ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠲ᠋ᠣᠺ ᠤᠨ ᠡᠷᠬᠡ ᠶᠢᠨ ᠳᠠᠨᠵᠢᠯᠠᠯᠲᠠ ᠶᠢᠨ ᠳᠠᠩᠰᠠᠯᠠᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠠᠵᠤ ᠠᠬᠤᠶᠢᠯᠠᠯ ᠢ ᠬᠠᠪᠰᠤᠷᠠᠨ 58 ᠳ᠋ᠦᠩᠰᠢᠭᠤᠷ ᠲᠥᠭᠦᠷᠢᠭ ᠪᠡᠯᠡ ᠲᠣᠬᠢᠷᠠᠭᠤᠯᠭ᠎ᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/4/16

    ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠡᠷᠭᠢᠯᠡᠬᠦ ᠦᠢᠯᠡᠴᠢᠯᠡᠭᠡᠨ ᠤ ᠲᠤᠰᠬᠠᠢ ᠲᠣᠭᠤᠷᠢᠭ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠨᠢᠭᠡᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠲ᠋ᠣᠺ ᠤᠨ ᠡᠷᠬᠡ ᠶᠢᠨ ᠳᠠᠨᠵᠢᠯᠠᠯᠲᠠ ᠶᠢᠨ ᠳᠠᠩᠰᠠᠯᠠᠯᠲᠠ ᠬᠢᠵᠦ᠂ 2000 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠠᠵᠤ ᠠᠬᠤᠶᠢᠯᠠᠯ ᠤᠨ ᠪᠡᠯᠡ ᠮᠥᠩᠭᠦᠨ ᠤ ᠳᠠᠷᠤᠯᠲᠠ ᠶᠢ ᠬᠥᠩᠭᠡᠷᠡᠭᠦᠯᠵᠦ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠰᠢᠢᠳᠪᠦᠷᠢᠯᠡᠵᠡᠢ᠃

ᠡᠨᠡ ᠵᠢᠯ ᠠᠴᠠ ᠨᠠᠰᠢ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠥᠨᠳᠥᠷ ᠪᠦᠲᠦᠮᠵᠢᠲᠡᠶ ᠪᠠᠷ ︽ᠨᠢᠭᠡ ᠶᠠᠪᠤᠳᠠᠯ︾ ᠢ ᠪᠦᠲᠦᠭᠡᠬᠦ ᠪᠠᠷ ᠬᠠᠷᠠᠯᠲᠠ ᠪᠣᠯᠭᠠᠵᠤ᠂ ︽ᠬᠢᠨᠠᠨ ᠵᠥᠪᠰᠢᠶᠡᠷᠡᠬᠦ ᠨᠢ ᠨᠠᠩ ᠪᠠᠭ᠎ᠠ᠂ ᠶᠠᠪᠤᠴᠠ ᠨᠢ ᠨᠠᠩ ᠰᠢᠯᠢᠳᠡᠭ᠂ ᠦᠷ᠎ᠡ ᠪᠦᠲᠦᠮᠵᠢ ᠨᠢ ᠨᠠᠩ ᠥᠨᠳᠥᠷ᠂ ᠦᠢᠯᠡᠴᠢᠯᠡᠭᠡ ᠨᠢ ᠨᠠᠩ ᠰᠠᠶᠢᠨ︾ ᠡᠵᠡᠩᠨᠡᠯᠲᠡ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠰᠲ᠋ᠣᠺ ᠤᠨ ᠡᠷᠬᠡ ᠶᠢᠨ ᠳᠠᠨᠵᠢᠯᠠᠯᠲᠠ ᠶᠢᠨ ᠳᠠᠩᠰᠠᠯᠠᠯᠲᠠ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠲᠣᠭᠲᠠᠩᠭᠤᠢ ᠰᠲ᠋ᠣᠺ ᠤᠨ ᠡᠷᠬᠡ ᠶᠢ ᠬᠥᠳᠡᠯᠦᠩᠭᠦᠢ ᠭᠦᠢᠯᠭᠡᠭᠡᠨ ᠤ ᠪᠡᠯᠡ ᠮᠥᠩᠭᠦ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠬᠤ ᠠᠷᠭ᠎ᠠ ᠵᠠᠮ ᠢ ᠨᠢ ᠥᠷᠭᠡᠳᠬᠡᠪᠡ᠃ ᠣᠲᠣ ᠪᠣᠯᠲᠠᠯ᠎ᠠ᠂ ᠪᠥᠬᠦ ᠬᠤᠲᠠ ᠳᠤ ᠨᠡᠶᠢᠲᠡ 56 ᠬᠤᠪᠢ ᠰᠲ᠋ᠣᠺ ᠤᠨ ᠡᠷᠬᠡ ᠶᠢᠨ ᠳᠠᠨᠵᠢᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠳᠠᠨᠵᠢᠯᠠᠭᠰᠠᠨ ᠰᠲ᠋ᠣᠺ ᠤᠨ ᠡᠷᠬᠡ ᠶᠢᠨ ᠪᠥᠬᠦ ᠲᠤᠭ᠎ᠠ 25.7 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶᠢᠯᠠᠯ ᠤᠨ ᠣᠯᠣᠭᠰᠠᠨ ᠪᠡᠯᠡ ᠲᠣᠬᠢᠷᠠᠭᠤᠯᠭ᠎ᠠ ᠶᠢᠨ ᠵᠣᠭᠤᠰᠤᠨ ᠲᠤᠭ᠎ᠠ 58 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠰᠢᠢᠳᠪᠦᠷᠢᠯᠡᠨ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠭᠰᠡᠨ ᠪᠠᠶᠢᠨ᠎ᠠ᠃

    ᠨᠢᠭᠡ ᠳᠤ ᠂ ︽ᠪᠠᠷᠢᠮᠵᠢᠶ᠎ᠠ ᠪᠠᠷ ᠭᠦᠢᠴᠡᠳᠭᠡᠬᠦ ︾ ᠦᠢᠯᠡᠴᠢᠯᠡᠭᠡ ᠶᠢ ᠬᠡᠷᠡᠭᠵᠢᠭᠦᠯᠪᠡ᠃ ᠰᠲ᠋ᠣᠺ ᠤᠨ ᠡᠷᠬᠡ ᠶᠢᠨ ᠳᠠᠨᠵᠢᠯᠠᠬᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠤᠨ ᠶᠠᠪᠤᠴᠠ ᠶᠢ ᠡᠮᠬᠢᠯᠡᠨ ᠳᠥᠭᠦᠮᠴᠢᠯᠡᠵᠦ᠂ ᠬᠡᠷᠡᠭᠴᠡᠭᠡ ᠦᠭᠡᠢ ᠪᠤᠶᠤ ᠬᠠᠤᠯᠢ ᠶᠣᠰᠣᠨ ᠤ ᠪᠤᠰᠤ ᠮᠠᠲ᠋ᠧᠷᠢᠶᠠᠯ ᠢ ᠴᠣᠮᠬᠠᠳᠬᠠᠵᠤ᠂ ᠰᠲ᠋ᠣᠺ ᠤᠨ ᠡᠷᠬᠡ ᠶᠢᠨ ᠳᠠᠨᠵᠢᠯᠠᠭᠰᠠᠨ ᠲᠡᠮᠳᠡᠭᠯᠡᠯ ᠤᠨ ᠵᠦᠢᠯ ᠤᠨ ᠨᠠᠷᠢᠨ ᠳᠠᠩᠰᠠ ᠶᠢ ᠨᠠᠶᠢᠷᠠᠭᠤᠯᠤᠨ ᠨᠡᠶᠢᠲᠡᠯᠡᠵᠦ᠂ ᠨᠠᠷᠢᠨ ᠲᠠᠩᠰᠠ ᠶᠢᠨ ᠪᠠᠷᠢᠮᠵᠢᠶᠠᠵᠢᠭᠤᠯᠤᠯᠲᠠ ᠶᠢ ᠨᠢᠭᠡᠳᠦᠯᠲᠡᠢ ᠬᠡᠷᠡᠭᠵᠢᠭᠦᠯᠵᠦ ᠂ ᠪᠦᠬᠦ ᠬᠤᠳᠠ ᠶᠢᠨ ᠬᠡᠪᠴᠢᠶᠡᠨ ᠳᠤ ᠢᠯᠭᠠᠭ᠎ᠠ ᠦᠭᠡᠢ ᠪᠠᠷ ᠬᠦᠯᠢᠶᠡᠨ ᠠᠪᠴᠤ ᠰᠢᠢᠳᠪᠦᠷᠢᠯᠡᠬᠦ ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠬᠡᠷᠡᠭᠵᠢᠭᠦᠯᠵᠦ ᠂ ᠪᠠᠷᠢᠮᠵᠢᠶᠠᠵᠢᠭᠰᠠᠨ ᠵᠢᠷᠤᠮᠵᠢᠭᠰᠠᠨ ᠳᠠᠩᠰᠠᠯᠠᠯᠲᠠ ᠶᠢᠨ ᠵᠢᠱᠢᠶ᠎ᠡ ᠦᠵᠡᠭᠦᠯᠬᠦ ᠵᠠᠭᠪᠤᠷ ᠢ ᠬᠠᠩᠭᠠᠵᠤ ᠂ ᠪᠦᠬᠦ ᠬᠤᠳᠠ ᠶᠢᠨ ᠨᠢᠭᠡᠳᠦᠯᠲᠡᠢ ᠰᠲ᠋ᠣᠺ ᠤᠨ ᠡᠷᠬᠡ ᠶᠢᠨ ᠳᠠᠨᠵᠢᠯᠠᠭᠰᠠᠨ ᠲᠤᠭ᠎ᠠ ᠶᠢ ᠲᠣᠭᠲᠠᠭᠠᠬᠤ ᠳᠠᠩᠰᠠᠯᠠᠯᠲᠠ ᠂ ᠰᠲ᠋ᠣᠺ ᠤᠨ ᠡᠷᠬᠡ ᠶᠢᠨ ᠳᠠᠨᠵᠢᠯᠠᠭᠰᠠᠨ ᠲᠤᠭ᠎ᠠ ᠶᠢ ᠬᠤᠪᠢᠷᠠᠭᠤᠯᠬᠤ ᠳᠠᠩᠰᠠᠯᠠᠯᠲᠠ ᠂ ᠰᠲ᠋ᠣᠺ ᠤᠨ ᠡᠷᠬᠡ ᠶᠢᠨ ᠳᠠᠨᠵᠢᠯᠠᠭᠰᠠᠨ ᠲᠤᠭ᠎ᠠ ᠶᠢ ᠬᠠᠰᠤᠬᠤ ᠳᠠᠩᠰᠠᠯᠠᠯᠲᠠ ᠶᠢᠨ ︽ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠬᠠᠭᠤᠳᠠᠰᠤ ︾  ᠶᠢ ᠳᠠᠷᠤᠮᠠᠯᠯᠠᠨ ᠦᠢᠯᠡᠳᠴᠦ ᠂ ᠰᠲ᠋ᠣᠺ ᠤᠨ ᠡᠷᠬᠡ ᠶᠢᠨ ᠳᠠᠩᠰᠠᠯᠠᠯᠲᠠ ᠶᠢᠨ ᠲᠦᠭᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠦᠷᠳᠡᠭ ᠢ ᠪᠠᠭᠠᠰᠬᠠᠪᠠ ᠃

    ᠬᠤᠶᠠᠷ ᠲᠤ ᠂ ︽ᠤᠷᠢᠳᠴᠢᠯᠠᠨ ᠪᠤᠯᠵᠤᠵᠤ ᠭᠦᠢᠴᠡᠳᠭᠡᠬᠦ︾ ᠦᠢᠯᠡᠴᠢᠯᠡᠭᠡ ᠶᠢ ᠬᠡᠷᠡᠭᠵᠢᠭᠦᠯᠪᠡ᠃ ᠰᠲ᠋ᠣᠺ ᠤᠨ ᠡᠷᠬᠡ ᠶᠢᠨ ᠳᠠᠨᠵᠢᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠠᠵᠤ ᠠᠬᠤᠶᠢᠯᠠᠯ ᠳᠤ ᠤᠷᠢᠳᠴᠢᠯᠠᠨ ᠪᠣᠯᠵᠣᠵᠤ ᠭᠦᠢᠴᠡᠳᠬᠡᠬᠦ᠂ ᠬᠤᠶᠢᠰᠢᠯᠠᠭᠤᠯᠤᠨ ᠭᠦᠢᠴᠡᠳᠬᠡᠬᠦ᠂ ᠪᠠᠴᠢᠮ ᠶᠠᠪᠤᠳᠠᠯ ᠢ ᠲᠦᠷᠭᠡᠨ ᠭᠦᠢᠴᠡᠳᠬᠡᠬᠦ᠂ ᠣᠨᠴᠠᠭᠠᠶ ᠶᠠᠪᠤᠳᠠᠯ ᠢ ᠣᠨᠴᠠᠭᠠᠶ ᠭᠦᠢᠴᠡᠳᠬᠡᠬᠦ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠠᠪᠴᠤ᠂ ᠠᠵᠤ ᠠᠬᠤᠶᠢᠯᠠᠯ ᠢ ᠭᠦᠢᠴᠡᠳᠬᠡᠬᠦ ᠠᠴᠠ ᠡᠮᠦᠨ᠎ᠡ ᠳᠠᠷᠤᠢ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠭᠦᠢᠴᠡᠳᠬᠡᠬᠦ ᠶᠠᠪᠤᠴᠠ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠭᠰᠡᠨ ᠦᠷ᠎ᠡ ᠳ᠋ᠦᠩ ᠵᠡᠷᠭᠡ ᠶᠢ ᠰᠠᠶᠢᠨ ᠣᠶᠢᠯᠠᠭᠠᠵᠤ᠂ ᠠᠵᠤ ᠠᠬᠤᠶᠢᠯᠠᠯ ᠳᠤ ᠳᠥᠭᠦᠮ ᠳᠥᠲᠡ ᠲᠦᠷᠭᠡᠨ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠰᠲ᠋ᠣᠺ ᠤᠨ ᠡᠷᠬᠡ ᠶᠢ ᠳᠠᠩᠰᠠᠯᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠲᠡᠭᠡᠭᠰᠢᠯᠡᠭᠦᠯᠵᠡᠢ᠃

    ᠭᠤᠷᠪᠠ ᠳᠤ ᠂ ︽ᠲᠤᠬᠠᠢ ᠶᠢᠨ ᠲᠠᠯᠠᠪᠤᠷ ᠲᠤᠨᠢ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠪᠡ᠃ ᠠᠵᠤ ᠠᠬᠤᠶᠢᠯᠠᠯ ᠤᠨ ᠣᠯᠠᠨ ᠲᠦᠮᠡᠨ ᠤ ︽ᠭᠡᠷ ᠤᠨ ᠡᠭᠦᠳᠡᠨ ᠳᠤ︾ ᠲᠤᠬᠠᠶᠢᠯᠠᠭᠰᠠᠨ ᠠᠵᠢᠯ ᠭᠦᠢᠴᠡᠳᠭᠡᠬᠦ ᠢ ᠪᠡᠶᠡᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ︽ᠨᠠᠰᠢ ᠴᠠᠰᠢ ᠶᠠᠪᠤᠬᠤ︾ ᠳᠠᠷᠤᠭᠠᠰᠤ ᠶᠢ ᠪᠠᠭᠠᠰᠬᠠᠨ᠂ ︽ᠨᠢᠭᠡ ᠴᠤᠩᠬᠤᠪᠴᠢ ᠪᠠᠷ ᠨᠡᠶᠢᠳᠡᠮ ᠰᠢᠢᠳᠪᠦᠷᠢᠯᠡᠬᠦ︾ ᠲᠤᠰᠬᠠᠢ ᠴᠤᠩᠬᠤᠪᠴᠢ ᠶᠢᠨ ᠳᠠᠪᠠᠭᠤᠯᠢᠭ ᠢ ᠪᠠᠳᠠᠷᠠᠭᠤᠯᠬᠤ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠤᠰᠬᠠᠢ ᠬᠥᠮᠥᠨ ᠲᠣᠬᠢᠷᠠᠭᠤᠯᠤᠨ ᠦᠢᠯᠡᠴᠢᠯᠡᠭᠦᠯᠵᠦ᠂ ︽ᠨᠢᠭᠡ ᠨᠢᠭᠡ ᠪᠠᠷ ᠵᠢᠭᠠᠨ ᠵᠢᠯᠤᠭᠤᠳᠴᠤ᠂ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠳᠤ ︽ᠨᠢᠭᠡ ᠬᠥᠮᠥᠨ ᠬᠢᠨᠠᠨ ᠬᠠᠷᠭᠤᠭᠤᠯᠬᠤ ᠳᠦᠷᠢᠮ︾ ᠢ ᠬᠡᠷᠡᠭᠵᠢᠭᠦᠯᠵᠦ᠂ ᠲᠤᠬᠠᠢ ᠶᠢᠨ ᠲᠠᠯᠠᠪᠤᠷ ᠲᠤᠨᠢ ᠭᠥᠯᠢᠶᠡᠨ ᠠᠪᠴᠤ ᠰᠢᠢᠳᠪᠦᠷᠢᠯᠡᠨ᠂ ᠨᠢᠭᠡ ᠯᠡ ᠤᠳᠠᠭ᠎ᠠ ᠳᠤ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠵᠦ ᠦᠭᠪᠡ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ