ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/5/15

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

                                   ᠥᠪᠥᠷ ᠵᠠᠰᠠᠭ ᠲᠠᠷᠬᠠᠭᠠᠭᠰᠠᠨ ﹇ 2023 ﹈ 11 ᠳ᠋ᠦ᠋ᠭᠡᠷ ᠲᠣᠭᠠᠲᠤ

 

      ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄

      ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽ 2 · 22 ︾ ᠤᠨ ᠣᠨᠴᠠ ᠬᠦᠨᠳᠦ ᠶᠡᠭᠡ ᠶᠡᠭᠦᠷᠡᠭᠰᠡᠨ ᠠᠳᠡᠯ ᠤᠨ ᠰᠤᠷᠭᠠᠮᠵᠢ ᠶᠢ ᠭᠦᠨᠵᠡᠭᠡᠢ ᠲᠣᠭᠲᠠᠭᠠᠵᠤ ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ ᠂ ᠠᠶᠤᠯ ᠦᠭᠡᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ ᠂ ᠡᠳᠦᠭᠡ ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠳᠣᠣᠷᠠᠬᠢ ᠮᠡᠲᠦ ᠮᠡᠳᠡᠭᠳᠡᠶ᠎ᠡ ᠃

      ᠨᠢᠭᠡ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠶᠠᠭᠠᠬᠢᠭᠰᠠᠨ ᠴᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠦᠷᠲᠡᠭ ᠪᠣᠯᠭᠠᠵᠤ ᠪᠣᠯᠬᠤ ᠦᠭᠡᠢ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠨ ᠂ ︽ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ︾ ᠢ ᠴᠢᠩᠭ᠎ᠠ ᠬᠡᠷᠡᠭᠵᠢᠭᠦᠯᠵᠦ ᠂ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠂ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠭᠦᠢᠴᠡᠳ ᠴᠢᠩᠭ᠎ᠠ ᠲᠣᠬᠢᠷᠠᠭᠤᠯᠵᠤ ᠂ ᠬᠠᠷᠢᠶ᠎ᠠ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ ᠂ ᠵᠠᠳᠠᠭᠠᠢ ᠨᠡᠭᠦᠷᠡᠰᠦᠨ ᠠᠭᠤᠷᠬᠠᠢ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠲᠥᠬᠦᠷᠵᠢᠭᠦᠯᠦᠨ ᠲᠣᠬᠢᠷᠠᠭᠤᠯᠵᠤ ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠶᠢᠷᠢᠰᠢᠯ ᠢ ᠰᠢᠯᠢᠳᠡᠭᠵᠢᠭᠦᠯᠦᠨ ᠂ ᠵᠠᠳᠠᠭᠠᠢ ᠨᠡᠭᠦᠷᠡᠰᠦᠨ ᠠᠭᠤᠷᠬᠠᠢ ᠶᠢᠨ ᠬᠤᠯᠪᠤᠭᠠᠯᠠᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠦ ᠂ ᠵᠠᠳᠠᠭᠠᠢ ᠨᠡᠭᠦᠷᠡᠰᠦᠨ ᠠᠭᠤᠷᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃

      ᠬᠤᠶᠠᠷ ᠂ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ ᠂ ᠡᠨᠧᠷᠭᠢ ᠶᠢᠨ ᠠᠶᠤᠯ ᠦᠭᠡᠢ ᠦᠢᠯᠡᠳᠪᠦᠷᠢᠯᠡᠯ ᠤᠨ ᠺᠣᠮᠢᠰ ᠨᠢ ᠲᠦᠷᠦᠭᠦᠯᠡᠨ ᠠᠵᠢᠯᠯᠠᠵᠤ ᠶᠡᠷᠦᠩᠬᠡᠢ ᠳᠤ  ᠨᠢ ᠠᠳᠬᠤᠬᠤ ᠦᠢᠯᠡᠳᠦᠯ ᠢᠶᠠᠨ ᠪᠠᠳᠠᠷᠠᠭᠤᠯᠤᠨ ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠭᠠᠵᠠᠷ ᠬᠥᠳᠡᠯᠦᠯᠲᠡ ᠂ ᠴᠠᠭ ᠠᠭᠤᠷ ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠢᠭᠡᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ ᠂ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ ᠂ ᠭᠠᠵᠠᠷ ᠬᠥᠳᠡᠯᠦᠯᠲᠡ ᠂ ᠲᠤᠶᠢᠯ ᠤᠨ ᠭᠠᠢ ᠭᠠᠮᠰᠢᠭᠲᠤ ᠴᠠᠭ ᠠᠭᠤᠷ ᠂ ᠭᠠᠵᠠᠷ ᠰᠢᠨᠵᠢᠯᠡᠭᠡᠨ ᠤ ᠭᠠᠢ ᠭᠠᠮᠰᠢᠭ ᠂ ᠳᠠᠭᠠᠭᠤᠯᠢ ᠣᠳᠣᠨ ᠤ ᠵᠢᠷᠤᠭ ᠳᠦᠷᠰᠦ ᠵᠡᠷᠭᠡ ᠶᠢᠨ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠢ ᠃

      ᠭᠤᠷᠪᠠ ᠂ ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ ᠂ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠂ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ  ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠠᠤᠯᠢ ᠶᠢ ᠴᠢᠩᠭ᠎ᠠ ᠬᠡᠷᠡᠭᠵᠢᠭᠦᠯᠦᠨ ᠂ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠬᠢᠬᠦ ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ︔ ᠵᠠᠳᠠᠭᠠᠢ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠭᠠᠢ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠦᠢᠯᠡᠳᠪᠦᠷᠢᠯᠡᠯ ᠤᠨ ᠪᠠᠶᠢᠳᠠᠯ ᠪᠠ ᠠᠮᠤᠷ ᠲᠦᠪᠰᠢᠨ ᠤ ᠪᠠᠶᠢᠳᠠᠯ ᠢ ᠴᠠᠭ ᠲᠤᠬᠠᠢ ᠳᠤ ᠨᠢ ᠬᠢᠨᠠᠨ ᠡᠵᠡᠮᠳᠡᠬᠦ ᠬᠡᠷᠡᠭᠲᠡᠢ ︔  ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ ᠂ ᠵᠠᠳᠠᠭᠠᠢ ᠨᠡᠭᠦᠷᠡᠰᠦᠨ ᠠᠭᠤᠷᠬᠠᠢ ᠶᠢᠨ ᠪᠣᠳᠠᠲᠠᠢ ᠡᠵᠡᠮᠳᠡᠭᠴᠢ ᠪᠠ ᠪᠣᠳᠠᠲᠠᠢ ᠪᠡᠯᠡ ᠭᠠᠷᠭᠠᠭᠴᠢ ᠵᠡᠷᠭᠡ ︽ ᠵᠠᠩᠭᠢᠯᠠᠭ᠎ᠠ ᠶᠢᠨ ᠬᠥᠮᠥᠨ ︾ ᠪᠠ ᠠᠭᠤᠷᠬᠠᠢ ᠶᠢᠨ ᠳᠠᠷᠤᠭ᠎ᠠ ᠂ ᠶᠡᠷᠦᠩᠬᠡᠢ ᠢᠨᠵᠧᠨᠧᠷ ᠵᠡᠷᠭᠡ ︽ ᠵᠠᠩᠭᠢᠯᠠᠭ᠎ᠠ ᠶᠢᠨ ᠴᠥᠭᠡᠨ ᠲᠣᠭᠠᠲᠠᠨ ︾ ᠢ ᠴᠢᠩᠭ᠎ᠠ ᠠᠩᠬᠠᠷᠤᠨ ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠵᠤ ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ ᠃ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ ᠨᠢ ᠬᠢᠨᠠᠯᠲᠠ ᠲᠠᠯᠪᠢᠨ ᠵᠢᠯᠤᠭᠤᠳᠴᠤ ᠵᠣᠬᠢᠴᠠᠭᠤᠯᠬᠤ ᠠᠵᠢᠯ ᠢᠶᠠᠨ ᠴᠢᠩᠭᠠᠳᠬᠠᠬᠤ ᠬᠡᠷᠡᠭᠲᠡᠢ ᠃

      ᠳᠥᠷᠪᠡ ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠂ ᠪᠣᠳᠠᠲᠠᠢ ᠡᠵᠡᠮᠳᠡᠭᠴᠢ ᠂ ᠪᠣᠳᠠᠲᠠᠢ ᠬᠠᠷᠢᠭᠤᠴᠠᠯᠭᠠᠲᠠᠨ ᠨᠢ ᠡᠷᠬᠡᠪᠰᠢ ᠠᠶᠤᠯ ᠦᠭᠡᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠲᠤᠰ ᠨᠢᠭᠡᠴᠢ ᠶᠢᠨ ᠢᠶᠠᠨ ᠠᠶᠤᠯ ᠦᠭᠡᠢ ᠦᠢᠯᠡᠳᠪᠦᠷᠢᠯᠡᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ︽ᠠᠭᠤᠷᠬᠠᠢ ᠶᠢᠨ ᠲᠠᠪᠤᠨ ᠳᠠᠷᠤᠭ᠎ᠠ ︾ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠠᠭᠤᠷᠬᠠᠢ ᠶᠢᠨ ᠳᠠᠷᠤᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ ᠂ ᠨᠡᠷ᠎ᠡ ᠶᠢᠨ ᠲᠡᠳᠦᠢ ᠵᠢᠵᠢᠭᠦᠷᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠢ ᠃ ᠵᠠᠳᠠᠭᠠᠢ ᠨᠡᠭᠦᠷᠡᠰᠦᠨ ᠠᠭᠤᠷᠬᠠᠢ ᠨᠤᠭᠤᠳ ᠵᠥᠪᠰᠢᠶᠡᠷᠡᠭᠰᠡᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ ᠂ ᠬᠢᠨᠠᠨ ᠰᠢᠨᠵᠢᠬᠦ ᠲᠥᠬᠦᠭᠡᠷᠦᠮᠵᠢ  ᠶᠢ ᠭᠦᠢᠴᠡᠳ ᠲᠡᠭᠦᠯᠳᠡᠷ ᠪᠦᠷᠢᠨ ᠰᠠᠶᠢᠨ ᠪᠠᠶᠢᠯᠭᠠᠵᠤ ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ ᠢ ᠪᠦᠷᠢᠨᠰᠢᠭᠦᠯᠬᠦ ᠶᠢᠨ ᠬᠠᠮᠲᠤ ᠪᠣᠳᠠᠲᠠᠶᠢᠵᠢᠭᠤᠯᠤᠨ ᠬᠡᠷᠡᠭᠵᠢᠭᠦᠯᠬᠦ ᠬᠡᠷᠡᠭᠲᠡᠢ ᠃

      ᠲᠠᠪᠤ ᠂ ᠰᠢᠯᠭᠠᠨ ᠪᠠᠶᠢᠴᠠᠭᠠᠵᠤ ᠬᠡᠮᠵᠢᠨ ᠪᠠᠶᠢᠴᠠᠭᠠᠬᠤ ᠂ ᠵᠢᠷᠤᠭᠯᠠᠨ ᠲᠥᠯᠥᠪᠯᠡᠬᠦ ᠂ ᠦᠨᠡᠯᠡᠬᠦ ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠮᠡᠳᠡᠭᠦᠯᠦᠯᠲᠡ ᠭᠠᠷᠭᠠᠵᠤ ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠃ ᠪᠣᠳᠠᠲᠤ ᠪᠠᠶᠢᠳᠠᠯ ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ ᠂ ︽ ᠬᠠᠷ᠎ᠠ ᠲᠠᠩᠰᠠ ︾ ᠶᠢᠨ ᠬᠠᠮᠢᠶᠠᠷᠤᠯᠲᠠ ᠳᠤ ᠣᠷᠣᠭᠤᠯᠵᠤ ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ ᠃

      ᠵᠢᠷᠭᠤᠭ᠎ᠠ ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠠᠢ ᠬᠠᠮᠲᠤᠷᠠᠨ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢ ᠲᠥᠷᠥᠯ ᠬᠤᠪᠢᠶᠠᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠠᠷᠭ᠎ᠠ ︾ ᠶᠢᠨ ᠱᠠᠭᠠᠷᠳᠠᠯᠭ᠎ᠠ ᠶᠣᠰᠣᠭᠠᠷ ᠂ ᠤᠯᠠᠷᠢᠯ ᠪᠦᠷᠢ ᠵᠠᠳᠠᠭᠠᠢ ᠨᠡᠭᠦᠷᠡᠰᠦᠨ ᠠᠭᠤᠷᠬᠠᠢ ᠶᠢᠨ ᠲᠥᠷᠥᠯ ᠬᠤᠪᠢᠶᠠᠨ ᠲᠠᠰ ᠦᠨᠡᠯᠡᠬᠦ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ ᠂ ᠲᠥᠷᠥᠯ ᠬᠤᠪᠢᠶᠠᠨ ᠲᠠᠰ ᠦᠨᠡᠯᠡᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠨ᠎ᠡ ᠃ ᠵᠠᠳᠠᠭᠠᠢ ᠨᠡᠭᠦᠷᠡᠰᠦᠨ ᠠᠭᠤᠷᠬᠠᠢ ᠶᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ ᠤᠨ ᠰᠢᠨᠵᠢᠯᠡᠬᠦ ᠤᠬᠠᠭᠠᠨᠴᠢ ᠬᠡᠷᠡᠭᠯᠡᠯᠲᠡ ᠶᠢ ᠴᠢᠩᠭᠠᠳᠬᠠᠵᠤ ᠂ C ᠲᠥᠷᠥᠯ ᠤᠨ ᠵᠠᠳᠠᠭᠠᠢ ᠨᠡᠭᠦᠷᠡᠰᠦᠨ ᠠᠭᠤᠷᠬᠠᠢ ᠶᠢ ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠣᠭᠤᠯᠵᠤ ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠂ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ ᠪᠠᠶᠢᠭ᠎ᠠ ᠶᠢ ᠨᠢ ᠴᠥᠮ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠵᠤ ᠂ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰᠬᠠᠢ ᠬᠥᠮᠥᠨ ᠲᠣᠮᠢᠯᠠᠨ ᠬᠠᠷᠠᠭᠤᠯᠤᠨ ᠰᠠᠬᠢᠭᠤᠯᠵᠤ ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠤ ᠬᠠᠮᠲᠤ ᠠᠮᠤᠷ ᠲᠦᠪᠰᠢᠨ ᠤ ᠲᠠᠯ᠎ᠠ ᠪᠠᠷ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢ ᠨᠢ ᠰᠡᠷᠭᠦᠭᠡᠵᠦ ᠪᠣᠯᠣᠨ᠎ᠠ ᠃ ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠂ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠨᠢ C ᠲᠥᠷᠥᠯ ᠤᠨ ᠨᠡᠭᠦᠷᠡᠰᠦᠨ ᠠᠭᠤᠷᠬᠠᠢ ᠶᠢᠨ ᠪᠠᠶᠢᠴᠠᠭᠠᠯᠲᠠ ᠶᠢᠨ ᠳᠠᠪᠲᠠᠮᠵᠢ ᠪᠠᠨ ᠨᠡᠮᠡᠭᠳᠡᠭᠦᠯᠬᠦ ᠬᠡᠷᠡᠭᠲᠡᠢ ᠃ ︽ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠢᠶᠠᠷᠤᠯᠲᠠ ᠶᠢᠨ ᠠᠷᠭ᠎ᠠ ︾ ᠶᠢ ᠴᠢᠩᠭ᠎ᠠ ᠵᠢᠷᠤᠮᠯᠠᠨ C ᠲᠥᠷᠥᠯ ᠤᠨ ᠨᠡᠭᠦᠷᠡᠰᠦᠨ ᠠᠭᠤᠷᠬᠠᠢ ᠳᠤ ᠦᠢᠯᠡᠳᠪᠦᠷᠢᠯᠡᠬᠦ ᠴᠢᠳᠠᠮᠵᠢ ᠶᠢ ᠨᠢ ᠬᠠᠷᠭᠤᠭᠤᠯᠤᠨ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠢ ᠃

      ᠳᠣᠯᠤᠭ᠎ᠠ ᠂ ᠵᠠᠳᠠᠭᠠᠢ ᠨᠡᠭᠦᠷᠡᠰᠦᠨ ᠠᠭᠤᠷᠬᠠᠢ ᠳᠤ ︽ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠳᠡᠯ ᠤᠨ ᠲᠠᠯᠲᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︾ ᠳᠤ ᠲᠣᠳᠣᠷᠬᠠᠶᠢᠯᠠᠭᠰᠠᠨ ᠬᠦᠨᠳᠦ ᠶᠡᠭᠡ ᠠᠳᠡᠯ ᠤᠨ ᠳᠠᠯᠳᠠ ᠭᠡᠮ ᠤᠨ ᠪᠠᠶᠢᠳᠠᠯ ᠤᠨ ᠨᠢᠭᠡ  ᠨᠢ ᠪᠠᠶᠢᠪᠠᠯ ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠦᠯᠦᠨ᠎ᠡ ︔ ︽ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︾ ᠠᠴᠠ ᠭᠠᠳᠠᠨᠠᠬᠢ ᠡᠩ ᠤᠨ ᠳᠠᠯᠳᠠ ᠭᠡᠮ ᠣᠷᠣᠰᠢᠵᠤ ᠪᠠᠶᠢᠪᠠᠯ ᠂ ᠵᠠᠷᠯᠢᠭᠳᠠᠵᠤ ᠪᠠᠶᠢᠭᠠᠳ ᠳᠠᠯᠳᠠ ᠭᠡᠮ ᠢ ᠲᠡᠷᠡ ᠳᠠᠷᠤᠢ ᠳᠤ ᠨᠢ ᠠᠷᠢᠯᠭᠠᠬᠤ ᠪᠤᠶᠤ ᠬᠤᠭᠤᠴᠠᠭ᠎ᠠ ᠬᠢᠵᠠᠭᠠᠷᠯᠠᠨ ᠠᠷᠢᠯᠭᠠᠭᠤᠯᠬᠤ ᠬᠡᠷᠡᠭᠲᠡᠢ ᠂ ᠬᠡᠷᠡᠭᠵᠢᠭᠦᠯᠬᠦ  ᠶᠢ ᠲᠡᠪᠴᠢᠪᠡᠯ ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃

      ᠨᠠᠢᠮᠠ ᠂ ᠵᠠᠳᠠᠭᠠᠢ ᠨᠡᠭᠦᠷᠡᠰᠦᠨ ᠠᠭᠤᠷᠬᠠᠢ  ᠨᠢ ᠰᠠᠷ᠎ᠠ ᠪᠦᠷᠢ ᠳᠤ ᠬᠠᠷᠢᠶ᠎ᠠ ᠭᠠᠵᠠᠷ ᠤᠨ ᠢᠶᠠᠨ ᠨᠡᠭᠦᠷᠡᠰᠦᠨ ᠠᠭᠤᠷᠬᠠᠢ ᠶᠢᠨ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠂ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠲᠤ ᠳᠡᠭᠲᠡᠷ ᠤᠨ ᠥᠨᠳᠥᠷ ᠤᠨ ᠬᠡᠮᠵᠢᠶ᠎ᠡ ᠵᠡᠷᠭᠡ ᠠᠶᠤᠯ ᠦᠭᠡᠢ ᠦᠢᠯᠡᠳᠪᠦᠷᠢᠯᠡᠯ ᠤᠨ ᠬᠦᠴᠦᠨ ᠵᠦᠢᠯ ᠢ ᠮᠡᠳᠡᠭᠦᠯᠵᠦ ᠂ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠳᠤ ᠨᠡᠶᠢᠲᠡᠯᠡᠬᠦ ᠬᠡᠷᠡᠭᠲᠡᠢ ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠣᠯᠵᠤ ᠮᠡᠳᠡᠪᠡᠯ ᠂ ᠬᠠᠤᠯᠢ ᠲᠣᠭᠲᠠᠭᠠᠯ ᠶᠣᠰᠣᠭᠠᠷ ᠰᠢᠢᠳᠬᠡᠯ ᠲᠣᠷᠭᠠᠭᠤᠯᠢ ᠥᠭᠬᠦ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ ᠃

      ᠶᠢᠰᠦ ᠂ ᠵᠠᠳᠠᠭᠠᠢ ᠨᠡᠭᠦᠷᠡᠰᠦᠨ ᠠᠭᠤᠷᠬᠠᠢ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ ᠬᠥᠳᠡᠯᠦᠯᠲᠡ ᠶᠢ ᠬᠢᠨᠠᠨ ᠰᠢᠨᠵᠢᠬᠦ ᠲᠤᠰᠬᠠᠢ ᠥᠷᠲᠡᠭᠡ ᠰᠦᠯᠵᠢᠶ᠎ᠡ ᠂ ᠬᠠᠵᠠᠭᠤ ᠪᠡᠯ ᠤᠨ ᠷᠠᠳᠠᠷ ᠢ ᠪᠠᠭᠲᠠᠭᠠᠭᠰᠠᠨ ᠬᠠᠵᠠᠭᠤ ᠪᠡᠯ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ ᠢ ᠪᠠᠶᠢᠭᠤᠯᠵᠤ ᠂ 24 ᠴᠠᠭ ᠤᠨ ᠰᠦᠯᠵᠢᠶᠡᠨ ᠳᠡᠭᠡᠷ᠎ᠡ ᠬᠢᠨᠠᠨ ᠰᠢᠨᠵᠢᠬᠦ ᠶᠢ ᠬᠡᠷᠡᠭᠵᠢᠭᠦᠯᠬᠦ ᠶᠢᠨ ᠬᠠᠮᠲᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠯᠦᠭᠡ ᠰᠦᠯᠵᠢᠶ᠎ᠡ ᠪᠠᠨ ᠬᠤᠯᠪᠣᠬᠤ ᠬᠡᠷᠡᠭᠲᠡᠢ ᠃ ᠬᠠᠵᠠᠭᠤ ᠪᠡᠯ ᠤᠨ ᠵᠥᠷᠢᠭᠳᠡᠯ ᠂ ᠮᠠᠯᠲᠠᠵᠤ ᠬᠤᠭᠤᠰᠤᠷᠠᠭᠤᠯᠤᠭᠰᠠᠨ ᠣᠷᠣᠨ ᠂ ᠬᠠᠶᠠᠭᠳᠠᠮᠠᠯ ᠭᠤᠳᠤᠮᠵᠢᠨ ᠵᠠᠮ ᠵᠡᠷᠭᠡ ᠭᠠᠮᠰᠢᠭ ᠤᠴᠠᠷᠠᠭᠤᠯᠬᠤ ᠨᠢᠭᠤᠭᠳᠠᠮᠠᠯ ᠬᠦᠴᠦᠨ ᠵᠦᠢᠯ ᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠵᠤ ᠂ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ ᠂ ᠵᠠᠰᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠠᠭᠤᠷᠬᠠᠢ ᠮᠠᠯᠲᠠᠬᠤ ᠲᠠᠯᠠᠪᠤᠷ ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ ᠲᠤ ᠡᠷᠬᠡᠪᠰᠢ ᠵᠠᠷᠯᠠᠨ ᠮᠡᠳᠡᠭᠳᠡᠬᠦ ᠫᠠᠶᠢᠰᠠ ᠲᠠᠯᠪᠢᠵᠤ ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠲᠦᠭᠰᠢᠭᠦᠷᠢ ᠶᠢ ᠲᠣᠳᠣᠷᠬᠠᠢ ᠪᠢᠴᠢᠵᠦ ᠂ ᠠᠵᠢᠯᠯᠠᠬᠤ ᠬᠥᠮᠥᠰ ᠲᠤ ᠠᠶᠤᠯ ᠠᠴᠠ ᠪᠠᠴᠢᠮ ᠵᠠᠶᠢᠯᠠᠬᠤ ᠪᠠᠶᠢᠳᠠᠯ ᠪᠠ ᠡᠷᠬᠡ ᠶᠢ ᠲᠣᠳᠣᠷᠬᠠᠢ ᠬᠡᠯᠡᠵᠦ ᠥᠭᠬᠦ ᠬᠡᠷᠡᠭᠲᠡᠶ ︔  ᠪᠡᠯ ᠶᠡᠭᠦᠷᠡᠬᠦ ᠪᠠ ᠨᠤᠷᠠᠵᠤ ᠴᠥᠮᠥᠷᠡᠬᠦ ᠵᠡᠷᠭᠡ ᠠᠳᠡᠯ ᠭᠠᠷᠬᠤ ᠰᠢᠨᠵᠢ ᠮᠠᠶ᠋ᠢᠭ ᠲᠠᠢ ᠪᠠᠶᠢᠪᠠᠯ ᠂ ᠡᠷᠬᠡᠪᠰᠢ ᠲᠡᠷᠡ ᠳᠠᠷᠤᠢ ᠳᠤ ᠨᠢ ᠠᠵᠢᠯᠯᠠᠬᠤ ᠪᠠᠨ ᠪᠠᠶᠢᠵᠤ ᠂ ᠬᠥᠮᠥᠰ ᠢ ᠵᠠᠶᠢᠯᠠᠭᠤᠯᠤᠨ ᠶᠠᠪᠤᠭᠤᠯᠬᠤ ᠬᠡᠷᠡᠭᠲᠡᠢ ᠃

      ᠠᠷᠪᠠ ᠂ ᠵᠠᠳᠠᠭᠠᠢ ᠨᠡᠭᠦᠷᠡᠰᠦᠨ ᠠᠭᠤᠷᠬᠠᠢ ᠶᠢᠨ ᠪᠠᠷᠢᠯᠭ᠎ᠠ ᠳᠠᠭᠠᠭᠠᠴᠢᠯᠠᠭᠰᠠᠨ ᠨᠢᠭᠡᠴᠢ ᠳᠠᠬᠢ ᠠᠶᠤᠯ ᠦᠭᠡᠢ ᠶᠢᠨ ᠬᠠᠮᠢᠶᠠᠷᠤᠯᠲᠠ ᠪᠠᠨ ᠡᠷᠬᠡᠪᠰᠢ ᠴᠢᠩᠭᠠᠳᠬᠠᠬᠤ ᠬᠡᠷᠡᠭᠲᠡᠢ ᠃ ᠨᠡᠭᠦᠷᠡᠰᠦ ᠮᠠᠯᠲᠠᠬᠤ ᠪᠠᠷᠢᠯᠭ᠎ᠠ ᠶᠢ ᠭᠠᠳᠠᠭᠰᠢ ᠳᠠᠭᠠᠭᠠᠴᠢᠯᠠᠭᠤᠯᠵᠤ ᠪᠣᠯᠬᠤ ᠦᠭᠡᠢ ︔ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠠᠴᠠ ᠳᠣᠷᠣᠭᠰᠢᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 1 ᠠᠴᠠ ᠬᠡᠲᠦᠷᠡᠵᠦ ᠪᠣᠯᠬᠤ ᠦᠭᠡᠢ ᠂ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠵᠢᠴᠢ ᠲᠡᠭᠦᠨ ᠠᠴᠠ ᠳᠡᠭᠡᠭᠰᠢᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 2 ᠠᠴᠠ ᠬᠡᠲᠦᠷᠡᠵᠦ ᠪᠣᠯᠬᠤ ᠦᠭᠡᠢ ᠃ ᠳᠠᠭᠠᠭᠠᠴᠢᠯᠠᠭᠰᠠᠨ ᠨᠢᠭᠡᠴᠢ ᠨᠦᠭᠦᠳ ᠨᠢ ᠲᠤᠰ ᠠᠭᠤᠷᠬᠠᠢ ᠶᠢᠨ ᠡᠩᠨᠡᠭᠡ ᠯᠦᠭᠡ ᠪᠠᠷᠢᠮᠵᠢᠶ᠎ᠠ ᠪᠠᠨ ᠨᠢᠭᠡᠳᠦᠯᠲᠡᠢ ᠪᠣᠯᠭᠠᠵᠤ ᠂ ᠨᠢᠭᠡᠳᠦᠯᠲᠡᠢ ᠬᠠᠮᠢᠶᠠᠷᠬᠤ ᠬᠡᠷᠡᠭᠲᠡᠢ ᠃ ᠵᠠᠳᠠᠭᠠᠢ ᠨᠡᠭᠦᠷᠡᠰᠦᠨ ᠠᠭᠤᠷᠬᠠᠢ ᠶᠢᠨ ᠳᠠᠭᠠᠭᠠᠴᠢᠯᠠᠯᠲᠠ ᠵᠠᠷᠯᠠᠬᠤ ᠳᠤ ᠲᠣᠰ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠯᠡᠨ ᠂ ᠪᠠᠷᠢᠯᠭ᠎ᠠ ᠳᠠᠭᠠᠭᠠᠴᠢᠯᠠᠬᠤ ᠨᠢᠭᠡᠴᠢ ᠶᠢᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ ︔ ᠳᠠᠭᠠᠭᠠᠴᠢᠯᠠᠯᠲᠠ ᠵᠠᠷᠯᠠᠯᠲᠠ ᠶᠢᠨ ᠳᠣᠣᠷ᠎ᠠ ᠬᠢᠵᠠᠭᠠᠷ ᠦᠨ᠎ᠡ ᠶᠢ ᠲᠣᠭᠲᠠᠭᠠᠬᠤ ᠶᠢᠨ ᠬᠠᠮᠲᠤ ᠳᠠᠭᠠᠭᠠᠴᠢᠯᠠᠯᠲᠠ ᠬᠦᠯᠢᠶᠡᠬᠦ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠂ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠳᠠᠭᠠᠭᠠᠴᠢᠯᠠᠯᠲᠠ ᠣᠨᠣᠬᠤ ᠠᠵᠤ ᠠᠬᠤᠶᠢᠯᠠᠯ ᠢ ᠲᠣᠭᠲᠠᠭᠠᠬᠤ ᠬᠡᠷᠡᠭᠲᠡᠢ ᠂ ᠳᠥᠭᠦᠮᠬᠡᠨ ᠢᠶᠠᠷ ᠬᠠᠮᠤᠭ ᠤᠨ ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠭᠠᠵᠤ ᠪᠣᠯᠬᠤ ᠦᠭᠡᠢ ᠃ ᠳᠠᠭᠠᠭᠠᠴᠢᠯᠠᠬᠤ ᠨᠢᠭᠡᠴᠢ ᠶᠢᠨ ᠬᠢᠨ ᠳᠠᠭᠠᠭᠠᠴᠢᠯᠠᠭᠰᠠᠨ ᠪᠠᠷᠢᠯᠭ᠎ᠠ ᠶᠢᠨ ᠭᠤᠣᠯ ᠴᠣᠭᠴᠠ ᠶᠢ ᠬᠤᠪᠢᠶᠠᠨ ᠳᠠᠭᠠᠭᠠᠴᠢᠯᠠᠭᠤᠯᠬᠤ ᠶᠢ ᠨᠢ ᠴᠠᠭᠠᠵᠠᠯᠠᠵᠤ ᠂ ᠳᠠᠭᠠᠭᠠᠴᠢᠯᠠᠭᠰᠠᠨ ᠨᠢᠭᠡᠴᠢ ᠲᠡᠭᠦᠨ ᠤ ᠥᠪᠡᠷ ᠤᠨ ᠳᠠᠭᠠᠭᠠᠨ ᠠᠪᠤᠭᠰᠠᠨ ᠪᠠᠷᠢᠯᠭ᠎ᠠ ᠪᠠᠨ ᠰᠢᠯᠵᠢᠭᠦᠯᠦᠨ ᠳᠠᠭᠠᠭᠠᠴᠢᠯᠠᠭᠤᠯᠬᠤ ᠶᠢ ᠴᠠᠭᠠᠵᠠᠯᠠᠬᠤ ᠬᠡᠷᠡᠭᠲᠡᠢ ᠃

      ᠠᠷᠪᠠᠨ ᠨᠢᠭᠡ ᠂ ᠵᠠᠳᠠᠭᠠᠢ ᠨᠡᠭᠦᠷᠡᠰᠦᠨ ᠠᠭᠤᠷᠬᠠᠢ ᠪᠣᠯ ᠬᠠᠤᠯᠢ ᠲᠣᠭᠲᠠᠭᠠᠯ ᠶᠣᠰᠣᠭᠠᠷ ᠪᠦᠬᠦ ᠠᠵᠢᠯᠯᠠᠭᠰᠠᠳ ᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠨ ᠥᠭᠴᠦ ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠭᠤᠯᠬᠤ ᠬᠡᠷᠡᠭᠲᠡᠢ ᠃

      ᠠᠷᠪᠠᠨ ᠬᠤᠶᠠᠷ ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠠᠪᠴᠠᠩ ᠂ ᠠᠳᠠᠯᠢ ᠨᠢᠭᠡ ᠤᠬᠤᠵᠤ ᠮᠠᠯᠲᠠᠬᠤ ᠪᠦᠰᠡ ᠂ ᠮᠠᠯᠲᠠᠵᠤ ᠱᠠᠭᠠᠯᠬᠤ ᠲᠥᠬᠦᠭᠡᠷᠦᠮᠵᠢ ᠶᠢᠨ ᠬᠤᠭᠤᠷᠣᠨᠳᠤᠬᠢ ᠠᠮᠤᠷ ᠲᠦᠪᠰᠢᠨ ᠤ ᠵᠠᠢ ᠨᠢ 50 ᠮᠧᠲᠷ ᠠᠴᠠ ᠣᠶᠢᠷ᠎ᠠ ᠪᠠᠶᠢᠵᠤ ᠪᠣᠯᠬᠤ ᠦᠭᠡᠢ ᠂ ᠲᠡᠭᠡᠭᠡᠪᠦᠷᠢ ᠶᠢᠨ ᠲᠥᠬᠦᠭᠡᠷᠦᠮᠵᠢ ᠶᠢᠨ ᠬᠤᠭᠤᠷᠣᠨᠳᠤᠬᠢ ᠠᠮᠤᠷ ᠲᠦᠪᠰᠢᠨ ᠤ ᠵᠠᠢ ᠨᠢ 30 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ ᠃ 300 ᠮᠧᠲᠷ ᠤᠨ ᠠᠵᠢᠯᠯᠠᠬᠤ ᠱᠤᠭᠤᠮ ᠤᠨ ᠬᠡᠪᠴᠢᠶᠡᠨ ᠳᠣᠲᠣᠷ᠎ᠠ ᠂ ᠳᠡᠭᠡᠷ᠎ᠡ ᠠᠴᠠ ᠳᠣᠷᠣᠭᠰᠢ ᠪᠦᠬᠦ ᠳᠡᠭᠲᠡᠷ ᠲᠤ ᠳᠠᠩ ᠡᠭᠡᠯᠵᠢ ᠶᠢᠨ ᠠᠵᠢᠯᠯᠠᠬᠤ ᠬᠥᠮᠥᠨ ᠤ ᠲᠤᠭ᠎ᠠ ᠨᠢ 29 ᠬᠥᠮᠥᠨ ᠠᠴᠠ ᠢᠯᠡᠭᠦᠦ ᠪᠠᠶᠢᠵᠤ ᠪᠣᠯᠬᠤ ᠦᠭᠡᠢ ᠃

      ᠠᠷᠪᠠᠨ ᠭᠤᠷᠪᠠ ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠲᠠᠢ ᠬᠠᠮᠲᠤᠷᠠᠨ ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠂ ᠦᠢᠯᠡᠳᠪᠦᠷᠢᠯᠡᠯ ᠪᠠ ᠠᠵᠢᠯ ᠢᠶᠠᠨ ᠵᠣᠭᠰᠣᠭᠠᠭᠰᠠᠨ ᠰᠢᠯᠲᠠᠭᠠᠨ ᠂ ᠦᠢᠯᠡᠳᠪᠦᠷᠢᠯᠡᠯ ᠪᠠ ᠠᠵᠢᠯ ᠢᠶᠠᠨ ᠰᠡᠷᠭᠦᠭᠡᠭᠰᠡᠨ ᠴᠣᠬᠤᠯᠠᠪᠤᠷᠢ ᠵᠡᠷᠭᠡ ᠪᠠᠶᠢᠳᠠᠯ ᠢ ᠴᠠᠭ ᠲᠤᠬᠠᠢ ᠳᠤ ᠨᠢ ᠨᠡᠶᠢᠭᠡᠮ ᠳᠤ ᠢᠯᠡ ᠪᠣᠯᠭᠠᠵᠤ ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ ᠃

      ᠠᠷᠪᠠᠨ ᠳᠥᠷᠪᠡ ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠂ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ ᠂ ᠨᠡᠭᠦᠷᠡᠰᠦᠨ ᠠᠭᠤᠷᠬᠠᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠂ ᠠᠭᠤᠷᠬᠠᠢ ᠶᠢᠨ ᠠᠶᠤᠯ ᠦᠭᠡᠢ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ ᠂ ᠨᠡᠶᠢᠭᠡᠮ ᠳᠤ ᠢᠯᠡᠴᠢᠯᠡᠨ ᠮᠡᠳᠡᠭᠦᠯᠬᠦ ᠤᠲᠠᠰᠤ ᠪᠠᠨ ᠢᠯᠡ ᠪᠣᠯᠭᠠᠵᠤ ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ ᠃

      ᠠᠷᠪᠠᠨ ᠲᠠᠪᠤ ᠂ ᠵᠠᠳᠠᠭᠠᠢ ᠨᠡᠭᠦᠷᠡᠰᠦᠨ ᠠᠭᠤᠷᠬᠠᠢ ᠳᠤ ︽ ᠳᠥᠷᠪᠡᠨ ᠨᠢᠭᠡ ᠪᠦᠯᠦᠭ ︾ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ ᠃

      ︵ ᠨᠢᠭᠡ ︶ ᠨᠢᠭᠡ ᠪᠦᠯᠦᠭ ᠢ ᠬᠠᠭᠠᠯᠭᠠᠨ ᠵᠣᠭᠰᠣᠭᠠᠵᠤ ᠪᠤᠴᠠᠭᠠᠨ ᠭᠠᠷᠭᠠᠨ᠎ᠠ ᠃ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠠᠮᠤᠷ ᠲᠦᠪᠰᠢᠨ ᠤ ᠨᠥᠬᠦᠴᠡᠯ ᠳᠤ ᠬᠦᠷᠴᠦ ᠳᠡᠶᠢᠯᠬᠦ ᠦᠭᠡᠢ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠬᠠᠭᠠᠯᠭᠠᠨ ᠵᠣᠭᠰᠣᠭᠠᠵᠤ ᠪᠤᠴᠠᠭᠠᠨ ᠭᠠᠷᠭᠠᠬᠤ ᠬᠡᠷᠡᠭᠲᠡᠢ ᠃

      ︵ ᠬᠤᠶᠠᠷ ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ ᠃ ᠡᠬᠢ ᠪᠠᠶᠠᠯᠢᠭ ᠤᠨ ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠤᠰᠤ ᠂ ᠵᠦᠢ ᠵᠣᠬᠢᠰ ᠦᠭᠡᠢ ᠪᠠᠶᠢᠵᠤ ᠂ ᠠᠭᠤᠷᠬᠠᠢ ᠶᠢᠨ ᠰᠠᠪᠠ ᠶᠢᠨ ᠲᠠᠯᠠᠪᠠᠢ  ᠨᠢ ᠪᠠᠭ᠎ᠠ ᠂ ᠬᠡᠪ ᠤᠨ ᠮᠠᠯᠲᠠᠵᠤ ᠴᠡᠪᠡᠷᠯᠡᠬᠦ ᠠᠵᠢᠯ ᠢ ᠪᠡᠶᠡᠯᠡᠭᠦᠯᠬᠦ ᠶᠢᠨ ᠠᠷᠭ᠎ᠠ ᠦᠭᠡᠢ ᠂ ᠡᠰᠡᠬᠦᠯ᠎ᠡ ᠬᠠᠵᠠᠭᠤ ᠬᠠᠪᠢ ᠪᠠᠷ ᠬᠢ ᠨᠡᠭᠦᠷᠡᠰᠦᠨ ᠠᠭᠤᠷᠬᠠᠢ ᠠᠶᠤᠯ ᠦᠭᠡᠢ ᠦᠢᠯᠡᠳᠪᠦᠷᠢᠯᠡᠯ ᠢ ᠨᠢ ᠨᠥᠯᠥᠭᠡᠯᠡᠵᠦ ᠪᠠᠶᠢᠭ᠎ᠠ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠂ ᠵᠢᠵᠢᠭ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠲᠣᠮᠣ ᠬᠡᠯᠪᠡᠷᠢ ᠶᠢᠨ ᠠᠭᠤᠷᠬᠠᠢ ᠲᠡᠶᠢᠰᠢ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ ᠂ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠬᠤ ᠂ ᠨᠡᠭᠡᠭᠡᠨ ᠮᠠᠯᠲᠠᠬᠤ ᠶᠢ ᠣᠶᠤᠨᠴᠢᠯᠠᠬᠤ ᠂ ᠲᠣᠨᠤᠭ ᠲᠥᠬᠦᠭᠡᠷᠦᠮᠵᠢ ᠶᠢ ᠬᠦᠨᠳᠦ ᠬᠡᠯᠪᠡᠷᠢᠵᠢᠭᠦᠯᠬᠦ ᠂ ᠡᠩᠨᠡᠭᠡ ᠶᠢ ᠲᠤᠰᠬᠠᠶᠢᠵᠢᠭᠤᠯᠬᠤ ᠂ ᠬᠠᠮᠢᠶᠠᠷᠤᠯᠲᠠ ᠶᠢ ᠨᠠᠷᠢᠯᠢᠭᠵᠢᠭᠤᠯᠬᠤ ᠪᠠ ᠠᠮᠢ ᠠᠬᠤᠢ ᠶᠢ ᠡᠬᠢ ᠪᠠᠶᠠᠯᠢᠭᠵᠢᠭᠤᠯᠬᠤ ᠶᠢ ᠪᠡᠶᠡᠯᠡᠭᠦᠯᠬᠦ ᠬᠡᠷᠡᠭᠲᠡᠢ ᠃

      ︵ ᠭᠤᠷᠪᠠ ︶ ᠨᠢᠭᠡ ᠪᠦᠯᠦᠭ ᠢ ᠥᠭᠡᠷᠡᠴᠢᠯᠡᠨ ᠰᠠᠶᠢᠵᠢᠷᠠᠭᠤᠯᠤᠨ᠎ᠠ ᠃ ᠣᠲᠣ ᠶᠢᠨ ᠪᠠᠶᠢᠭ᠎ᠠ ᠬᠠᠳᠠᠭᠠᠯᠠᠭᠳᠠᠴᠠ ᠪᠠᠷ ᠠᠷᠪᠢᠨ ᠂ ᠲᠤᠬᠠᠢ ᠶᠢᠨ ᠲᠠᠯᠠᠪᠤᠷ ᠢ ᠰᠠᠶᠢᠲᠤᠷ ᠬᠠᠮᠢᠶᠠᠷᠤᠭᠰᠠᠨ ᠂ ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ ᠨᠢ ᠰᠠᠶᠢᠨ ᠪᠠᠶᠢᠬᠤ ᠵᠠᠳᠠᠭᠠᠢ ᠨᠡᠭᠦᠷᠡᠰᠦᠨ ᠠᠭᠤᠷᠬᠠᠢ ᠳᠤ ᠵᠢᠯᠣᠭᠤᠴᠢ ᠦᠭᠡᠢ ᠂ ᠬᠠᠵᠠᠭᠤ ᠪᠠᠯ ᠤᠨ ᠷᠠᠳᠠᠷ ᠤᠨ ᠬᠢᠨᠠᠨ ᠰᠢᠨᠵᠢᠯᠲᠡ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ ᠂ ᠣᠶᠤᠨᠴᠢᠯᠠᠯᠲᠠ ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠪᠠᠷ ᠳᠠᠮᠵᠢᠭᠤᠯᠤᠨ ᠂ ᠠᠶᠤᠯ ᠦᠭᠡᠢ ᠦᠢᠯᠡᠳᠪᠦᠷᠢᠯᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠃      ︵ ᠳᠥᠷᠪᠡ ︶ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠦᠨ᠎ᠡ ᠃ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠣᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠭᠦᠢᠴᠡᠳ ᠤᠶᠠᠯᠳᠤᠭᠤᠯᠤᠨ ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ ᠂ ᠣᠳᠣᠬᠢᠴᠢᠯᠠᠭᠰᠠᠨ ᠲᠣᠮᠣ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠰᠢᠨ᠎ᠡ ᠪᠠᠷ ᠪᠠᠶᠢᠭᠤᠯᠬᠤ ᠬᠡᠷᠡᠭᠲᠡᠢ ᠃

      ᠠᠷᠪᠠᠨ ᠵᠢᠷᠭᠤᠭ᠎ᠠ ᠂ ᠡᠯ᠎ᠡ ᠭᠠᠵᠠᠷ ᠣᠷᠣᠨ  ᠨᠢ ᠵᠠᠳᠠᠭᠠᠢ ᠨᠡᠭᠦᠷᠡᠰᠦᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠭᠠᠵᠠᠷ ᠰᠢᠷᠣᠢ ᠶᠢᠨ ᠠᠰᠢᠭᠯᠠᠯᠲᠠ ᠂ ᠠᠭᠤᠷᠬᠠᠢ ᠶᠢᠨ ᠠᠵᠢᠯ ᠲᠦᠷᠦᠯ ᠤᠨ ᠡᠷᠬᠡ ᠳᠠᠪᠬᠤᠴᠠᠭᠰᠠᠨ ᠵᠡᠷᠭᠡ ᠲᠣᠪᠣᠶᠢᠮ᠎ᠠ ᠠᠰᠠᠭᠤᠳᠠᠯ  ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠵᠦ ᠂ ᠬᠠᠵᠠᠭᠤ ᠬᠠᠪᠢ ᠪᠠᠷ ᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠳᠠᠷᠤᠭᠳᠠᠵᠤ ᠪᠠᠶᠢᠭ᠎ᠠ ᠮᠠᠯᠲᠠᠭ᠎ᠠ ᠦᠭᠡᠢ ᠨᠡᠭᠦᠷᠡᠰᠦᠨ ᠤ ᠠᠰᠠᠭᠤᠳᠠᠯ  ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠃

      ᠠᠷᠪᠠᠨ ᠳᠣᠯᠤᠭ᠎ᠠ ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠲᠣᠬᠢᠷᠠᠭᠤᠯᠤᠯᠲᠠ ᠂ ᠮᠠᠯᠲᠠᠵᠤ ᠪᠣᠯᠬᠤ ᠬᠦᠷᠢᠶ᠎ᠡ ᠬᠡᠪᠴᠢᠶ᠎ᠡ ᠂ ᠭᠠᠢ ᠭᠠᠮᠰᠢᠭ ᠤᠨ ᠲᠦᠭᠰᠢᠭᠦᠷᠢ ᠵᠡᠷᠭᠡ ᠬᠦᠴᠦᠨ ᠵᠦᠢᠯ  ᠤᠳ ᠢ ᠶᠡᠷᠦᠩᠬᠡᠶᠢᠯᠡᠨ ᠪᠣᠳᠣᠯᠬᠢᠯᠠᠵᠤ ᠂ ᠰᠢᠨᠵᠢᠯᠡᠬᠦ ᠤᠬᠠᠭᠠᠨᠴᠢ ᠪᠠᠷ ᠨᠤᠲᠠᠯᠠᠨ ᠂ ᠵᠠᠳᠠᠭᠠᠢ ᠨᠡᠭᠦᠷᠡᠰᠦᠨ ᠠᠭᠤᠷᠬᠠᠢ ᠠᠴᠠ ᠠᠭᠤᠷᠬᠠᠢ ᠶᠢᠨ ᠬᠤᠳᠳᠤᠭ ᠲᠤ ᠂ ᠠᠭᠤᠷᠬᠠᠢ ᠶᠢᠨ ᠬᠤᠳᠳᠤᠭ ᠠᠴᠠ ᠵᠠᠳᠠᠭᠠᠢ ᠨᠡᠭᠦᠷᠡᠰᠦᠨ ᠠᠭᠤᠷᠬᠠᠢ ᠳᠤ ᠮᠠᠯᠲᠠᠬᠤ ᠪᠣᠯᠭᠠᠨ ᠬᠤᠪᠢᠷᠠᠭᠠᠬᠤ ᠨᠡᠭᠦᠷᠡᠰᠦᠨ ᠠᠭᠤᠷᠬᠠᠢ ᠶᠢᠨ ᠲᠥᠷᠥᠯ ᠵᠦᠢᠯ  ᠢ ᠬᠢᠨᠠᠨ ᠵᠥᠪᠰᠢᠶᠡᠷᠡᠬᠦ ᠭᠤᠭᠴᠤᠭ᠎ᠠ ᠶᠢ ᠴᠢᠩᠭ᠎ᠠ ᠠᠳᠬᠤᠬᠤ ᠬᠡᠷᠡᠭᠲᠡᠢ ᠃

      ᠠᠷᠪᠠᠨ ᠨᠠᠢᠮᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯᠲᠠᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠵᠣᠷᠢᠭᠲᠠᠢ ᠪᠠᠷ ᠲᠡᠮᠡᠴᠡᠵᠦ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠶᠠᠪᠤᠴᠠ ᠳᠤ ᠠᠮᠵᠢᠯᠲᠠ ᠪᠦᠲᠦᠮᠵᠢ ᠪᠠᠷ ᠳᠣᠪᠣᠶᠢᠭᠰᠠᠨ ᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠶᠢᠨ ᠦᠶ᠎ᠡ ᠳᠤ ᠢᠳᠡᠪᠬᠢᠲᠡᠢ ᠪᠠᠷ ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ ︔ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃

                                            2023 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ

 

                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                 2023 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ

      ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ