ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠠᠮᠵᠢᠯᠲᠠᠲᠠᠢ ᠡᠷᠭᠢᠯᠡᠪᠡ
ᠨᠡᠶᠢᠲᠡᠯᠡᠭᠰᠡᠨ ᠴᠠᠭ᠄
2023/4/26

    23 ᠳ᠋ᠤᠭᠠᠷ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ︽2023 ᠣᠨ ᠤ ᠣᠷᠳᠣᠰ ᠬᠤᠲᠠ ᠶᠢᠨ ︿4 · 26﹀ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ  ᠨᠡᠮᠡᠷᠢᠯᠡᠶ᠎ᠡ︾ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃

    ᠲᠣᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ ᠭᠤᠷᠪᠠᠨ ᠡᠳᠦᠷ ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠬᠡᠯᠪᠡᠷᠢ ᠪᠠᠷ ᠥᠷᠨᠢᠭᠦᠯᠵᠦ᠂ ᠥᠪᠥᠷ ᠮᠣᠩᠭᠤᠯ ᠤᠨ ᠲᠠᠸᠠᠷ ᠤᠨ ᠲᠥᠷᠥᠯ ᠲᠡᠮᠳᠡᠭᠲᠦ ᠶᠢᠨ ᠨᠡᠶᠢᠭᠡᠮᠯᠢᠭ ᠤᠨ ᠭᠠᠵᠠᠷ ᠵᠦᠢ ᠶᠢᠨ ᠲᠡᠮᠳᠡᠭ ᠤᠨ ᠬᠡᠯᠲᠡᠰ᠂ ᠪᠡᠭᠡᠵᠢᠩ ᠤᠨ ᠲᠢᠶᠠᠨ ᡂᠢ ᠵᠢᠶᠦ᠋ᠨ ᠲᠠᠢ ︵ᠬᠥᠬᠡᠬᠤᠲᠠ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠲᠤᠰᠬᠠᠢ ᠠᠰᠢᠭ ᠤᠨ ᠲᠣᠪᠴᠢᠶ᠎ᠠ ᠶᠢᠨ ᠬᠥᠬᠡᠬᠤᠲᠠ ᠶᠢᠨ ᠣᠷᠣᠯᠠᠨ ᠭᠦᠢᠴᠡᠳᠬᠡᠬᠦ ᠭᠠᠵᠠᠷ᠂ ᠥᠪᠥᠷ ᠮᠣᠩᠭᠤᠯ ᠤᠨ ᠬᠤᠩ ᠬᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠬᠡᠷᠡᠭ ᠡᠷᠬᠢᠯᠡᠬᠦ ᠭᠠᠵᠠᠷ ᠤᠨ ᠪᠠᠭᠰᠢ ᠶᠢ ᠤᠷᠢᠵᠦ ᠬᠢᠴᠢᠶᠡᠯᠡᠭᠦᠯᠵᠡᠢ ᠂ ᠠᠭᠤᠯᠭ᠎ᠠ ᠨᠢ ᠭᠠᠵᠠᠷ ᠵᠦᠢ ᠶᠢᠨ ᠲᠡᠮᠳᠡᠭ ᠤᠨ ᠬᠠᠮᠠᠭᠠᠯᠠᠯᠲᠠ ᠶᠢᠨ ᠬᠡᠷᠡᠭ ᠤᠨ ᠵᠢᠱᠢᠶ᠎ᠡ ᠶᠢ ᠵᠠᠳᠠᠯᠬᠤ᠂ ᠲᠠᠸᠠᠷ ᠤᠨ ᠲᠦᠷᠦᠯ ᠲᠡᠮᠳᠡᠭᠳᠦ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ᠂ ᠲᠤᠰᠬᠠᠢ ᠠᠰᠢᠭ ᠢ ᠴᠢᠯᠦᠭᠡᠲᠡᠢ ᠪᠣᠯᠭᠠᠬᠤ ᠵᠥᠪᠰᠢᠶᠡᠷᠡᠯ᠂ ᠲᠤᠰᠬᠠᠢ ᠠᠰᠢᠭ ᠢ ᠠᠭᠤᠳᠠᠯᠬᠤ ᠪᠠ ᠪᠠᠶᠢᠷᠢᠯᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠮᠵᠢᠶ᠎ᠠ ᠳᠤ ᠨᠡᠶᠢᠴᠡᠬᠦ ᠵᠡᠷᠭᠡ ᠣᠯᠠᠨ ᠲᠠᠯ᠎ᠠ ᠳᠤ ᠬᠤᠯᠪᠣᠭᠳᠠᠨ᠎ᠠ᠃ ᠪᠤᠯᠪᠠᠰᠤᠷᠠᠯ ᠤᠨ ᠶᠠᠪᠤᠴᠠ ᠳᠤ ᠣᠨᠣᠯ ᠤᠨ ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠᠶᠢᠬᠤ ᠮᠥᠷᠲᠡᠭᠡᠨ ᠪᠠᠰᠠ ᠮᠠᠳᠠᠭ ᠲᠠᠢ ᠠᠰᠠᠭᠤᠳᠠᠯ ᠢ ᠬᠠᠷᠢᠭᠤᠯᠬᠤ ᠶᠢᠨ ᠦᠢᠯᠡᠳᠦᠯᠴᠡᠯ ᠲᠠᠢ ᠪᠠᠶᠢᠵᠤ᠂ ᠪᠤᠯᠪᠠᠰᠤᠷᠠᠯ ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠪᠠ ᠵᠢᠯᠤᠭᠤᠳᠬᠤ ᠴᠢᠨᠠᠷ ᠢ ᠳᠡᠭᠡᠭᠰᠢᠯᠡᠭᠦᠯᠪᠡ᠃

    ᠪᠣᠯᠪᠠᠰᠤᠷᠠᠯ ᠤᠨ ᠬᠤᠭᠤᠴᠠᠭᠠᠨ ᠳᠤ᠂ ᠪᠦᠬᠦ ᠬᠤᠲᠠ ᠶᠢᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠬᠠᠮᠲᠤ ᠳᠤᠨᠢ ᠦᠷᠨᠢᠭᠦᠯᠵᠡᠢ᠂ ᠲᠣᠰ ᠠᠵᠢᠯᠯᠠᠭ᠎ᠠ ᠨᠢ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠦᠨᠵᠡᠭᠡᠢ ᠰᠤᠳᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠦᠢᠯᠡᠴᠢᠯᠡᠭᠡᠨ ᠤ ᠡᠬᠢ ᠪᠠᠶᠠᠯᠢᠭ ᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠯᠠᠪᠯᠠᠯᠲᠠ ᠬᠠᠩᠭᠠᠵᠠᠢ᠂ ᠲᠣᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠣᠯᠣᠨ᠎ᠠ᠃

    ᠣᠷᠳᠣᠰ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠭᠠᠵᠠᠷ ᠵᠦᠢ ᠶᠢᠨ ᠲᠡᠮᠳᠡᠭ ᠤᠨ ᠲᠠᠸᠠᠷ ᠤᠨ ᠲᠦᠡᠦᠯ ᠲᠡᠮᠳᠡᠭᠳᠦ ᠶᠢᠨ ᠨᠡᠶᠢᠭᠡᠮᠯᠢᠭ ᠂ ᠬᠡᠷᠡᠭᠯᠡᠭᠡᠨ ᠤ ᠠᠵᠤ ᠠᠬᠤᠶᠢᠯᠠᠯ ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠥᠯᠥᠭᠡᠯᠡᠭᠴᠢ ᠂ ᠲᠤᠰᠬᠠᠢ ᠠᠰᠢᠭ ᠤᠨ ᠤᠷᠤᠭᠯᠠᠭᠴᠢ ᠪᠠᠶᠢᠭᠤᠯᠤᠮᠵᠢ ᠂ ᠳ᠋ᠦᠩᠱᠧᠩ ᠂ ᠡᠵᠡᠨ ᠬᠤᠷᠤᠭ᠎ᠠ ᠬᠤᠰᠢᠭᠤ ᠂ ᠬᠢᠶ᠎ᠠ ᠪᠠᠭᠰᠢ ᠭᠤᠷᠪᠠᠨ ᠭᠠᠵᠠᠷ ᠤᠨ ᠠᠵᠤ ᠠᠬᠤᠶᠢᠯᠠᠯ ᠤᠨ ᠲᠥᠯᠥᠭᠡᠯᠡᠭᠴᠢ ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠤᠷᠢᠯᠭ᠎ᠠ ᠬᠦᠯᠢᠶᠡᠨ 140 ᠭᠠᠷᠤᠢ ᠬᠥᠮᠥᠨ ᠲᠣᠮᠢᠯᠠᠨ ᠪᠣᠯᠪᠠᠰᠤᠷᠠᠯ ᠳᠤ ᠣᠷᠣᠯᠴᠠᠭᠤᠯᠵᠠᠢ ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ