ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/4/6

    ᠡᠨᠡ ᠵᠢᠯ ᠠᠴᠠ ᠨᠠᠰᠢ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠠᠩᠬᠠᠷᠴᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠡᠮᠬᠢ ᠵᠢᠷᠤᠮ ᠢ ᠬᠠᠮᠠᠭᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠨᠡᠶᠢᠭᠡᠮ ᠤᠨ ᠠᠵᠢᠯ ᠳᠤ ᠦᠢᠯᠡᠴᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠳᠠᠬᠢᠨ ᠰᠢᠯᠢᠳᠡᠭᠵᠢᠭᠦᠯᠬᠦ᠂ ᠳᠠᠬᠢᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠪᠡ᠃

    ᠨᠢᠭᠡ ᠳᠤ ᠂ ᠪᠦᠷᠢᠳᠬᠡᠨ ᠳᠠᠩᠰᠠᠯᠠᠬᠤ ᠶᠢ ᠵᠢᠷᠤᠮᠵᠢᠭᠤᠯᠬᠤ ᠂ ᠪᠠᠷᠢᠮᠵᠢᠶᠠᠵᠢᠭᠤᠯᠬᠤ ᠂ ᠳᠥᠭᠦᠮᠴᠢᠯᠡᠬᠦ ᠶᠢ ᠬᠡᠷᠡᠭᠵᠢᠭᠦᠯᠪᠡ᠃ ︽ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠠᠩᠰᠠᠯᠠᠬᠤ ᠬᠠᠮᠢᠶᠠᠷᠤᠯᠳᠠ ᠶᠢᠨ ᠳᠦᠷᠢᠮ︾ ᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠵᠢᠷᠤᠮᠵᠢᠭᠤᠯᠤᠨ ᠢᠯᠡᠳᠬᠡᠬᠦ ᠳᠤ ᠬᠡᠷᠡᠭᠯᠡᠬᠦ ᠨᠢᠭᠡᠳᠦᠯᠲᠡᠢ ᠴᠠᠭᠠᠵᠠᠯᠠᠵᠤ ᠬᠢᠵᠠᠭᠠᠷᠯᠠᠬᠤ ᠦᠭᠡ ᠥᠰᠥᠭ ᠤᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠦᠷᠢᠵᠢᠭᠤᠯᠪᠠ ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠠᠯ ᠳᠤ ᠨᠡᠶᠢᠴᠡᠬᠦ ᠰᠢᠨ᠎ᠡ  ᠪᠠᠷ ᠡᠭᠦᠳᠦᠭᠰᠡᠨ ᠦᠭᠡ ᠦᠰᠦᠭ ᠢᠶᠠᠷ ᠠᠵᠤ ᠠᠬᠤᠶᠢᠯᠠᠯ ᠤᠨ ᠨᠡᠷᠡᠶᠢᠳᠦᠯ ᠪᠣᠯᠭᠠᠬᠤ ᠶᠢ ᠳᠡᠮᠵᠢᠵᠦ᠂ ᠠᠵᠤ ᠠᠬᠤᠶᠢᠯᠠᠯ ᠤᠨ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ︶ ᠤᠨ ᠰᠦᠯᠵᠢᠶᠡᠨ ᠳᠡᠭᠡᠷ᠎ᠡ ᠬᠠᠷᠢᠴᠠᠭᠤᠯᠵᠦ ᠬᠠᠷᠭᠤᠭᠤᠯᠤᠨ ᠪᠠᠶᠢᠴᠠᠭᠠᠬᠤ ᠶᠢ ᠰᠦᠪᠡᠭᠴᠢᠯᠡᠨ ᠳᠡᠯᠭᠡᠷᠡᠭᠦᠯᠵᠦ᠂ ᠠᠵᠤ ᠠᠬᠤᠶᠢᠯᠠᠯ ᠤᠨ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ︶ ᠤᠨ ᠪᠠᠷᠢᠮᠵᠢᠶᠠᠵᠢᠭᠤᠯᠤᠯᠲᠠ ᠶᠢ ᠪᠡᠶᠡᠯᠡᠭᠦᠯᠪᠡ ᠃

    ᠬᠤᠶᠠᠷ ᠲᠤ ᠂ ︽ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ ︾ ᠶᠢ ᠬᠡᠷᠡᠭᠵᠢᠭᠦᠯᠵᠦ ᠂ ᠠᠵᠤ ᠠᠬᠤᠶᠢᠯᠠᠯ ᠤᠨ ᠪᠦᠬᠦ ᠶᠠᠪᠤᠴᠠ ᠳᠤ ᠬᠡᠷᠡᠭᠵᠢᠭᠦᠯᠪᠡ ᠃ ᠠᠵᠤ ᠠᠬᠤᠶᠢᠯᠠᠯ ᠪᠦᠷᠢᠳᠬᠡᠭᠦᠯᠦᠨ ᠳᠠᠩᠰᠠᠯᠠᠭᠤᠯᠬᠤ ᠪᠠᠷ ᠭᠤᠶᠤᠴᠢᠯᠠᠬᠤ ᠶᠢᠨ ᠬᠠᠮᠲᠤ᠂ ᠣᠯᠠᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠶᠤᠴᠢᠯᠠᠯ ᠢ ᠲᠤᠰᠢᠶᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠬᠠᠮᠲᠤᠷᠠᠨ ᠬᠢᠨᠠᠨ ᠵᠦᠪᠰᠢᠶᠡᠷᠡᠬᠦ᠂ ︽ᠬᠡᠨ ᠬᠦᠯᠢᠶᠡᠨ ᠠᠪᠤᠪᠠᠯ ᠬᠡᠨ ᠬᠠᠷᠢᠭᠤᠴᠠᠬᠤ᠂ ᠪᠥᠬᠦ ᠶᠠᠪᠤᠴᠠ ᠳᠤ ᠦᠢᠯᠡᠴᠢᠯᠡᠬᠦ︾ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠢᠯᠡᠷᠡᠭᠦᠯᠵᠦ᠂ ᠠᠵᠤ ᠠᠬᠤᠶᠢᠯᠠᠯ ᠳᠤ ︽ᠨᠢᠭᠡ ᠯᠡ ᠤᠳᠠᠭ᠎ᠠ ᠳᠤ ᠭᠤᠶᠤᠴᠢᠯᠠᠪᠠᠯ᠂ ᠦᠷ᠎ᠡ ᠳ᠋ᠦᠩ ᠢ ᠰᠠᠯᠠᠭ᠎ᠠ ᠮᠥᠴᠢᠷ ᠬᠠᠷᠢᠯᠴᠠᠨ ᠮᠡᠳᠡᠷᠡᠬᠦ︾ ᠶᠢᠨ ᠲᠥᠬᠦᠮ ᠪᠠ ᠲᠦᠷᠭᠡᠨ ᠪᠠᠶᠢᠬᠤ ᠶᠢ ᠤᠶᠢᠯᠠᠭᠠᠭᠤᠯᠵᠠᠢ ᠃

    ᠭᠤᠷᠪᠠ ᠳᠤ ᠂ ᠠᠵᠤ ᠠᠬᠤᠶᠢᠯᠠᠯ ᠤᠨ ︽ ᠨᠢᠭᠡ ᠦᠨᠡᠮᠯᠡᠯ ᠳᠤ ᠤᠯᠠᠨ ᠬᠠᠶ᠋ᠢᠭ ︾ ᠤᠨ ᠥᠭᠡᠷᠡᠴᠢᠯᠡᠯᠲᠡ ᠶᠢ ᠬᠡᠷᠡᠭᠵᠢᠭᠦᠯᠪᠡ᠃ ᠣᠯᠠᠨ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠠᠴᠠ ᠭᠠᠳᠠᠨ᠎ᠠ᠂ ᠠᠳᠠᠯᠢ ᠨᠢᠭᠡᠨ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠭᠠᠵᠠᠷ ᠠᠴᠠ ᠭᠠᠳᠠᠨ᠎ᠠ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠪᠡᠯ᠂ ᠡᠵᠡᠩᠨᠡᠯᠲᠡ ᠶᠢᠨ ᠦᠨᠡᠮᠯᠡᠯ ᠳᠡᠭᠡᠷ᠎ᠡ ᠡᠵᠡᠩᠨᠡᠯᠲᠡ ᠶᠢᠨ ᠬᠠᠶ᠋ᠢᠭ ᠢ ᠨᠡᠮᠡᠵᠦ᠂ ᠰᠠᠯᠪᠤᠷᠢ ᠪᠠᠶᠢᠭᠤᠯᠤᠮᠵᠢ ᠶᠢᠨ ᠳᠠᠩᠰᠠᠯᠠᠯᠲᠠ ᠠᠴᠠ ᠬᠡᠯᠲᠦᠷᠢᠭᠦᠯᠵᠦ᠂ ︽ᠨᠢᠭᠡ ᠡᠵᠡᠩᠨᠡᠯᠲᠡ ᠶᠢᠨ ᠦᠨᠡᠮᠯᠡᠯ ᠂ ᠣᠯᠠᠨ ᠡᠵᠡᠩᠨᠡᠯᠲᠡ ᠶᠢᠨ ᠬᠠᠶ᠋ᠢᠭ ︾ ᠪᠠᠶᠢᠬᠤ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠪᠡ ᠃

    ᠳᠥᠷᠪᠡ ᠳᠤ ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠴᠢᠯᠡᠭᠡ ᠵᠣᠭᠰᠣᠬᠤ ᠳᠦᠷᠢᠮ ᠢ ᠨᠠᠶᠢᠳᠠᠪᠦᠷᠢᠵᠢᠭᠤᠯᠪᠠ᠃ ᠡᠵᠡᠩᠨᠡᠯᠲᠡ ᠨᠢ ᠬᠦᠴᠢᠷᠳᠡᠯᠲᠡᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠢᠯᠣᠭᠤᠳᠤᠨ ᠦᠢᠯᠡᠴᠢᠯᠡᠭᠡ ᠵᠣᠭᠰᠣᠬᠤ ᠶᠢ ᠳᠡᠩᠰᠡᠯᠡᠨ ᠲᠡᠮᠳᠡᠭᠯᠠᠬᠦ ᠳᠤ᠂ ᠡᠵᠡᠩᠨᠡᠭᠴᠢ ᠨᠢ ᠢᠯᠡ ᠨᠡᠶᠢᠲᠡᠯᠡᠬᠦ ᠰᠢᠰᠲ᠋ᠧᠮ ᠳᠡᠭᠡᠷ᠎ᠡ ᠭᠤᠶᠤᠴᠢᠯᠠᠵᠤ ᠭᠦᠢᠴᠡᠳᠭᠡᠨ᠎ᠡ᠂ ᠡᠵᠡᠩᠨᠡᠭᠴᠢ ᠶᠢᠨ ᠲᠦᠷ ᠴᠠᠭ ᠤᠨ ᠬᠦᠴᠢᠷᠳᠡᠯ ᠨᠠᠮᠳᠠᠷᠵᠤ᠂ ᠪᠠᠶᠢᠳᠠᠯ ᠰᠠᠶᠢᠵᠢᠷᠠᠭᠰᠠᠨ ᠤ ᠳᠠᠷᠠᠭ᠎ᠠ ᠡᠵᠡᠩᠨᠡᠯᠲᠡ ᠪᠠᠨ ᠰᠡᠷᠭᠦᠭᠡᠵᠦ ᠪᠤᠯᠤᠨ᠎ᠠ ᠃

    ᠲᠠᠪᠤ ᠳᠤ ᠂ ᠬᠡᠪᠴᠢᠶᠡᠵᠢᠭᠰᠡᠨ ᠬᠤᠳᠠᠯᠳᠤᠭᠠᠨ ᠤ ᠡᠷᠦᠬᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠠᠪᠰᠢᠵᠤ ᠠᠵᠤ ᠠᠬᠤᠶᠢᠯᠠᠯ ᠪᠣᠯᠬᠤ ᠶᠢ ᠵᠤᠷᠢᠭᠵᠢᠭᠤᠯᠤᠨ᠎ᠠ ᠃ ᠡᠵᠡᠩᠨᠡᠯᠲᠡ ᠶᠢᠨ ᠬᠡᠪᠴᠢᠶ᠎ᠡ ᠪᠠᠨ ᠥᠷᠭᠡᠳᠬᠡᠬᠦ ᠬᠦᠰᠡᠯ ᠲᠠᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠵᠦ ᠠᠵᠤ ᠠᠬᠤᠶᠢᠯᠠᠯ ᠪᠣᠯᠭᠠᠬᠤ ᠶᠢᠨ ᠬᠠᠮᠲᠤ ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠭᠡᠷᠡᠴᠢ ᠬᠠᠩᠭᠠᠵᠤ᠂ ᠡᠵᠡᠩᠨᠡᠭᠴᠢ ᠠᠴᠠ ᠬᠢᠨᠠᠨ ᠵᠦᠪᠰᠢᠶᠡᠷᠡᠯ ᠳᠤ ᠬᠤᠯᠪᠣᠭᠳᠠᠬᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠡᠯᠪᠡᠷᠢ ᠶᠢ ᠬᠤᠪᠢᠷᠠᠭᠤᠯᠬᠤ ᠭᠤᠶᠤᠴᠢᠯᠠᠯ ᠳᠡᠪᠰᠢᠭᠦᠯᠬᠦ ᠳᠤ ᠲᠥᠬᠦᠮ ᠦᠵᠡᠭᠦᠯᠪᠡ ᠃

    ᠣᠲᠣ ᠪᠣᠯᠲᠠᠯ᠎ᠠ᠂ ᠪᠥᠬᠦ ᠬᠤᠲᠠ ᠶᠢᠨ ᠪᠣᠳᠠᠲᠠᠢ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠡᠷᠦᠩᠬᠡᠢ ᠬᠡᠮᠵᠢᠶ᠎ᠡ 29.17 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.59% ᠪᠠᠷ ᠨᠡᠮᠡᠭᠳᠡᠪᠡ︔ ᠳᠠᠩᠰᠠᠯᠠᠭᠤᠯᠤᠭᠰᠠᠨ ᠬᠥᠷᠥᠩᠭᠡ ︵ᠮᠥᠩᠭᠦ︶ ᠶᠢᠨ ᠶᠡᠷᠦᠩᠬᠡᠢ ᠲᠤᠭ᠎ᠠ 13928.93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.70% ᠨᠡᠮᠡᠭᠳᠡᠪᠡ᠃ 1~2 ᠳ᠋ᠤᠭᠠᠷ ᠰᠠᠷ᠎ᠠ ᠳᠤ ᠪᠥᠬᠦ ᠬᠤᠲᠠ ᠶᠢᠨ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 6314 ᠪᠣᠯᠵᠤ᠂ ᠠᠳᠠᠯᠢ ᠬᠤᠭᠤᠴᠠᠭᠠᠨ ᠤ ᠬᠢ ᠠᠴᠠ 30.37% ᠪᠠᠷ ᠨᠡᠮᠡᠭᠳᠡᠪᠡ︔ ᠰᠢᠨ᠎ᠡ ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠬᠥᠷᠥᠩᠭᠡ ︵ᠮᠥᠩᠭᠦ︶ 200.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 114.18% ᠨᠡᠮᠡᠭᠳᠡᠪᠡ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ