲᠤᠬᠠᠢ ᠶᠢᠨ ᠬᠥᠮᠥᠨ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠤ ᠢᠲᠡᠭᠡᠮᠵᠢ ᠶᠢ ᠰᠡᠷᠭᠦᠭᠡᠬᠦ ᠠᠵᠢᠯ ᠢ ᠴᠠᠭ ᠲᠤᠬᠠᠢ ᠳᠤᠨᠢ ᠣᠨᠣᠪᠴᠢᠲᠠᠶ ᠪᠡᠶᠡᠯᠡᠭᠦᠯᠬᠦ ᠳᠤ ᠲᠥᠬᠦᠮ ᠦᠵᠡᠭᠦᠯᠪᠡ ᠃

    ᠭᠤᠷᠪᠠ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠪᠠ ᠃ ᠠᠯᠪᠠᠨ‌‍ᠰᠦ᠋ᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠤᠨ ᠠᠷᠭ᠎ᠠ ᠵᠠᠮ ᠢᠶᠠᠷ ᠳᠠᠮᠵᠢᠭᠤᠯᠤᠨ ᠢᠲᠡᠭᠡᠮᠵᠢ ᠶᠢ ᠰᠡᠷᠭᠦᠭᠡᠬᠦ ᠠᠵᠢᠯ ᠭᠦᠢᠴᠡᠳᠭᠡᠬᠦ ᠵᠦᠭᠯᠡᠭᠦᠷ᠂ ᠪᠢᠴᠢᠭ ᠮᠠᠲ᠋ᠧᠷᠢᠶᠠᠯ ᠵᠡᠷᠭᠡ ᠶᠢ ᠢᠯᠡ ᠨᠡᠶᠢᠲᠡᠯᠡᠵᠦ᠂ ᠢᠲᠡᠭᠡᠮᠵᠢ ᠶᠢ ᠰᠡᠷᠭᠦᠭᠡᠬᠦ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢᠨ ᠲᠥᠬᠦᠮ ᠦᠵᠡᠭᠦᠯᠬᠦ ᠬᠡᠮᠵᠢᠶ᠎ᠡ ᠶᠢ ᠶᠡᠬᠡᠪᠡᠷ ᠤᠬᠠᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ᠰᠦᠯᠵᠢᠶᠡᠨ ᠳᠡᠭᠡᠷ᠎ᠡ ᠭᠦᠢᠴᠡᠳᠬᠡᠬᠦ︾ ᠪᠠᠷ ᠳᠠᠮᠵᠢᠭᠤᠯᠤᠨ ᠢᠲᠡᠭᠡᠮᠵᠢ ᠶᠢ ᠰᠡᠷᠭᠦᠭᠡᠬᠦ ᠶᠢ ᠢᠳᠡᠪᠬᠢᠲᠡᠢ ᠪᠠᠷ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠢᠲᠡᠭᠡᠯ ᠠᠯᠳᠠᠭᠰᠠᠨ ᠭᠤᠣᠯ ᠴᠣᠭᠴᠠ ᠶᠢᠨ ᠢᠲᠡᠭᠡᠮᠵᠢ ᠶᠢ ᠳᠠᠬᠢᠨ ᠪᠠᠶᠢᠭᠤᠯᠬᠤ ᠳᠤᠨᠢ ᠬᠠᠪᠰᠤᠷᠤᠮᠵᠢ ᠦᠵᠡᠭᠦᠯᠪᠡ ᠃

    ᠣᠲᠣ ᠪᠣᠯᠲᠠᠯ᠎ᠠ᠂ ᠪᠥᠬᠦ ᠠᠶᠢᠮᠠᠭ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠭᠰᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠨᠡᠶᠢᠲᠡ 256 ᠡᠷᠦᠬᠡ ᠪᠠᠶᠢᠵᠤ᠂ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ 4 ᠡᠷᠦᠬᠡ ᠶᠢ ᠰᠢᠯᠵᠢᠭᠦᠯᠦᠨ ᠭᠠᠷᠭᠠᠭᠰᠠᠨ ᠪᠠᠶᠢᠨ᠎ᠠ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ