ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠳᠤ ᠬᠦᠷᠴᠦ ᠬᠦᠴᠢᠷ ᠠᠰᠠᠭᠤᠳᠠᠯ ᠢ ᠰᠢᠢᠳᠪᠦᠷᠢᠯᠡᠵᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠪᠡ
ᠨᠡᠶᠢᠲᠡᠯᠡᠭᠰᠡᠨ ᠴᠠᠭ᠄
2023/5/16

    5 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠪᠧᠢ ᠹᠧᠩ ᠯᠢᠩ ᠠᠮᠤ ᠲᠣᠰᠣᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ᠦᠢᠯᠡᠴᠢᠯᠡᠭᠡ ᠶᠢ ᠵᠣᠯᠭᠠᠭᠤᠯᠬᠤ ᠪᠠ ᠪᠠᠶᠢᠴᠠᠭᠠᠨ ᠰᠤᠳᠤᠯᠤᠯᠲᠠ ᠬᠢᠪᠡ᠃

    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠷᠢᠨ ᠣᠶᠢᠯᠠᠭᠠᠵᠤ ᠂ ᠠᠵᠤ ᠠᠬᠤᠶᠢᠯᠠᠯ ᠤᠨ ᠣᠳᠣᠬᠠᠨ ᠤ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠪᠣᠯᠣᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠠᠢ ᠃ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠪᠠᠷᠢᠮᠵᠢᠶᠠᠵᠢᠭᠤᠯᠬᠤ᠂ ᠮᠣᠩᠭᠤᠯ ᠦᠰᠦᠭᠲᠦ ᠲᠡᠮᠳᠡᠭ᠂ ᠢᠳᠡᠭᠡᠨ ᠤ ᠶᠠᠰᠤ ᠴᠢᠨᠠᠷ ᠤᠨ ᠬᠠᠮᠢᠶᠠᠷᠤᠯᠲᠠ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠪᠠᠶᠢᠴᠠᠭᠠᠨ ᠰᠢᠯᠭᠠᠬᠤ᠂ ᠨᠠᠮ ᠤᠨ ᠪᠠᠶᠢᠭᠤᠯᠤᠯᠲᠠ ᠵᠡᠷᠭᠡ ᠲᠠᠯ᠎ᠠ ᠳᠤ ᠴᠢᠭᠯᠡᠭᠦᠯᠦᠨ ᠶᠠᠷᠢᠯᠴᠠᠨ ᠰᠠᠨᠠᠯ ᠰᠣᠯᠢᠯᠴᠠᠵᠤ᠂ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠠᠷ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠳᠤ ᠴᠢᠭᠯᠡᠭᠦᠯᠦᠨ ᠮᠠᠳᠠᠭ ᠲᠠᠢ ᠠᠰᠠᠭᠤᠳᠠᠯ ᠢ ᠬᠠᠷᠢᠭᠤᠯᠬᠤ ᠪᠠ ᠨᠠᠷᠢᠯᠢᠭ ᠣᠨᠣᠴᠠᠲᠠᠢ ᠪᠠᠷ ᠵᠢᠯᠤᠭᠤᠳᠴᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠪᠡ᠃

    ᠪᠠᠶᠢᠴᠠᠭᠠᠨ ᠰᠤᠳᠤᠯᠬᠤ ᠳᠤᠭᠤᠶᠢᠯᠠᠩ ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ ᠠᠵᠢᠯ ᠢ ᠥᠷᠨᠢᠭᠦᠯᠬᠦ ᠪᠣᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠪᠲᠡᠷᠡᠯᠴᠡᠭᠡ ᠰᠣᠯᠢᠯᠴᠠᠭ᠎ᠠ ᠶᠢᠨ ᠬᠥᠭᠦᠷᠭᠡ ᠮᠥᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠮᠥᠨ᠃ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ ᠠᠵᠤ ᠠᠬᠤᠶᠢᠯᠠᠯ ᠯᠤᠭ᠎ᠠ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠲᠡᠳᠬᠦᠨ ᠳᠡᠮᠵᠢᠨ᠎ᠡ᠃ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ ᠂ ᠨᠠᠷᠢᠨ ᠬᠢᠨᠠᠮᠠᠭᠠᠢ ᠡᠮᠬᠢᠯᠡᠨ ᠰᠤᠳᠤᠯᠵᠤ ᠂ ᠦᠨᠡᠨ ᠬᠦ ᠪᠣᠯᠣᠮᠵᠢᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠶᠢ ᠠᠬᠢᠭᠤᠯᠵᠤ ᠂ ᠨᠠᠷᠢᠯᠢᠭ ᠣᠨᠣᠪᠴᠢᠲᠠᠢ ᠂ ᠥᠨᠳᠥᠷ ᠪᠦᠲᠦᠮᠵᠢᠲᠡᠢ ᠂ ᠴᠢᠨᠠᠷ ᠰᠠᠶᠢᠲᠠᠢ ᠂ ᠴᠠᠭ ᠲᠤᠬᠠᠢ ᠳᠤᠨᠢ ᠦᠢᠯᠡᠴᠢᠯᠡᠬᠦ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠨᠡᠩ ᠰᠢᠯᠢᠳᠡᠭ ᠰᠠᠶᠢᠨ ᠨᠥᠬᠦᠴᠡᠯ ᠢ ᠪᠦᠷᠢᠯᠳᠦᠭᠦᠯᠵᠦ ᠥᠭᠬᠦ ᠪᠤᠯᠤᠨ᠎ᠠ ᠭᠡᠵᠡᠢ ᠃

 

ᠢᠷᠡᠯᠲᠡ᠄ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ