ᠤᠯᠠᠭᠠᠨᠬᠠᠳᠠ ᠬᠤᠲᠠ ᠢᠳᠡᠭᠡᠨ ᠤ ᠦᠢᠯᠡᠳᠪᠦᠷᠢᠯᠡᠯ ᠤᠨ ᠡᠯᠧᠺᠲᠷᠣᠨ ᠵᠥᠪᠰᠢᠶᠡᠷᠡᠯ ᠤᠨ ᠦᠨᠡᠮᠯᠡᠯ ᠢ ︽ᠨᠢᠭᠡ ᠯᠡ ᠳᠠᠷᠤᠪᠴᠢ ᠪᠠᠷ ᠭᠦᠢᠴᠡᠳᠭᠡᠬᠦ︾ ᠶᠢ ᠪᠡᠶᠡᠯᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠥᠬᠦᠮ ᠦᠵᠡᠭᠦᠯᠪᠡ
ᠨᠡᠶᠢᠲᠡᠯᠡᠭᠰᠡᠨ ᠴᠠᠭ᠄
2023/4/16

    ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠡᠯᠧᠺᠲᠷᠣᠨ ᠦᠨᠡᠮᠯᠡᠯ ᠢ ᠡᠬᠢᠯᠡᠵᠦ ᠬᠡᠷᠡᠭᠯᠡᠭᠰᠡᠨ ᠠᠴᠠ ᠨᠠᠰᠢ᠂ ᠤᠯᠠᠭᠠᠨᠬᠠᠳᠠ ᠬᠤᠲᠠ ᠶᠢᠨ ᠮᠠᠰᠢ ᠣᠯᠠᠨ ᠢᠳᠡᠭᠡᠨ ᠤ ᠠᠵᠤ ᠠᠬᠤᠶᠢᠯᠠᠯ ᠦᠨᠡᠨ ᠪᠣᠳᠠᠲᠠᠢ ᠲᠥᠬᠦᠮ ᠨᠥᠬᠦᠴᠡᠯ ᠢ ᠭᠥᠷᠳᠡᠪᠡ᠃

    ᠨᠢᠭᠡ ᠳᠤ ᠂ ︽ᠨᠢᠭᠡ ᠳᠠᠷᠤᠪᠴᠢ ᠪᠠᠷ ᠭᠦᠢᠴᠡᠳᠭᠡᠬᠦ︾ ᠶᠢ ᠪᠡᠶᠡᠯᠡᠭᠦᠯᠪᠡ ᠃ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠢ ᠭᠦᠢᠴᠡᠳᠬᠡᠬᠦ ᠪᠠᠷ ᠭᠤᠶᠤᠴᠢᠯᠠᠭᠰᠠᠨ ᠠᠵᠤ ᠠᠬᠤᠶᠢᠯᠠᠯ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠬᠦ ᠲᠠᠪᠴᠠᠩ︾ ᠪᠤᠶᠤ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︾ ᠳᠤ ᠲᠡᠮᠳᠡᠭᠯᠡᠬᠦ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ ᠂ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠪᠠᠶᠢᠳᠠᠯ ︵ᠪᠤᠴᠠᠭᠠᠬᠤ ᠨᠦᠬᠦᠪᠦᠷᠢᠯᠡᠬᠦ ᠵᠠᠯᠠᠷᠠᠭᠤᠯᠬᠤ᠂ ᠭᠥᠯᠢᠶᠡᠨ ᠠᠪᠴᠤ ᠰᠢᠢᠳᠪᠦᠷᠢᠯᠡᠬᠦ᠂ ᠵᠥᠪᠰᠢᠶᠡᠷᠡᠭᠦᠯᠬᠦ ᠵᠡᠷᠭᠡ︶ ᠤᠨ ᠪᠥᠬᠦ ᠶᠠᠪᠤᠴᠠ ᠶᠢ ᠪᠠᠶᠢᠴᠠᠭᠠᠵᠤ ᠪᠣᠯᠣᠨ᠎ᠠ᠃ ᠬᠤᠶᠠᠷ ᠲᠤ ᠂ ᠰᠦᠯᠵᠢᠶᠡᠨ ᠳᠡᠭᠡᠷ᠎ᠡ ᠪᠠᠶᠢᠴᠠᠭᠠᠨ ᠦᠵᠡᠬᠦ ᠶᠢ ᠪᠡᠶᠡᠯᠡᠭᠦᠯᠪᠡ ᠃ ᠭᠠᠷᠲᠠᠨ ᠬᠢᠭᠴᠢ ᠲᠤᠬᠠᠶᠢᠯᠠᠭᠰᠠᠨ ᠠᠵᠢᠯ ᠤᠨ ︽ᠵᠥᠪᠰᠢᠶᠡᠷᠡᠯ ᠣᠯᠣᠭᠰᠠᠨ︾ ᠣᠬᠤᠷ ᠮᠡᠳᠡᠭᠡ ᠶᠢ ᠣᠯᠣᠭᠰᠠᠨ ᠤ ᠳᠠᠷᠠᠭ᠎ᠠ᠂ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠬᠢᠭᠡᠳ ᠡᠵᠡᠩᠨᠡᠯᠲᠡ ᠶᠢᠨ ᠦᠨᠡᠮᠯᠡᠯ ᠤᠨ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠶᠢ ᠵᠡᠷᠭᠡᠪᠡᠷ ᠬᠤᠯᠪᠣᠬᠤ ᠶᠢ ᠪᠡᠶᠡᠯᠡᠭᠦᠯᠪᠡ᠃ ᠠᠵᠤ ᠠᠬᠤᠶᠢᠯᠠᠯ ᠤᠳ ᠲᠤᠬᠠᠶᠢᠯᠠᠭᠰᠠᠨ ᠠᠵᠢᠯ ᠤᠨ ᠭᠤᠶᠤᠴᠢᠯᠠᠨ ᠭᠦᠢᠴᠡᠳᠬᠡᠬᠦ ᠲᠠᠪᠴᠠᠩ ᠢᠶᠠᠷ ᠳᠠᠮᠵᠢᠭᠤᠯᠤᠨ ︽ᠦᠨᠡᠮᠯᠡᠯ ᠢ ᠪᠠᠶᠢᠴᠠᠭᠠᠨ ᠦᠵᠡᠬᠦ︾ ᠶᠢ ᠲᠤᠪᠴᠢᠳᠠᠬᠤ᠂ ᠸᠢᠴᠠᠲ ᠪᠤᠶᠤ ᠲᠣᠭᠠᠴᠠᠭ᠎ᠠ ᠡᠷᠳᠡᠨᠢ ᠶᠢᠨ ︽ᠡᠯᠧᠺᠲᠷᠣᠨ ᠡᠵᠡᠩᠨᠡᠯᠲᠡ ᠶᠢᠨ ᠦᠨᠡᠮᠯᠡᠯ︾ ᠤᠨ ᠫᠷᠣᠭ᠍ᠷᠠᠮ ᠵᠢᠴᠢ ᠦᠨᠡᠮᠯᠡᠯ ᠤᠨ ᠬᠤᠶᠠᠷ ᠬᠡᠮᠵᠢᠯᠲᠦ ᠺᠥᠳ᠋ ᠢ ᠰᠢᠷᠪᠢᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠮᠵᠢᠭᠤᠯᠤᠨ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠡᠯᠧᠺᠲᠷᠣᠨ ᠦᠨᠡᠮᠯᠡᠯ ᠢ ᠰᠦᠯᠵᠢᠶᠡᠨ ᠳᠡᠭᠡᠷ᠎ᠡ ᠪᠠᠶᠢᠴᠠᠭᠠᠨ ᠦᠵᠡᠵᠦ ᠪᠣᠯᠣᠨ᠎ᠠ᠃ ᠭᠤᠷᠪᠠ ᠳᠤ᠂ ᠰᠦᠯᠵᠢᠶ᠎ᠡ ᠪᠠᠷ ᠪᠠᠭᠤᠯᠭᠠᠨ ᠠᠪᠬᠤ ᠶᠢ ᠪᠡᠶᠡᠯᠡᠭᠦᠯᠪᠡ ᠃ ᠠᠵᠤ ᠠᠬᠤᠶᠢᠯᠠᠯ ᠤᠳ ᠲᠤᠬᠠᠶᠢᠯᠠᠭᠰᠠᠨ ᠠᠵᠢᠯ ᠤᠨ ᠭᠤᠶᠤᠴᠢᠯᠠᠨ ᠭᠦᠢᠴᠡᠳᠬᠡᠬᠦ ᠲᠠᠪᠴᠠᠩ ᠳᠤ ᠭᠠᠷᠴᠤ᠂ ︽ᠭᠦᠢᠴᠡᠳᠬᠡᠵᠦ ᠳᠠᠭᠤᠰᠬᠠᠭᠰᠠᠨ ᠵᠦᠢᠯᠡᠰ︾ ᠤᠨ ᠳᠣᠣᠷ᠎ᠠ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ︽ᠪᠠᠶᠢᠴᠠᠭᠠᠨ ᠦᠵᠡᠵᠦ︾᠂ ᠲᠤᠬᠠᠶᠢᠯᠠᠭᠰᠠᠨ ᠠᠵᠢᠯ ᠤᠨ ᠨᠢᠭᠤᠷ ᠤᠨ ᠪᠠᠷᠠᠭᠤᠨ ᠳᠡᠭᠡᠷ᠎ᠡ ᠥᠨᠴᠥᠭ ᠤᠨ ︽ᠡᠯᠧᠺᠲᠷᠣᠨ ᠦᠨᠡᠮᠯᠡᠯ︾ ᠢ ᠲᠣᠪᠴᠢᠳᠠᠨ᠂ ofd ᠪᠤᠶᠤ pdf ᠬᠡᠯᠪᠡᠷᠢ ᠶᠢᠨ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠡᠯᠧᠺᠲᠷᠣᠨ ᠦᠨᠡᠮᠯᠡᠯ ᠢ ᠪᠠᠭᠤᠯᠭᠠᠨ ᠠᠪᠴᠤ ᠬᠠᠳᠠᠭᠠᠯᠠᠨ ᠬᠡᠷᠡᠭᠯᠡᠵᠦ ᠪᠣᠯᠣᠨ᠎ᠠ᠃ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠠᠴᠠ ᠪᠠᠶᠢᠴᠠᠭᠠᠨ ᠯᠠᠪᠯᠠᠬᠤ ᠶᠢᠨ ᠬᠠᠮᠲᠤ᠂ ᠵᠥᠪᠰᠢᠶᠡᠷᠡᠯ ᠤᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠵᠡᠷᠭᠡ ᠳᠤᠨᠢ ᠢᠯᠡ ᠨᠡᠶᠢᠲᠡᠯᠡᠨ᠎ᠡ᠃ ᠵᠥᠪᠰᠢᠶᠡᠷᠡᠯ ᠤᠨ ᠴᠠᠭᠠᠰᠤᠨ ᠦᠨᠡᠮᠯᠡᠯ ᠢ ᠭᠤᠶᠤᠴᠢᠯᠠᠭᠴᠢ ᠶᠢᠨ ᠬᠦᠰᠡᠯ ᠰᠠᠨᠠᠭ᠎ᠠ ᠶᠢ ᠦᠨᠳᠦᠰᠦᠯᠡᠨ ᠴᠤᠩᠬᠤᠪᠴᠢ ᠪᠠᠷ ᠳᠠᠮᠵᠢᠭᠤᠯᠤᠨ ᠦᠭᠬᠦ ᠪᠤᠶᠤ ᠦᠨ᠎ᠡ ᠲᠥᠯᠥᠪᠦᠷᠢ ᠦᠭᠡᠢ ᠪᠠᠷ ᠠᠵᠤ ᠠᠬᠤᠶᠢᠯᠠᠯ ᠤᠨ ᠪᠠᠶᠢᠭ᠎ᠠ ᠬᠠᠶ᠋ᠢᠭ ᠲᠤ ᠬᠦᠷᠭᠡᠵᠦ ᠪᠣᠯᠣᠨ᠎ᠠ᠃

    ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠡᠯᠧᠺᠲᠷᠣᠨ ᠦᠨᠡᠮᠯᠡᠯ ᠢ ︽ᠨᠢᠭᠡ ᠯᠡ ᠳᠠᠷᠤᠪᠴᠢ ᠪᠠᠷ ᠬᠦᠢᠴᠡᠳᠭᠡᠭᠰᠡᠨ︾ ᠤ ᠳᠠᠷᠠᠭ᠎ᠠ ᠠᠵᠤ ᠠᠬᠤᠶᠢᠯᠠᠯ ᠳᠠᠷᠤᠢ ᠬᠡᠷᠡᠭᠯᠡᠵᠦ ᠪᠣᠯᠣᠨ᠎ᠠ᠂ ᠡᠨᠡ ᠨᠢ ᠠᠵᠤ ᠠᠬᠤᠶᠢᠯᠠᠯ ᠤᠨ ᠭᠦᠢᠴᠡᠳᠭᠡᠬᠦ ᠴᠠᠭ ᠪᠠ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠣᠭᠤᠨᠢᠰᠬᠠᠵᠤ᠂ ᠠᠵᠤ ᠠᠬᠤᠶᠢᠯᠠᠯ ᠳᠤ ᠲᠥᠬᠦᠮ ᠦᠵᠡᠭᠦᠯᠦᠨ᠂ ᠡᠬᠢ ᠪᠠᠶᠠᠯᠢᠭ ᠢ ᠠᠷᠪᠢᠯᠠᠵᠤ᠂ ᠥᠩᠭᠡᠷᠡᠭᠰᠡᠨ ᠤ ᠤᠯᠠᠮᠵᠢᠯᠠᠯᠲᠤ ᠴᠠᠭᠠᠰᠤᠨ ᠦᠨᠡᠮᠯᠡᠯ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠰᠠᠶᠢᠵᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠢᠶ᠎ᠠ ᠪᠦᠬᠦᠢ ᠦᠨᠡᠮᠯᠡᠯ ᠢ ᠭᠦᠢᠴᠡᠳᠬᠡᠬᠦ ᠪᠠ ᠬᠡᠷᠡᠭᠯᠡᠬᠦ ᠳᠤ ᠲᠥᠬᠦᠮ ᠦᠵᠡᠭᠦᠯᠪᠡ᠃

    ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠵᠦ᠂ ᠬᠡᠷᠡᠭᠯᠡᠭᠴᠢ ᠶᠢᠨ ᠠᠰᠢᠭ ᠭᠥᠷᠳᠡᠭᠰᠡᠨ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠱᠠᠲᠤᠨ ᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠢᠳᠡᠪᠬᠢᠲᠡᠢ ᠵᠣᠯᠭᠠᠭᠤᠯᠵᠤ᠂ ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠪᠥᠬᠦ ᠶᠠᠪᠤᠴᠠ ᠶᠢᠨ ︽ᠲᠤᠭ᠎ᠠ ᠪᠠᠷᠢᠮᠲᠠ ᠶᠢ ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ