ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠭᠴᠤᠭ᠎ᠠ ᠶᠢ ᠪᠠᠭᠠᠰᠬᠠᠵᠦ᠂ ᠮᠠᠲ᠋ᠧᠷᠢᠶᠠᠯ ᠢ ᠴᠤᠮᠬᠠᠳᠬᠠᠨ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠩᠨᠡᠯᠳᠡ ᠶᠢᠨ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ
ᠨᠡᠶᠢᠲᠡᠯᠡᠭᠰᠡᠨ ᠴᠠᠭ᠄
2023/5/16

    ᠡᠨᠡ ᠵᠢᠯ ᠠᠴᠠ ᠨᠠᠰᠢ᠂ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠰᠢᠯᠢ ᠶᠢᠨ ᠭᠤᠣᠯ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠷᠪᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠭᠤᠭᠴᠤᠭ᠎ᠠ ᠪᠠ ᠮᠠᠲ᠋ᠧᠷᠢᠶᠠᠯ ᠤᠨ ᠴᠢᠬᠤᠯᠠ ᠨᠥᠬᠦᠴᠡᠯ ᠢ ᠤᠯᠠᠮ ᠨᠢᠭᠡ ᠠᠯᠬᠤᠮ ᠪᠠᠭᠠᠰᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠥᠪᠰᠢᠶᠡᠷᠡᠯ ᠤᠨ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ᠂ ᠣᠯᠠᠨ ᠲᠦᠮᠡᠨ ᠤ ᠣᠶᠢᠯᠠᠭᠠᠯᠲᠠ ᠶᠢᠨ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃

    ᠨᠢᠭᠡ ᠳᠤ ᠂ ᠭᠤᠭᠴᠤᠭ᠎ᠠ ᠶᠢ ᠪᠠᠭᠠᠰᠬᠠᠵᠦ ᠂ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠭᠦᠯᠪᠡ ᠃ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠬᠦᠴᠢᠷᠳᠡᠯᠲᠦ ᠠᠰᠠᠭᠤᠳᠠᠯ ᠢ ᠡᠮᠬᠢᠯᠡᠨ ᠳᠢᠭᠯᠡᠵᠦ᠂ ᠬᠢᠨᠠᠨ ᠵᠥᠪᠰᠢᠶᠡᠷᠡᠬᠦ ᠰᠢᠰᠲ᠋ᠧᠮ ᠤᠨ ᠴᠢᠳᠠᠮᠵᠢ ᠶᠢᠨ ᠡᠷᠬᠡ ᠮᠡᠳᠡᠯ ᠤᠨ ᠬᠡᠪᠴᠢᠶ᠎ᠡ ᠳᠤ ᠵᠠᠰᠠᠪᠤᠷᠢ ᠣᠷᠣᠭᠤᠯᠬᠤ ᠪᠠᠷ ᠳᠡᠮᠵᠢᠨ᠂ ᠭᠤᠷᠪᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠭᠤᠭᠴᠤᠭ᠎ᠠ ᠶᠢ 5 ᠪᠠᠶᠢᠭᠰᠠᠨ ᠠᠴᠠ 3 ᠪᠣᠯᠭᠠᠨ ᠪᠠᠭᠠᠰᠬᠠᠵᠤ᠂ ᠭᠠᠷᠲᠠᠨ ᠭᠦᠢᠴᠡᠳᠬᠡᠬᠦ ᠪᠠ ᠳᠠᠬᠢᠨ ᠬᠢᠨᠠᠬᠤ ᠭᠤᠭᠴᠤᠭ᠎ᠠ ᠶᠢ ᠨᠡᠶᠢᠯᠡᠭᠦᠯᠦᠭᠡᠳ ᠬᠢᠨᠠᠨ ᠬᠠᠷᠭᠤᠭᠤᠯᠬᠤ ᠭᠤᠭᠴᠤᠭ᠎ᠠ ᠪᠣᠯᠭᠠᠵᠤ᠂ ᠭᠦᠢᠴᠡᠳᠬᠡᠬᠦ ᠬᠥᠮᠥᠨ ᠤ ᠲᠤᠭ᠎ᠠ ᠶᠢ 2 ᠬᠥᠮᠥᠨ ᠪᠠᠶᠢᠭᠰᠠᠨ ᠠᠴᠠ 1 ᠬᠥᠮᠥᠨ ᠪᠣᠯᠭᠠᠨ ᠂ ᠭᠥᠯᠢᠶᠡᠨ ᠠᠪᠴᠤ ᠰᠢᠢᠳᠪᠦᠷᠢᠯᠡᠬᠦ᠂ ᠭᠠᠷᠲᠠᠨ ᠭᠦᠢᠴᠡᠳᠬᠡᠬᠦ᠂ ᠳᠠᠬᠢᠨ ᠬᠢᠨᠠᠬᠤ᠂ ᠬᠢᠨᠠᠨ ᠵᠥᠪᠰᠢᠶᠡᠷᠡᠬᠦ᠂ ᠦᠨᠡᠮᠯᠡᠯ ᠣᠯᠭᠤᠬᠤ 5 ᠭᠤᠭᠴᠤᠭ᠎ᠠ 4 ᠬᠥᠮᠥᠨ ᠭᠦᠢᠴᠡᠳᠬᠡᠬᠦ ᠶᠢ ᠭᠥᠯᠢᠶᠡᠨ ᠠᠪᠴᠤ ᠰᠢᠢᠳᠪᠦᠷᠢᠯᠡᠬᠦ ︵ᠦᠨᠡᠮᠯᠡᠯ ᠣᠯᠭᠤᠬᠤ︶᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ 3 ᠭᠤᠭᠴᠤᠭ᠎ᠠ ᠶᠢᠨ 3 ᠬᠥᠮᠥᠨ ᠪᠣᠯᠭᠠᠨ ᠪᠠᠭᠠᠰᠬᠠᠵᠤ᠂ ᠬᠡᠷᠡᠭ ᠭᠦᠢᠴᠡᠳᠬᠡᠬᠦ ᠭᠤᠭᠴᠤᠭ᠎ᠠ ᠶᠢᠨ ᠬᠠᠰᠤᠭᠳᠠᠭᠰᠠᠨ ᠨᠣᠷᠮ᠎ᠠ ᠶᠢ 40% ᠳᠤ ᠬᠦᠷᠦᠭᠦᠯᠪᠡ᠃

    ᠬᠤᠶᠠᠷ ᠲᠤ ᠂ ᠮᠠᠲ᠋ᠧᠷᠢᠶᠠᠯ ᠢ ᠪᠠᠭᠠᠰᠬᠠᠵᠤ᠂ ᠳᠥᠭᠦᠮ ᠳᠥᠲᠡ ᠪᠣᠯᠭᠠᠬᠤ ᠶᠢ ᠠᠬᠢᠭᠤᠯᠪᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠲᠦᠰᠢᠭᠯᠡᠨ᠂ ᠭᠠᠳᠠᠭᠠᠳᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠴᠣᠮᠬᠠᠳᠬᠠᠬᠤ᠂ ᠨᠡᠶᠢᠯᠡᠭᠦᠯᠬᠦ᠂ ᠬᠠᠮᠲᠤ ᠪᠠᠷ ᠡᠳ᠋ᠯᠡᠬᠦ᠂ ᠳᠤᠲᠠᠭᠤ ᠶᠢ ᠪᠠᠭᠲᠠᠭᠠᠬᠤ᠂ ᠬᠦᠴᠦᠨ ᠦᠭᠡᠢ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠷᠪᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠨᠥᠬᠦᠨ ᠭᠦᠢᠴᠡᠳᠬᠡᠬᠦ ᠮᠠᠲ᠋ᠧᠷᠢᠶᠠᠯ ᠢ 5 ᠪᠠᠶᠢᠭᠰᠠᠨ ᠠᠴᠠ 1 ᠪᠣᠯᠭᠠᠨ ᠪᠠᠭᠠᠰᠬᠠᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠬᠠᠰᠤᠭᠳᠠᠭᠰᠠᠨ ᠨᠣᠷᠮ᠎ᠠ ᠶᠢ 80% ᠳᠤ ᠬᠦᠷᠦᠭᠦᠯᠪᠡ︔ ᠭᠤᠷᠪᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠶᠢ ᠭᠦᠢᠴᠡᠳᠬᠡᠬᠦ ᠮᠠᠲ᠋ᠧᠷᠢᠶᠠᠯ ᠢ 4 ᠪᠠᠶᠢᠭᠰᠠᠨ ᠠᠴᠠ 2 ᠪᠣᠯᠭᠠᠨ ᠪᠠᠭᠠᠰᠬᠠᠵᠤ᠂ ᠮᠡᠳᠡᠭᠦᠯᠬᠦ ᠮᠠᠲ᠋ᠧᠷᠢᠶᠠᠯ ᠤᠨ ᠪᠠᠭᠠᠰᠤᠯᠳᠠ ᠶᠢᠨ ᠨᠣᠷᠮ᠎ᠠ ᠶᠢ 50% ᠳᠤ ᠬᠦᠷᠦᠭᠦᠯᠪᠡ ᠃

    ᠣᠲᠣ ᠪᠣᠯᠲᠠᠯ᠎ᠠ᠂ ᠪᠥᠬᠦ ᠠᠶᠢᠮᠠᠭ ᠤᠨ ᠬᠢᠨ ᠨᠡᠶᠢᠲᠡ 25 ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠳᠡ ᠶᠢᠨ ᠵᠥᠪᠰᠢᠶᠡᠷᠡᠯ ᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ 13 ᠵᠦᠢᠯ ᠢ ᠨᠢ ᠨᠢᠭᠡᠨᠲᠡ ᠭᠦᠢᠴᠡᠳᠬᠡᠨ ᠳᠠᠭᠤᠰᠬᠠᠵᠤ᠂ 12 ᠵᠦᠢᠯ ᠢ ᠨᠢ ᠶᠠᠭ ᠭᠦᠢᠴᠡᠳᠬᠡᠵᠦ ᠪᠣᠶ᠃

 

ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ