ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/4/6

    ᠣᠶᠢᠷ᠎ᠠ ᠶᠢᠨ ᠵᠢᠯ ᠠᠴᠠ ᠂ ᠪᠠᠶᠠᠨᠨᠠᠭᠤᠷ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠂ ︽ ᠪᠠᠭᠤᠯᠭᠠᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠪᠠ ᠃

    ᠨᠢᠭᠡ ᠳᠤ ᠂ ᠡᠷᠴᠢ ᠲᠡᠭᠦᠯᠳᠡᠷ ᠂ ᠪᠦᠲᠦᠭᠡᠯᠴᠢ ᠬᠦᠴᠦᠨ ᠢ ᠪᠠᠳᠠᠷᠠᠭᠤᠯᠬᠤ ᠪᠠᠷ ᠴᠢᠷᠮᠠᠶᠢᠵᠠᠢ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠵᠦᠪᠰᠢᠶᠡᠷᠡᠯ ᠢ ᠰᠢᠭᠤᠳ ᠬᠦᠴᠦᠨ ᠦᠭᠡᠢ ᠪᠣᠯᠭᠠᠬᠤ᠂ ᠬᠢᠨᠠᠨ ᠵᠦᠪᠰᠢᠶᠡᠷᠡᠯ ᠢ ᠳᠠᠩᠰᠠᠯᠠᠬᠤ ᠪᠣᠯᠭᠠᠨ ᠥᠭᠡᠷᠡᠴᠢᠯᠡᠬᠦ᠂ ᠠᠮᠠᠯᠠᠯᠲᠠ‌ᠮᠡᠳᠡᠭᠳᠡᠬᠦ ᠶᠢ ᠬᠡᠷᠡᠭᠵᠢᠭᠦᠯᠬᠦ᠂ ᠬᠢᠨᠠᠨ ᠵᠦᠪᠰᠢᠶᠡᠷᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠦᠷᠪᠡᠨ ᠵᠦᠢᠯ ᠤᠨ ᠠᠷᠭ᠎ᠠ ᠬᠡᠯᠪᠡᠷᠢ ᠪᠠᠷ ᠬᠢᠨᠠᠨ ᠵᠦᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠲᠦᠯᠬᠢᠨ ᠠᠬᠢᠭᠤᠯᠪᠠ ᠃ ᠬᠢᠨᠠᠨ ᠵᠥᠪᠰᠢᠶᠡᠷᠡᠬᠦ ᠵᠦᠢᠯᠡᠰ ᠢ ᠳᠣᠷᠣᠭᠰᠢ ᠪᠠᠭᠤᠯᠭᠠᠬᠤ ᠠᠵᠢᠯ ᠢ ᠢᠳᠡᠪᠬᠢᠲᠡᠢ ᠪᠠᠷ ᠠᠬᠢᠭᠤᠯᠵᠤ᠂ ᠬᠡᠰᠡᠭ ᠡᠷᠬᠡ ᠮᠡᠳᠡᠯ ᠤᠨ ᠬᠡᠪᠴᠢᠶ᠎ᠡ ᠶᠢ ᠳᠣᠷᠣᠭᠰᠢ ᠪᠠᠭᠤᠯᠭᠠᠬᠤ ᠪᠤᠶᠤ ᠬᠤᠰᠢᠭᠤ ᠰᠢᠶᠠᠨ ᠲᠣᠭᠤᠷᠢᠭ ᠤᠨ ᠲᠣᠪᠴᠢᠶ᠎ᠠ ᠳᠤ ᠨᠠᠶᠢᠳᠠᠨ  ᠭᠦᠢᠴᠡᠳᠬᠡᠨ᠎ᠡ᠃

    ᠬᠤᠶᠠᠷ ᠲᠤ ᠂ ᠬᠠᠮᠢᠶᠠᠷᠤᠯᠳᠠ ᠶᠢᠨ ᠬᠢᠷᠢ ᠲᠦᠪᠰᠢᠨ ᠂ ᠶᠠᠰᠤ ᠴᠢᠨᠠᠷ ᠢ ᠲᠡᠭᠡᠭᠰᠢᠯᠡᠭᠦᠯᠬᠦ ᠪᠠᠷ ᠴᠢᠷᠮᠠᠶᠢᠵᠠᠢ᠃ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠵᠦ᠂ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠲᠠᠰ ᠪᠠ ᠲᠦᠭᠰᠢᠭᠦᠷᠢ ᠶᠢᠨ ᠲᠥᠷᠥᠯ ᠠᠩᠭᠢᠯᠠᠯ ᠲᠠᠢ ᠤᠶᠠᠯᠳᠤᠭᠤᠯᠤᠨ᠂ ᠰᠤᠭᠤᠴᠢᠨ ᠪᠠᠶᠢᠴᠠᠭᠠᠬᠤ ᠬᠠᠷᠢᠴᠠᠯ᠂ ᠤᠳᠠᠭ᠎ᠠ ᠪᠠ ᠣᠷᠣᠯᠴᠠᠬᠤ ᠰᠠᠯᠠᠭ᠎ᠠ ᠮᠥᠴᠢᠷ ᠢ ᠵᠦᠢ ᠵᠣᠬᠢᠰᠲᠠᠢ ᠲᠣᠭᠲᠠᠭᠠᠵᠤ᠂ ︽ᠨᠢᠭᠡ ᠤᠳᠠᠭ᠎ᠠ ᠳᠤ ᠣᠯᠠᠨ ᠵᠦᠢᠯ ᠢ ᠪᠠᠶᠢᠴᠠᠭᠠᠬᠤ︾ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ ᠪᠡᠶᠡᠯᠡᠭᠦᠯᠦᠨ᠎ᠡ  ᠃

    ᠭᠤᠷᠪᠠ ᠳᠤ ᠂ ᠲᠦᠭᠦᠮ ᠲᠠᠭᠠᠳᠠᠢ ᠂ ᠪᠣᠳᠠᠲᠠᠢ ᠠᠰᠢᠭ ᠲᠤᠰᠠ ᠣᠯᠭᠤᠬᠤ ᠦᠢᠯᠡᠴᠢᠯᠡᠭᠡ ᠬᠠᠩᠭᠠᠬᠤ ᠪᠠᠷ ᠴᠢᠷᠮᠠᠶᠢᠵᠠᠢ ᠃ ︽ᠳᠠᠷᠤᠶᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ︾ ︽ᠲᠦᠷᠪᠡᠨ ᠭᠦᠢᠴᠡᠳᠬᠡᠬᠦ︾ ᠦᠢᠯᠡᠴᠢᠯᠡᠭᠡ ᠶᠢ ᠶᠡᠬᠡᠪᠡᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠦᠢᠯᠡᠴᠢᠯᠡᠭᠡᠨ ᠤ ᠵᠦᠢᠯᠡᠰ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠬᠤ ᠶᠢᠨ ᠬᠠᠮᠲᠤ ᠲᠤᠰᠬᠠᠢ ᠲᠢᠩᠬᠢᠮ ᠪᠠᠶᠢᠭᠤᠯᠪᠠ ᠃ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠶᠢ ᠠᠬᠢᠭᠤᠯᠵᠤ᠂ ᠠᠵᠤ ᠠᠬᠤᠶᠢᠯᠠᠯ ᠡᠷᠬᠢᠯᠡᠬᠦ ᠭᠠᠷᠳᠠᠮ ᠢ ᠬᠠᠭᠠᠰ ᠠᠵᠢᠯᠯᠠᠬᠤ ᠡᠳᠦᠷ ᠲᠤ ᠳᠠᠭᠤᠰᠬᠠᠵᠤ᠂ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ᠶᠢ 20 ᠡᠳᠦᠷ ᠪᠣᠯᠭᠠᠨ ᠪᠠᠭᠠᠰᠬᠠᠪᠠ ᠃ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠮᠤᠵᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠨᠡᠶᠢᠳᠡᠮ ᠭᠦᠢᠴᠡᠳᠬᠡᠬᠦ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠪᠠ ᠡᠯᠧᠺᠲᠷᠣᠨ ᠲᠠᠮᠠᠭ᠎ᠠ ᠶᠢ ᠰᠠᠯᠠᠭ᠎ᠠ ᠮᠥᠴᠢᠷ ᠠᠯᠤᠰᠯᠠᠨ ᠭᠠᠵᠠᠷ ᠣᠷᠣᠨ ᠠᠯᠤᠰᠯᠠᠨ ᠬᠠᠷᠢᠯᠴᠠᠨ ᠢᠲᠡᠭᠡᠯᠴᠡᠵᠦ ᠬᠠᠷᠢᠯᠴᠠᠨ ᠮᠡᠳᠡᠷᠡᠬᠦ ᠶᠢ ᠪᠡᠶᠡᠯᠡᠭᠦᠯᠵᠡᠢ ᠃

 

ᠢᠷᠡᠯᠲᠡ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ