ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2023/4/26

    ᠡᠨᠡ ᠵᠢᠯ ᠠᠴᠠ ᠨᠠᠰᠢ᠂ ᠣᠷᠳᠣᠰ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠢᠯᠡᠴᠢᠯᠡᠭᠡ ᠶᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠂ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠡᠯ᠎ᠡ ᠬᠦᠷᠢᠶᠡᠨ ᠳᠤ ᠲᠤᠭᠤᠰᠢᠯᠠᠭᠤᠯᠬᠤ ᠶᠢ ᠪᠠᠷᠢᠮᠳᠠᠯᠠᠵᠦ ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠣᠷᠳᠣᠰ ᠬᠤᠲᠠ ᠶᠢᠨ ᠪᠥᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠣᠯᠭᠠᠬᠤ ᠶᠢᠨ ᠬᠡᠷᠡᠭᠵᠢᠭᠦᠯᠬᠦ ᠲᠥᠰᠥᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠦᠢᠯᠡᠴᠢᠯᠡᠭᠡᠨ ᠤ ᠬᠦᠴᠦᠨ︾ ᠢᠶᠠᠷ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠬᠤᠲᠠ ᠶᠢᠨ ︽ ᠲᠦᠷᠦ ᠶᠢᠨ ᠪᠣᠳᠣᠯᠭ᠎ᠠ ᠬᠠᠮᠤᠭ ᠳᠣᠲᠣᠨᠣ ᠂ ᠤᠴᠢᠷ ᠶᠠᠪᠤᠳᠠᠯ ᠪᠦᠲᠦᠭᠡᠬᠦ ᠳᠤ ᠬᠠᠮᠤᠭ ᠲᠦᠭᠦᠮ᠂ ᠪᠡᠯᠡ ᠣᠷᠣᠭᠤᠯᠤᠯᠲᠠ ᠬᠠᠮᠤᠭ ᠲᠣᠭᠲᠠᠭᠤᠨ ᠂ ᠦᠢᠯᠡᠴᠢᠯᠡᠭᠡ ᠬᠠᠮᠤᠭ ᠳᠤᠯᠠᠭᠠᠨ ᠂ ᠠᠮᠢᠳᠤᠷᠠᠯ ᠬᠠᠮᠤᠭ ᠲᠠᠭᠠᠯᠠᠮᠵᠢᠲᠠᠢ ︾ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃

    ᠨᠢᠭᠡ ᠳᠤ ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠪᠠ ᠃ ︽ᠵᠠᠬ᠎ᠠ ᠲᠡᠯᠭᠡᠭᠦᠷ ᠢ ᠰᠢᠯᠢᠳᠡᠭᠵᠢᠭᠦᠯᠵᠦ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠣᠷᠣᠬᠤ ᠶᠢ ᠵᠥᠪᠰᠢᠶᠡᠷᠡᠬᠦ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠢᠯ ᠢ ᠡᠮᠬᠢ ᠵᠢᠷᠤᠮ ᠲᠠᠢ ᠠᠬᠢᠭᠤᠯᠬᠤ ᠵᠡᠷᠭᠡ ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ ︽ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ ᠪᠠᠶᠢᠯᠭᠠᠬᠤ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠢᠶᠠᠨ ᠳᠠᠷᠤᠶᠢᠬᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠡᠳᠬᠦᠬᠦ ᠠᠷᠪᠠᠨ ᠵᠦᠢᠯ ᠤᠨ ᠠᠷᠭ᠎ᠠ ᠬᠡᠮᠵᠢᠶ᠎ᠡ︾ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠢᠳᠡᠪᠬᠢᠲᠡᠢ ᠪᠠᠷ ᠬᠠᠪᠰᠤᠷᠤᠨ ᠲᠡᠳᠬᠦᠵᠦ ᠡᠵᠡᠩᠨᠡᠯᠲᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠪᠡ᠃ ᠠᠵᠤ ᠠᠬᠤᠶᠢᠯᠠᠯ ᠤᠨ ᠳᠠᠩᠰᠠᠯᠠᠬᠤ ᠡᠷᠬᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠤ ᠠᠬᠤᠶᠢᠯᠠᠯ ᠤᠨ ᠳᠠᠩᠰᠠᠯᠠᠯᠲᠠ ᠶᠢ ᠣᠶᠢᠷ᠎ᠠ ᠬᠠᠪᠢ ᠳᠤᠨᠢ ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠥᠪᠡᠷ ᠤᠨ ᠦᠷᠳᠡᠭ ᠢ ᠪᠠᠭᠤᠷᠠᠭᠤᠯᠤᠨ ᠂ ︽ᠦᠨᠳᠦᠰᠦᠨ ᠱᠠᠲᠤᠨ ᠳᠤ ᠶᠠᠪᠤᠵᠤ᠂ ᠪᠣᠳᠠᠲᠤ ᠶᠠᠪᠤᠳᠠᠯ ᠪᠦᠲᠦᠭᠡᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ 100 ᠭᠠᠷᠤᠢ ᠵᠦᠢᠯ ᠤᠨ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠵᠦ ᠥᠭᠪᠡ᠃ ᠣᠲᠣ ᠪᠣᠯᠲᠠᠯ᠎ᠠ᠂ ᠪᠥᠬᠦ ᠬᠤᠲᠠ ᠶᠢᠨ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ 12053 ᠪᠣᠯᠵᠤ᠂ ᠠᠳᠠᠯᠢ ᠬᠤᠭᠤᠴᠠᠭᠠᠨ ᠤ ᠬᠢ ᠠᠴᠠ 28.32% ᠨᠡᠮᠡᠭᠳᠡᠪᠡ︔ ᠰᠢᠨ᠎ᠡ ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠬᠥᠷᠥᠩᠭᠡ ︵ᠮᠥᠩᠭᠦ︶ 311.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.52% ᠨᠡᠮᠡᠭᠳᠡᠪᠡ᠃

    ᠬᠤᠶᠠᠷ ᠲᠤ ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠴᠢᠳᠠᠪᠤᠷᠢ ᠶᠢ ᠲᠡᠭᠡᠭᠰᠢᠯᠡᠭᠦᠯᠪᠡ ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤᠴᠢᠯᠠᠭᠰᠠᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠳᠡᠩᠰᠡᠯᠡᠨ ᠲᠡᠮᠳᠡᠭᠯᠡᠬᠦ ᠦᠨᠡᠮᠯᠡᠯ᠂ ᠢᠳᠡᠭᠡᠨ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠲᠦᠯᠬᠢᠨ ᠠᠬᠢᠭᠤᠯᠪᠠ ᠃ ᠠᠩᠬ᠎ᠠ ᠬᠠᠷᠢᠭᠤᠯᠤᠭᠴᠢ ᠬᠠᠷᠢᠭᠤᠴᠠᠬᠤ᠂ ᠨᠢᠭᠡ ᠤᠳᠠᠭ᠎ᠠ ᠳᠤ ᠮᠡᠳᠡᠭᠳᠡᠬᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠵᠡᠷᠭᠡ ᠳᠦᠷᠢᠮ ᠢ ᠨᠠᠶᠢᠳᠠᠪᠤᠷᠢᠵᠢᠭᠤᠯᠵᠤ᠂ ︽ᠲᠠᠨ ᠢ ᠬᠠᠪᠰᠤᠷᠤᠨ ᠭᠦᠢᠴᠡᠳᠬᠡᠬᠦ︾ ︽ᠲᠦᠷᠭᠡᠨ ᠬᠦᠷᠭᠡᠬᠦ ᠪᠠ ᠰᠢᠤᠳᠠᠨ ᠢᠶᠠᠷ ᠢᠯᠡᠭᠡᠬᠦ︾ ᠵᠡᠷᠭᠡ ᠦᠢᠯᠡᠴᠢᠯᠡᠭᠡ ᠶᠢ ᠬᠠᠩᠭᠠᠵᠤ᠂ ︽ᠰᠦᠢᠳᠬᠡᠯ ᠦᠭᠡᠢ ᠪᠠᠷ ᠦᠨᠡᠮᠯᠡᠯ ᠢ ᠭᠡᠷ ᠲᠤᠨᠢ ᠬᠦᠷᠭᠡᠬᠦ︾ ᠶᠢ  ᠪᠡᠶᠡᠯᠡᠭᠦᠯᠪᠡ᠃ ︽ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠳᠣᠷᠣᠭᠰᠢ ᠪᠠᠭᠤᠯᠭᠠᠭᠰᠠᠨ ᠪᠠ ᠨᠠᠶᠢᠳᠠᠨ ᠬᠡᠷᠡᠭᠵᠢᠭᠦᠯᠦᠭᠦᠯᠦᠭᠰᠡᠨ 34 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠡᠮᠬᠢ ᠵᠢᠷᠤᠮ ᠲᠠᠢ ᠵᠠᠯᠭᠠᠨ ᠠᠪᠴᠤ᠂ ︽ᠨᠢᠭᠡ ᠶᠢ ᠪᠠᠭᠤᠯᠭᠠᠵᠦ ᠭᠤᠷᠪᠠ ᠶᠢ ᠬᠠᠰᠣᠬᠤ︾ ᠵᠦᠢᠯᠡᠰ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠨ᠎ᠡ᠃

    ᠭᠤᠷᠪᠠ ᠳᠤ ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠪᠠ᠃ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ 30 ᠰᠠᠯᠠᠭ᠎ᠠ ᠮᠥᠴᠢᠷ ᠢ ︽ᠬᠤᠶᠠᠷ ᠢ ᠲᠠᠰᠢᠷᠠᠮ ᠳᠠᠭᠠᠤ ᠂ ᠨᠢᠭᠡ ᠶᠢ ᠢᠯᠡ ᠪᠣᠯᠭᠠᠬᠤ︾ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠤᠨ ᠪᠦᠷᠢᠯᠳᠦᠭᠦᠨ ᠨᠢᠭᠡᠴᠢ ᠳᠤ ᠣᠷᠣᠭᠤᠯᠤᠨ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠨ ᠬᠠᠮᠲᠤᠷᠠᠨ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠ ︽ᠬᠤᠶᠠᠷ ᠢ ᠲᠠᠰᠢᠷᠠᠮ ᠳᠠᠭᠠᠤ ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠦᠷᠢᠶᠡᠴᠢᠯᠡᠭᠰᠡᠨ ᠬᠢᠨᠠᠨ ᠬᠠᠮᠢᠶᠠᠷᠤᠯᠲᠠ ᠶᠢ ᠬᠡᠷᠡᠭᠵᠢᠭᠦᠯᠪᠡ᠃ ᠢᠲᠡᠭᠡᠮᠵᠢ ᠶᠢ ᠰᠡᠷᠭᠦᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ︽ ᠳᠤᠲᠠᠭᠤ ᠶᠢ ᠪᠠᠭᠲᠠᠭᠠᠬᠤ ᠠᠮᠠᠯᠠᠯᠲᠠ︾ ︽ ᠪᠠᠶᠢᠴᠠᠭᠠᠯᠲᠠ ᠶᠢ ᠬᠡᠯᠲᠦᠷᠢᠭᠦᠯᠬᠦ ᠠᠮᠠᠯᠠᠯᠲᠠ ︾ ᠵᠡᠷᠭᠡ ᠢᠲᠡᠭᠡᠮᠵᠢ ᠶᠢ ᠰᠡᠷᠭᠦᠭᠡᠬᠦ ᠵᠠᠭᠪᠤᠷ ᠢ ᠰᠦᠪᠡᠭᠴᠢᠯᠡᠵᠡᠢ᠂ ᠣᠲᠣ ᠪᠣᠯᠲᠠᠯ᠎ᠠ᠂ ᠪᠥᠬᠦ ᠬᠤᠲᠠ ᠳᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ 65 ᠠᠵᠤ ᠠᠬᠤᠶᠢᠯᠠᠯ ᠢ ᠰᠢᠯᠵᠢᠭᠦᠯᠦᠨ ᠭᠠᠷᠭᠠᠵᠤ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠠᠴᠠ 4038 ᠠᠵᠤ ᠠᠬᠤᠶᠢᠯᠠᠯ ᠢ ᠰᠢᠯᠵᠢᠭᠦᠯᠦᠨ ᠭᠠᠷᠭᠠᠪᠠ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ