ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭ ᠤᠨ ᠡᠮᠦᠨ᠎ᠡ ︽ᠪᠣᠶᠢᠵᠢᠭᠤᠯᠬᠤ + ᠤᠷᠢᠳᠴᠢᠯᠠᠨ ᠰᠡᠷᠡᠮᠵᠢᠯᠡᠭᠦᠯᠬᠦ︾ ᠬᠠᠮᠢᠶᠠᠷᠤᠯᠲᠠ ᠶᠢ ᠲᠦᠯᠬᠢᠨ ᠠᠬᠢᠭᠤᠯᠵᠦ ᠢᠲᠡᠭᠡᠮᠵᠢ ᠶᠢᠨ ︽ᠰᠠᠭᠤᠷᠢ︾ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2023/5/19

    2023 ᠣᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠢᠲᠡᠭᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠡᠷᠡᠭ ᠤᠨ ᠡᠮᠦᠨ᠎ᠡ ︽ᠪᠣᠶᠢᠵᠢᠭᠤᠯᠬᠤ + ᠤᠷᠢᠳᠴᠢᠯᠠᠨ ᠰᠡᠷᠡᠮᠵᠢᠯᠡᠭᠦᠯᠬᠦ︾ ᠳᠥᠷᠪᠡᠨ ᠵᠦᠢᠯ ᠤᠨ ᠠᠷᠭ᠎ᠠ ᠬᠡᠮᠵᠢᠶ᠎ᠡ ᠂ ᠬᠢᠨᠠᠯᠲᠠ ᠬᠠᠮᠢᠶᠠᠷᠤᠯᠲᠠ ᠶᠢ ᠲᠦᠯᠬᠢᠨ ᠠᠬᠢᠭᠤᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢ ᠴᠠᠭ ᠲᠤᠬᠠᠢ ᠳᠤᠨᠢ ᠵᠢᠷᠤᠮᠵᠢᠭᠤᠯᠤᠨ᠂ ᠢᠲᠡᠭᠡᠮᠵᠢ ᠶᠢᠨ ᠲᠦᠭᠰᠢᠭᠦᠷᠢ ᠠᠴᠠ ᠵᠠᠶᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠪᠡ᠃

    ᠨᠢᠭᠡ ᠳᠤ ᠂ ᠵᠠᠰᠠᠭ ᠵᠠᠬᠢᠷᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠢᠲᠡᠭᠡᠮᠵᠢ ᠶᠢᠨ ᠲᠣᠭᠲᠠᠭᠠᠯ ᠳᠤ ᠨᠡᠶᠢᠴᠡᠬᠦ ᠰᠠᠨᠠᠭᠤᠯᠤᠮᠵᠢ ᠦᠷᠨᠢᠭᠦᠯᠪᠡ᠃ ︽ᠣᠷᠳᠣᠰ ᠬᠤᠲᠠ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠵᠠᠰᠠᠭ ᠵᠠᠬᠢᠷᠭᠠᠨ ᠤ ᠲᠣᠭᠲᠠᠭᠠᠯ ᠳᠤ ᠨᠡᠶᠢᠴᠡᠬᠦ ᠵᠢᠯᠣᠭᠤᠳᠤᠯᠭ᠎ᠠ ᠶᠢᠨ ᠨᠠᠷᠢᠨ ᠳᠠᠩᠰᠠ ︵ᠨᠢᠭᠡᠳᠦᠭᠡᠷ ᠪᠦᠯᠦᠭ︶︾ ᠶᠢ ᠨᠠᠶᠢᠷᠠᠭᠤᠯᠤᠨ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠠᠯ᠎ᠠ ᠪᠠᠷ ᠠᠮᠠᠷᠬᠠᠨ ᠡᠭᠦᠰᠬᠦ᠂ ᠦᠷᠭᠦᠯᠵᠢ ᠲᠣᠬᠢᠶᠠᠯᠳᠤᠳᠠᠭ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠢᠯᠡᠷᠡᠯ ᠢ ᠵᠢᠭᠰᠠᠭᠠᠨ ᠭᠠᠷᠭᠠᠵᠤ᠂ ᠠᠵᠤ ᠠᠬᠤᠶᠢᠯᠠᠯ ᠤᠳ ︽ᠨᠠᠷᠢᠨ ᠲᠠᠩᠰᠠ︾ ᠶᠢ ᠪᠠᠶᠢᠴᠠᠭᠠᠨ ᠯᠠᠪᠯᠠᠬᠤ ᠪᠠᠷ ᠳᠡᠮᠵᠢᠨ᠂ ᠶᠠᠮᠠᠷ ᠶᠠᠮᠠᠷ ᠦᠶᠯᠡ ᠠᠵᠢᠯᠯᠠᠭ᠎ᠠ ᠨᠢ ᠢᠲᠡᠭᠡᠮᠵᠢ ᠶᠢᠨ ᠲᠦᠭᠰᠢᠭᠦᠷᠢ ᠶᠢ ᠪᠣᠶ ᠪᠣᠯᠭᠠᠵᠤ ᠮᠡᠳᠡᠬᠦ ᠶᠢ ᠲᠦᠷᠭᠡᠨ ᠣᠨᠣᠪᠴᠢᠲᠠᠶ ᠮᠠᠭᠠᠳᠯᠠᠵᠤ᠂ ᠳᠠᠯᠳᠠ ᠲᠦᠭᠰᠢᠭᠦᠷᠢ ᠳᠤ ᠴᠢᠭᠯᠡᠭᠦᠯᠦᠨ ᠴᠠᠭ ᠲᠤᠬᠠᠢ ᠳᠤᠨᠢ ᠥᠪᠡᠷ ᠢ ᠪᠠᠨ ᠡᠷᠢᠵᠦ᠂ ᠥᠪᠡᠷ ᠢ ᠪᠠᠨ ᠬᠤᠷᠢᠭᠯᠠᠵᠤ᠂ ᠥᠪᠡᠷ ᠢ ᠪᠠᠨ ᠴᠡᠭᠴᠡᠯᠡᠨ ᠰᠠᠶᠢᠵᠢᠷᠠᠭᠤᠯᠵᠤ᠂ ᠢᠲᠡᠭᠡᠮᠵᠢ ᠶᠢᠨ ᠬᠤᠬᠢᠷᠠᠯ‌ᠡᠴᠠ ᠪᠣᠯᠵᠤ ᠮᠠᠭᠤ ᠨᠥᠯᠥᠭᠡ ᠪᠠ ᠬᠦᠨᠳᠦ ᠨᠣᠴᠢᠲᠠᠢ ᠦᠷ᠎ᠡ ᠳ᠋ᠦᠩ ᠭᠠᠷᠭᠠᠬᠤ ᠠᠴᠠ ᠵᠠᠶᠢᠯᠠᠰᠬᠢᠭᠦᠯᠪᠡ᠃

    ᠬᠤᠶᠠᠷ ᠲᠤ ᠂ ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠵᠤ᠂ ᠢᠲᠡᠭᠡᠮᠵᠢ ᠶᠢᠨ ᠬᠥᠮᠦᠵᠢᠯ ᠤᠨ ᠠᠵᠢᠯᠯᠠᠭ᠎ᠠ ᠶᠢ ᠦᠷᠨᠢᠭᠦᠯᠪᠡ᠃ ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠤᠨ ᠪᠣᠶᠢᠵᠢᠭᠤᠯᠤᠯᠲᠠ ᠪᠠᠷ ᠭᠠᠷᠳᠠᠴᠠ ᠪᠣᠯᠭᠠᠵᠤ᠂ ᠪᠥᠬᠦ ᠬᠤᠲᠠ ᠶᠢᠨ 119 ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠤᠨ ᠪᠣᠶᠢᠵᠢᠭᠤᠯᠤᠯᠲᠠ ᠶᠢᠨ ᠨᠡᠷᠡᠰ ᠤᠨ ᠬᠥᠮᠥᠷᠭᠡ ᠳᠤ ᠵᠢᠭᠰᠠᠭᠠᠭᠳᠠᠭᠰᠠᠨ ᠠᠵᠤ ᠠᠬᠤᠶᠢᠯᠠᠯ ᠳᠤ ᠢᠲᠡᠭᠡᠮᠵᠢ ᠶᠢᠨ ᠡᠨᠧᠷᠭᠢ ᠣᠯᠭᠤᠵᠤ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠤᠬᠠᠭᠤᠯᠭ᠎ᠠ ᠪᠤᠯᠪᠠᠰᠤᠷᠠᠯ ᠢ ᠥᠷᠨᠢᠭᠦᠯᠦᠭᠰᠡᠨ ᠪᠥᠭᠡᠳ ᠡᠯ᠎ᠡ ᠲᠥᠷᠥᠯ ᠤᠨ ᠢᠲᠡᠭᠡᠮᠵᠢ ᠶᠢᠨ ᠤᠬᠠᠭᠤᠯᠭ᠎ᠠ ᠶᠢᠨ ᠭᠠᠷ ᠳᠡᠪᠲᠡᠷ ᠢ 240 ᠭᠠᠷᠤᠢ ᠬᠤᠪᠢ ᠲᠠᠷᠬᠠᠭᠠᠪᠠ᠃ ᠡᠭᠦᠨ ᠤ ᠬᠠᠮᠲᠤ᠂ ︽ᠡᠯ᠎ᠡ ᠱᠠᠲᠤᠨ ᠤ ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠤᠨ ᠪᠣᠶᠢᠵᠢᠭᠤᠯᠤᠯᠲᠠ ᠶᠢᠨ ᠨᠡᠷᠡᠰ ᠤᠨ ᠬᠥᠮᠥᠷᠭᠡ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠪᠣᠶᠢᠵᠢᠭᠤᠯᠬᠤ ᠨᠡᠷᠡᠰ ᠤᠨ ᠬᠥᠮᠥᠷᠭᠡ ᠳᠤ ᠵᠢᠭᠰᠠᠭᠠᠭᠳᠠᠭᠰᠠᠨ ᠠᠵᠤ ᠠᠬᠤᠶᠢᠯᠠᠯ ᠳᠤ ︽ᠢᠲᠡᠭᠡᠮᠵᠢ ᠶᠢ ᠨᠢᠭᠡ ᠪᠢᠯᠧᠲ ᠢᠶᠠᠷ ᠦᠭᠡᠶᠢᠰᠬᠡᠬᠦ︾ ᠶᠢ ᠬᠡᠷᠡᠭᠵᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ︽ᠨᠡᠷᠡᠰ ᠤᠨ ᠬᠥᠮᠥᠷᠭᠡ︾ ᠳᠤ ᠰᠠᠷ᠎ᠠ ᠪᠠᠷ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠢᠲᠡᠭᠡᠮᠵᠢ ᠶᠢᠨ ᠪᠠᠶᠢᠳᠠᠯ ᠢᠶᠠᠷ ᠰᠠᠶᠢᠨ ᠠᠵᠤ ᠠᠬᠤᠶᠢᠯᠠᠯ ᠢ ᠤᠷᠢᠳᠠᠪᠠᠷ ᠪᠣᠶᠢᠵᠢᠭᠤᠯᠵᠤ᠂ ᠢᠲᠡᠭᠡᠮᠵᠢ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠢᠲᠡᠭᠡᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠲᠡᠭᠡᠭᠰᠢᠯᠡᠭᠦᠯᠪᠡ᠃

    ᠭᠤᠷᠪᠠ ᠳᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠤ᠂ ᠬᠡᠷᠡᠭ ᠤᠨ ᠡᠮᠦᠨ᠎ᠡ ᠢᠲᠡᠭᠡᠯ ᠢᠶᠠᠨ ᠠᠯᠳᠠᠭᠰᠠᠨ ᠢ ᠰᠡᠷᠡᠮᠵᠢᠯᠡᠭᠦᠯᠬᠦ ᠠᠵᠢᠯ ᠢ ᠦᠷᠨᠢᠭᠦᠯᠪᠡ ᠃ ᠣᠨ ᠤ ᠮᠡᠳᠡᠭᠦᠯᠦᠯᠲᠡ᠂ ᠬᠢᠨᠠᠯᠲᠠ ᠪᠠᠶᠢᠴᠠᠭᠠᠯᠲᠠ᠂ ᠢᠲᠡᠭᠡᠮᠵᠢ ᠶᠢᠨ ᠵᠠᠯᠬᠠᠭᠠᠯ ᠢ ᠬᠥᠲᠥᠯᠥᠨ ᠵᠢᠯᠤᠭᠤᠳᠬᠤ᠂ ᠤᠷᠲᠤ ᠬᠤᠭᠤᠴᠠᠭ᠎ᠠ ᠪᠠᠷ ᠡᠵᠡᠩᠨᠡᠯᠲᠡ ᠦᠭᠡᠢ ᠠᠵᠤ ᠠᠬᠤᠶᠢᠯᠠᠯ ᠢ ᠢᠯᠭᠠᠷᠠᠭᠤᠯᠬᠤ ᠵᠡᠷᠭᠡ ᠭᠤᠭᠴᠤᠭ᠎ᠠ ᠳᠤ᠂ ᠣᠷᠣᠨ ᠪᠦᠰᠡ᠂ ᠠᠵᠢᠯ ᠲᠥᠷᠥᠯ ᠵᠢᠴᠢ ᠬᠢᠨᠠᠨ ᠬᠠᠮᠢᠶᠠᠷᠬᠤ ᠡᠲᠡᠭᠡᠳ ᠤᠨ ᠪᠣᠳᠠᠲᠤ ᠪᠠᠶᠢᠳᠠᠯ ᠢ ᠦᠨᠳᠦᠰᠦᠯᠡᠨ᠂ ᠪᠠᠶᠢᠳᠠᠯ ᠢ ᠦᠵᠡᠵᠦ ᠪᠠᠶᠢᠭᠠᠳ ᠳ᠋ᠢᠶᠠᠩᠬᠤᠸᠠ ᠪᠠᠷ ᠮᠡᠳᠡᠭᠳᠡᠬᠦ᠂ ᠵᠠᠬᠢᠳᠠᠯ ᠢᠶᠠᠷ ᠰᠠᠨᠠᠭᠤᠯᠬᠤ᠂ ᠭᠡᠷ ᠲᠤᠨᠢ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠢᠲᠡᠭᠡᠮᠵᠢ ᠶᠢᠨ ᠲᠦᠭᠰᠢᠭᠦᠷᠢ ᠶᠢᠨ ᠰᠠᠨᠠᠭᠤᠯᠤᠮᠵᠢ ᠪᠠ ᠵᠢᠯᠣᠭᠤᠳᠤᠯᠭ᠎ᠠ ᠨᠡᠶᠢᠲᠡᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠠᠯᠳᠠᠭᠰᠠᠳ ᠢ ᠰᠢᠢᠳᠪᠦᠷᠢᠯᠡᠬᠦ ᠠᠴᠠ ᠬᠡᠷᠡᠭ ᠤᠨ ᠡᠮᠦᠨ᠎ᠡ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠢᠲᠡᠭᠡᠮᠵᠢ ᠠᠯᠳᠠᠭᠰᠠᠳ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃ ᠲᠣᠮᠣ ᠳ᠋ᠠᠶᠢᠲ᠋ᠠ ᠶᠢ ᠦᠨᠳᠦᠰᠦᠯᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠤᠷᠢᠳᠴᠢᠯᠠᠨ ᠰᠡᠷᠡᠮᠵᠢᠯᠡᠭᠦᠯᠬᠦ ᠨᠠᠷᠢᠨ ᠲᠠᠩᠰᠠ ᠲᠠᠢ ᠬᠠᠷᠢᠴᠠᠭᠤᠯᠤᠨ ᠤᠷᠢᠳᠴᠢᠯᠠᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠡᠷᠲᠡ ᠢᠯᠡᠷᠡᠭᠦᠯᠵᠦ᠂ ᠡᠷᠲᠡ ᠴᠡᠭᠴᠡᠯᠡᠨ ᠰᠠᠶᠢᠵᠢᠷᠠᠭᠤᠯᠵᠤ᠂ ᠡᠷᠲᠡ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠰᠠᠭ ᠵᠠᠬᠢᠷᠭᠠᠨ ᠤ ᠰᠢᠢᠳᠭᠡᠯ ᠣᠯᠣᠭᠰᠠᠨ ᠠᠴᠠ ᠪᠣᠯᠵᠤ ᠢᠲᠡᠭᠡᠯ ᠠᠯᠳᠠᠭᠰᠠᠨ ᠲᠡᠮᠳᠡᠭᠯᠡᠯ ᠡᠭᠦᠰᠬᠦ ᠠᠴᠠ ᠵᠠᠶᠢᠯᠠᠰᠬᠢᠭᠦᠯᠪᠡ᠃

    ᠳᠥᠷᠪᠡ ᠳᠤ ᠂ ᠤᠬᠠᠭᠤᠯᠭ᠎ᠠ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠦᠷᠨᠢᠭᠦᠯᠪᠡ᠃ ︽ ᠪᠠᠭᠲᠠᠭᠠᠮᠵᠢᠲᠠᠢ ᠪᠣᠯᠭᠤᠮᠵᠢᠲᠠᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠠᠷᠭ᠎ᠠ ᠬᠡᠮᠵᠢᠶ᠎ᠡ ᠨᠦᠭᠦᠳ ︾ ᠂ ︽ 2022 ᠣᠨ ᠤ ᠣᠨ ᠤ ᠮᠡᠳᠡᠭᠦᠯᠦᠯᠲᠡ ᠶᠢ ᠲᠠᠭᠯᠠᠨ ᠮᠡᠳᠡᠭᠦᠯᠬᠦ ᠵᠦᠭᠯᠡᠭᠦᠷ ︾ ᠂ ︽ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠦᠯᠵᠢᠶᠡᠨ ᠳᠡᠭᠡᠷ᠎ᠡ ᠢᠲᠡᠭᠡᠮᠵᠢ ᠶᠢ ᠰᠡᠷᠭᠦᠭᠡᠬᠦ ᠶᠠᠪᠤᠴᠠ ᠶᠢ ᠭᠦᠢᠴᠡᠳᠬᠡᠬᠦ ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠳᠠᠷᠤᠮᠠᠯᠯᠠᠨ ᠦᠢᠯᠡᠳᠴᠦ ᠂ ︽ ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨᠠᠬᠢ ︾ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠵᠤ ᠂ ᠥᠷᠭᠡᠨ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠤᠬᠠᠮᠰᠠᠷ ᠢ ᠴᠢᠩᠭᠠᠳᠬᠠᠬᠤ ᠶᠢ ᠬᠥᠲᠥᠯᠥᠨ ᠵᠢᠯᠤᠭᠤᠳᠪᠠ ︔ ︽ᠢᠲᠡᠭᠡᠮᠵᠢ ᠶᠢ ᠶᠡᠭᠡ ᠲᠢᠩᠬᠢᠮ ᠳᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠶᠡᠭᠡ ᠲᠢᠩᠬᠢᠮ ᠳᠤ ᠠᠵᠢᠯ ᠶᠠᠪᠤᠳᠠᠯ ᠭᠦᠢᠴᠡᠳᠬᠡᠭᠰᠡᠨ 380 ᠭᠠᠷᠤᠢ ᠡᠷᠦᠬᠡ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠢᠲᠡᠭᠡᠮᠵᠢ ᠶᠢᠨ ᠮᠡᠳᠡᠯᠭᠡ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠬᠤ ᠪᠠ ᠲᠦᠭᠡᠮᠡᠯᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠢ ᠮᠡᠳᠡᠵᠦ ᠬᠠᠤᠯᠢ ᠶᠢ ᠰᠠᠬᠢᠬᠤ᠂ ᠦᠨᠡᠨᠴᠢ ᠢᠲᠡᠭᠡᠮᠵᠢᠲᠡᠢ ᠪᠠᠷ ᠥᠪᠡᠷ ᠢ ᠪᠠᠨ ᠱᠠᠭᠠᠷᠳᠠᠬᠤ ᠶᠢ ᠬᠥᠲᠥᠯᠥᠨ ᠵᠢᠯᠤᠭᠤᠳᠪᠠ᠃ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠮᠠᠯᠠᠯᠲᠠ ᠶᠢ ᠮᠡᠳᠡᠭᠳᠡᠬᠦ᠂ ᠢᠲᠡᠭᠡᠮᠵᠢ ᠶᠢ ᠰᠡᠷᠭᠦᠭᠡᠬᠦ᠂ ᠢᠲᠡᠭᠡᠮᠵᠢ ᠶᠢᠨ ᠠᠮᠠᠯᠠᠯᠲᠠ ᠪᠠᠷ ᠵᠢᠯᠣᠭᠤᠳᠤᠯᠭ᠎ᠠ ᠪᠣᠯᠭᠠᠵᠤ᠂ ᠡᠯ᠎ᠡ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠳᠠᠶᠢᠴᠢᠯᠠᠨ ᠢᠲᠡᠭᠡᠮᠵᠢ ᠶᠢᠨ ᠠᠮᠠᠯᠠᠯᠲᠠ ᠶᠢ ᠳᠡᠯᠭᠡᠷᠡᠭᠦᠯᠵᠦ᠂ ᠠᠵᠤ ᠠᠬᠤᠶᠢᠯᠠᠯ ᠤᠨ ᠥᠪᠡᠷ ᠢ ᠪᠠᠨ ᠬᠢᠵᠠᠭᠠᠷᠯᠠᠬᠤ ᠶᠢ ᠠᠬᠢᠭᠤᠯᠤᠨ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠵᠠᠢ᠃

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ