ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/5/29

                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ

                                                          257  ᠳ᠋ᠤᠭᠠᠷ ᠲᠣᠭᠠᠲᠤ

 

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ᠶᠢ 2022 ᠣᠨ ᠤ 12 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 35 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2023 ᠣᠨ ᠤ 3 ᠳ᠋ᠤᠭᠠᠷ ᠰᠠᠷ᠎ᠠ ᠶᠢᠨ 1  ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ 

                                                               ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ    ᠸᠠᠩ ᠯᠢ ᠰᠢᠶᠠ

                                                               2022 ᠣᠨ ᠤ 12 ᠳ᠋ᠤᠭᠠᠷ ᠰᠠᠷ᠎ᠠ ᠶᠢᠨ 28  ᠤ ᠡᠳᠦᠷ

 

                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ

                             ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ


      ᠨᠢᠭᠡᠳᠦᠭᠡᠷ ᠪᠦᠯᠦᠭ   ᠶᠡᠷᠦᠩᠬᠡᠢ ᠳᠦᠷᠢᠮ

      ᠨᠢᠭᠡᠳᠦᠭᠡᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠠᠰᠠᠵᠤ ᠴᠡᠭᠴᠡᠯᠡᠬᠦ ᠲᠣᠭᠲᠠᠯᠴᠠᠭ᠎ᠠ ᠪᠠ ᠵᠠᠰᠠᠵᠤ ᠴᠡᠭᠴᠡᠯᠡᠬᠦ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠲᠤᠰᠠᠳᠠ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ ᠃ 

      ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ ᠃ 

      ᠭᠤᠷᠪᠠᠳᠤᠭᠠᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠭᠡᠳᠡᠭ ᠨᠢ ᠵᠠᠰᠠᠭ ᠵᠠᠬᠢᠷᠭᠠᠨ ᠤ ᠨᠢᠭᠡᠴᠢ᠂ ᠠᠵᠢᠯ ᠦᠢᠯᠡᠰ ᠤᠨ ᠨᠢᠭᠡᠴᠢ ᠨᠦᠭᠦᠳ ᠳᠣᠣᠷᠠᠬᠢ ᠠᠷᠭ᠎ᠠ ᠠᠪᠴᠠᠯ ᠢᠶᠠᠷ ᠳᠠᠮᠵᠢᠭᠤᠯᠵᠤ ᠣᠯᠣᠭᠰᠠᠨ ᠪᠤᠶᠤ ᠪᠣᠶ ᠪᠣᠯᠤᠭᠰᠠᠨ ᠡᠳ᠋ ᠬᠥᠷᠥᠩᠭᠡ ᠶᠢ ᠵᠢᠭᠠᠵᠤ ᠪᠣᠶ᠄

      ︵ ᠨᠢᠭᠡ︶ ᠡᠳ᠋ ᠤᠨ ᠵᠠᠰᠠᠭ ᠤᠨ ᠪᠡᠯᠡ ᠮᠥᠩᠭᠦ ᠶᠢ ᠵᠠᠷᠤᠴᠠᠭᠤᠯᠤᠭᠠᠳ ᠪᠣᠶ ᠪᠣᠯᠤᠭᠰᠠᠨ ᠡᠳ᠋ ᠬᠥᠷᠥᠩᠭᠡ︔

      ︵ ᠬᠤᠶᠠᠷ︶ ᠰᠢᠯᠵᠢᠭᠦᠯᠵᠦ ᠥᠭᠬᠦ ᠶᠢ ᠬᠦᠯᠢᠶᠡᠨ ᠠᠪᠤᠭᠰᠠᠨ ᠪᠤᠶᠤ  ᠬᠤᠪᠢᠶᠠᠷᠢᠯᠠᠨ ᠰᠢᠯᠵᠢᠭᠦᠯᠬᠦ᠂ ᠰᠣᠯᠢᠬᠤ ᠳᠤ ᠪᠤᠶ ᠪᠣᠯᠤᠭᠰᠠᠨ ᠡᠳ᠋ ᠬᠥᠷᠥᠩᠭᠡ︔

      ︵ ᠭᠤᠷᠪᠠ︶ ᠬᠠᠨᠳᠢᠪᠯᠡᠯ ᠢ ᠬᠦᠯᠢᠶᠡᠨ ᠠᠪᠤᠭᠰᠠᠨ ᠪᠥᠭᠡᠳ ᠤᠯᠤᠰ ᠥᠮᠴᠢᠯᠡᠵᠦ ᠪᠠᠶᠢᠬᠤ ᠪᠠᠷ ᠨᠤᠲᠠᠯᠠᠨ ᠲᠣᠭᠲᠠᠭᠠᠭᠳᠠᠭᠰᠠᠨ ᠡᠳ᠋ ᠬᠥᠷᠥᠩᠭᠡ︔

      ︵ ᠳᠥᠷᠪᠡ︶ ᠪᠤᠰᠤᠳ ᠤᠯᠤᠰ ᠤᠨ ᠥᠮᠴᠢᠯᠡᠯᠲᠦ ᠡᠳ᠋ ᠬᠥᠷᠥᠩᠭᠡ ᠃ 

      ᠳᠥᠷᠪᠡᠳᠦᠭᠡᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠢᠯᠡᠷᠡᠬᠦ ᠬᠡᠯᠪᠡᠷᠢ ᠨᠢ᠄ ᠭᠦᠢᠯᠭᠡᠭᠡᠨ ᠳᠠᠬᠢ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠡᠳ᠋ ᠬᠥᠷᠥᠩᠭᠡ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡ ᠡᠳ᠋ ᠪᠠᠷᠠᠭ᠎ᠠ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠡᠳ᠋ ᠬᠥᠷᠥᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠪᠣᠯᠣᠨ᠎ᠠ ᠃ 

      ᠲᠠᠪᠤᠳᠤᠭᠠᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠤᠯᠤᠰ ᠲᠤ ᠥᠮᠴᠢᠯᠡᠭᠳᠡᠵᠦ᠂ ᠵᠠᠰᠠᠭ ᠤᠨ ᠣᠷᠳᠣᠨ ᠱᠠᠲᠤ ᠬᠤᠪᠢᠶᠠᠨ ᠬᠢᠨᠠᠨ ᠬᠠᠮᠢᠶᠠᠷᠬᠤ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠰᠢᠭᠤᠳ ᠵᠠᠬᠢᠷᠴᠤ ᠡᠵᠡᠮᠰᠢᠬᠦ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ ᠃ 

      ᠵᠢᠷᠭᠤᠳᠤᠭᠠᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠠᠮᠤᠷ ᠲᠦᠪᠰᠢᠨ ᠵᠢᠷᠤᠮᠵᠢᠯ ᠲᠠᠢ᠂ ᠠᠷᠪᠢᠲᠠᠢ ᠪᠥᠭᠡᠳ ᠥᠨᠳᠥᠷ ᠦᠷ᠎ᠡ ᠪᠦᠲᠦᠮᠵᠢᠲᠡᠶ᠂ ᠢᠯᠡ ᠲᠣᠳᠣ ᠪᠠᠶᠢᠯᠭᠠᠬᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶᠢᠬᠤ ᠵᠠᠷᠴᠢᠮ ᠢ ᠵᠢᠷᠤᠮᠯᠠᠨ᠂ ᠪᠣᠳᠠᠲᠤ ᠡᠳ᠋ ᠤᠨ ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ᠂ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠲᠥᠰᠥᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ ᠃ 

      ᠳᠣᠯᠣᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠠᠬᠢ ᠬᠠᠮᠢᠶᠠᠷᠤᠯᠲᠠ ᠪᠠᠨ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠵᠤ ᠵᠥᠪᠰᠢᠶᠡᠷᠡᠬᠦ ᠬᠡᠷᠡᠭᠲᠡᠢ ᠃ 

      ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠠᠬᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠬᠠᠷᠢᠭᠤᠴᠠᠨ ᠲᠣᠭᠲᠠᠭᠠᠬᠤ ᠶᠢᠨ ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ ᠃ 

      ᠶᠢᠰᠦᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠭᠡᠷ ᠪᠠ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠣᠳᠠᠲᠠᠢ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠭᠠᠨ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ ᠃ 

      ᠠᠷᠪᠠᠳᠤᠭᠠᠷ ᠵᠦᠢᠯ   ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠶ᠎ᠠ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠴᠤ᠂ ᠬᠢᠨᠠᠯᠲᠠ ᠲᠠᠯᠪᠢᠬᠤ ᠬᠡᠷᠡᠭᠲᠡᠢ ᠃ ᠲᠤᠰ ᠰᠠᠯᠠᠭ᠎ᠠ ᠮᠥᠴᠢᠷ ᠤᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠡᠷᠬᠡ ᠶᠢᠨ ᠬᠢᠵᠠᠭᠠᠷ ᠶᠣᠰᠣᠭᠠᠷ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠬᠤ ᠪᠤᠶᠤ ᠵᠥᠪᠰᠢᠶᠡᠷᠡᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠦᠨ᠎ᠡ ᠃ 

      ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠣᠳᠠᠲᠠᠢ ᠬᠠᠮᠢᠶᠠᠷᠤᠯᠲᠠ ᠶᠢ ᠬᠠᠷᠢᠭᠤᠴᠠᠨ᠂ ᠳᠣᠲᠣᠭᠠᠳᠤ ᠡᠵᠡᠮᠰᠢᠯ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠥᠪ᠂ ᠬᠤᠳᠠᠯᠳᠤᠨ ᠠᠪᠬᠤ᠂ ᠬᠡᠷᠡᠭᠯᠡᠬᠦ᠂ ᠰᠢᠢᠳᠪᠦᠷᠢᠯᠡᠬᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠃ 

      ᠠᠷᠪᠠᠨ ᠨᠢᠭᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠦᠭᠦᠳ ᠤᠯᠤᠰ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠠᠵᠢᠯ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠠ ᠪᠠᠷᠢᠮᠵᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ ᠃

      ᠬᠤᠶᠠᠳᠤᠭᠠᠷ ᠪᠦᠯᠦᠭ    ᠡᠳ᠋ ᠬᠥᠷᠥᠩᠭᠡ ᠶᠢᠨ ᠲᠣᠬᠢᠷᠠᠭᠤᠯᠤᠯᠲᠠ ᠬᠢᠭᠡᠳ ᠲᠥᠰᠥᠪ ᠤᠨ ᠬᠠᠮᠢᠶᠠᠷᠤᠯᠲᠠ

      ᠠᠷᠪᠠᠨ ᠬᠤᠶᠠᠳᠤᠭᠠᠷ ᠵᠦᠢᠯ  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠳᠤ ᠰᠢᠯᠵᠢᠭᠦᠯᠦᠨ ᠲᠣᠬᠢᠷᠠᠭᠤᠯᠬᠤ᠂ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ᠂ ᠬᠠᠨᠳᠢᠪᠯᠡᠭ᠌ᠰᠠᠨ ᠢ ᠬᠦᠯᠢᠶᠡᠨ ᠠᠪᠬᠤ ᠵᠡᠷᠭᠡ ᠠᠷᠭ᠎ᠠ ᠮᠠᠶ᠋ᠢᠭ ᠪᠠᠭᠲᠠᠨ᠎ᠠ ᠃ 

      ᠠᠷᠪᠠᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠵᠤ ᠪᠦᠷᠢᠨᠰᠢᠭᠦᠯᠬᠦ ᠠᠵᠢᠯ ᠢ ᠵᠣᠬᠢᠶᠠᠨ ᠪᠠᠶᠢᠭᠤᠯᠵᠤ᠂ ᠲᠣᠬᠢᠷᠠᠭᠤᠯᠤᠯᠲᠠ ᠶᠢᠨ ᠲᠤᠭ᠎ᠠ ᠬᠡᠮᠵᠢᠶ᠎ᠡ᠂ ᠥᠷᠲᠡᠭ᠂ ᠵᠡᠷᠭᠡ ᠳᠡᠰ᠂ ᠬᠡᠷᠡᠭᠯᠡᠬᠦ ᠨᠠᠭᠠᠲᠤ ᠵᠠᠬ᠎ᠠ ᠶᠢᠨ ᠵᠢᠯ ᠬᠤᠭᠤᠴᠠᠭ᠎ᠠ ᠵᠡᠷᠭᠡ ᠪᠠᠷᠢᠮᠵᠢᠶ᠎ᠠ ᠪᠠᠨ ᠲᠣᠳᠣᠷᠬᠠᠶᠢᠯᠠᠬᠤ ᠬᠡᠷᠡᠭᠲᠡᠢ ᠃ 

      ᠠᠷᠪᠠᠨ ᠳᠥᠷᠪᠡᠳᠦᠭᠡᠷ ᠵᠦᠢᠯ   ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠠᠵᠢᠯᠴᠢ ᠠᠷᠪᠢᠴᠢ ᠠᠷᠪᠢᠯᠠᠨ ᠭᠠᠮᠨᠠᠬᠤ᠂ ᠠᠵᠢᠯ ᠤᠨ ᠠᠮᠵᠢᠯᠲᠠ ᠪᠦᠲᠦᠮᠵᠢ ᠶᠢ ᠡᠷᠬᠢᠮᠯᠡᠬᠦ ᠪᠠ ᠪᠣᠬᠢᠷᠲᠤᠯ ᠦᠭᠡᠢ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠤᠪᠢᠷᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ᠂ ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠴᠠᠭ ᠲᠤ ᠨᠢ ᠲᠣᠬᠢᠷᠠᠭᠤᠯᠤᠯᠲᠠ ᠬᠢᠬᠦ ᠪᠠ ᠰᠢᠨᠡᠳᠬᠡᠬᠦ ᠬᠡᠷᠡᠭᠲᠡᠢ ᠃ 

      ᠡᠯ᠎ᠡ ᠰᠠᠯᠠᠭ᠎ᠠ ᠮᠥᠴᠢᠷ ᠤᠨ ᠨᠡᠶᠢᠳᠡᠮ ᠬᠡᠷᠡᠭᠯᠡᠬᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠠᠵᠤ ᠨᠡᠶᠢᠲᠡᠯᠡᠬᠦ ᠬᠡᠷᠡᠭᠲᠡᠢ ᠃ ᠲᠤᠰᠬᠠᠢ ᠬᠡᠷᠡᠭᠯᠡᠬᠦ ᠡᠳ᠋ ᠬᠥᠷᠥᠩᠭᠡ ᠶᠢᠨ ᠲᠣᠬᠢᠷᠠᠭᠤᠯᠬᠤ ᠪᠠᠷᠢᠮᠵᠢᠶ᠎ᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠲᠥᠷᠥᠯ ᠤᠨ ᠣᠨᠴᠠᠯᠢᠭ ᠢᠶᠠᠨ ᠦᠨᠳᠦᠰᠦᠯᠡᠨ ᠲᠣᠭᠲᠠᠭᠠᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡᠯᠡᠬᠦ ᠬᠡᠷᠡᠭᠲᠡᠢ ᠃ 

      ᠠᠷᠪᠠᠨ ᠲᠠᠪᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠦᠭᠦᠳ ᠬᠠᠳᠠᠭᠠᠯᠠᠵᠤ ᠪᠠᠶᠢᠭ᠎ᠠ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠪᠠᠷ ᠳᠠᠮᠵᠢᠭᠤᠯᠵᠤ᠂ ᠬᠠᠳᠠᠭᠠᠯᠠᠵᠤ ᠪᠠᠶᠢᠭ᠎ᠠ ᠡᠳ᠋ ᠬᠥᠷᠥᠩᠭᠡ ᠶᠢ ᠭᠦᠢᠴᠡᠳ ᠠᠰᠢᠭᠯᠠᠬᠤ ᠪᠠ ᠲᠣᠬᠢᠷᠠᠭᠤᠯᠵᠤ ᠬᠠᠮᠲᠤ ᠪᠠᠷ ᠭᠥᠷᠳᠡᠬᠦ ᠶᠢ ᠠᠬᠢᠭᠤᠯᠬᠤ ᠬᠡᠷᠡᠭᠲᠡᠢ ᠃ ᠣᠳᠣ ᠶᠢᠨ ᠪᠠᠶᠢᠭ᠎ᠠ ᠬᠠᠳᠠᠭᠠᠯᠠᠵᠤ ᠪᠠᠶᠢᠭ᠎ᠠ ᠡᠳ᠋ ᠬᠥᠷᠥᠩᠭᠡ ᠶᠢᠨ ᠴᠢᠳᠠᠮᠵᠢ ᠶᠢᠨ ᠳᠠᠯᠳᠠ ᠬᠦᠴᠦᠨ ᠢ ᠠᠭᠤᠳᠠᠯᠵᠤ᠂ ᠬᠠᠭᠤᠴᠢᠷᠠᠵᠤ ᠡᠪᠳᠡᠷᠡᠭᠰᠡᠨ ᠢ ᠨᠢ ᠰᠡᠯᠪᠢᠵᠦ ᠠᠰᠢᠭᠯᠠᠬᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠬᠠᠩᠭᠠᠵᠤ ᠲᠠᠶᠢᠯᠪᠡᠯ᠂ ᠲᠣᠬᠢᠷᠠᠭᠤᠯᠤᠯᠲᠠ ᠪᠠᠨ ᠴᠥᠭᠡᠳᠬᠡᠵᠦ᠂ ᠬᠡᠷᠡᠭᠯᠡᠵᠦ ᠪᠠᠶᠢᠭ᠎ᠠ ᠡᠳ᠋ ᠬᠥᠷᠥᠩᠭᠡ ᠪᠠ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢᠨ ᠬᠡᠷᠡᠭᠯᠡᠭᠡᠨ ᠤ ᠦᠨ᠎ᠡ ᠥᠷᠲᠡᠭ᠂ ᠬᠡᠷᠡᠭᠯᠡᠭᠡᠨ ᠤ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠬᠡᠷᠡᠭᠲᠡᠢ ᠃ 

      ᠠᠷᠪᠠᠨ ᠵᠢᠷᠭᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠡᠳ᠋ ᠬᠥᠷᠥᠩᠭᠡ ᠶᠢᠨ ᠬᠠᠳᠠᠭᠠᠯᠠᠯᠲᠠ᠂ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠪᠠᠨ ᠤᠶᠠᠯᠳᠤᠭᠤᠯᠵᠤ᠂ ᠲᠡᠷᠢᠭᠦᠨ ᠳᠤ ᠨᠢ ᠰᠢᠯᠵᠢᠭᠦᠯᠦᠨ ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ ᠬᠥᠷᠥᠩᠭᠡ ᠲᠣᠬᠢᠷᠠᠭᠤᠯᠬᠤ ᠬᠡᠷᠡᠭᠲᠡᠢ ᠃ ᠰᠢᠯᠵᠢᠭᠦᠯᠦᠨ ᠲᠣᠬᠢᠷᠠᠭᠤᠯᠵᠤ ᠳᠡᠶᠢᠯᠬᠦ ᠦᠭᠡᠢ ᠪᠣᠯ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠵᠡᠷᠭᠡ ᠠᠷᠭ᠎ᠠ ᠮᠠᠶ᠋ᠢᠭ ᠢ ᠠᠪᠴᠤ ᠪᠣᠯᠣᠨ᠎ᠠ ᠃ 

      ᠠᠷᠪᠠᠨ ᠳᠣᠯᠣᠳᠤᠭᠠᠷ ᠵᠦᠢᠯ   ᠴᠢᠬᠤᠯᠠ ᠬᠤᠷᠠᠯ ᠬᠤᠷᠠᠯᠳᠤᠭᠤᠯᠬᠤ᠂ ᠲᠣᠮᠣ ᠬᠡᠯᠪᠡᠷᠢ ᠶᠢᠨ ᠠᠵᠢᠯᠯᠠᠭᠠᠨ ᠡᠷᠬᠢᠯᠡᠬᠦ ᠪᠤᠶᠤ ᠲᠦᠷ ᠴᠠᠭ ᠤᠨ ᠪᠠᠶᠢᠭᠤᠯᠤᠮᠵᠢ ᠪᠠᠶᠢᠭᠤᠯᠬᠤ ᠵᠡᠷᠭᠡ ᠳᠤ ᠡᠳ᠋ ᠬᠥᠷᠥᠩᠭᠡ ᠲᠣᠬᠢᠷᠠᠭᠤᠯᠬᠤ ᠴᠢᠬᠤᠯᠠᠲᠠᠢ ᠪᠠᠶᠢᠪᠠᠯ᠂ ᠰᠢᠯᠵᠢᠭᠦᠯᠦᠨ ᠲᠣᠬᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠵᠤ ᠰᠢᠢᠳᠪᠦᠷᠢᠯᠡᠨ᠎ᠡ ᠃ ᠦᠨᠡᠨ ᠬᠦ ᠬᠤᠳᠠᠯᠳᠤᠨ ᠠᠪᠬᠤ ᠴᠢᠬᠤᠯᠠᠲᠠᠢ ᠪᠣᠯ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠃ 

      ᠠᠷᠪᠠᠨ ᠨᠠᠢᠮᠠᠳᠤᠭᠠᠷ ᠵᠦᠢᠯ   ᠨᠥᠬᠦᠴᠡᠯ ᠲᠠᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠡᠶᠢᠲᠡ ᠶᠢᠨ ᠡᠳ᠋ ᠪᠠᠷᠠᠭᠠᠨ ᠤ ᠰᠠᠩ ᠬᠥᠮᠥᠷᠭᠡ ᠪᠠᠶᠢᠭᠤᠯᠬᠤ ᠶᠢ ᠨᠢ ᠵᠣᠷᠢᠭᠵᠢᠭᠤᠯᠤᠨ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡ ᠶᠢᠨ ᠡᠳ᠋ ᠪᠠᠷᠠᠭᠠᠨ ᠤ ᠰᠠᠩ ᠬᠥᠮᠥᠷᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠷ᠎ᠡ ᠪᠦᠳᠦᠮᠵᠢ ᠪᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠪᠠ ᠲᠣᠮᠣ ᠬᠡᠯᠪᠡᠷᠢ ᠶᠢᠨ ᠬᠤᠷᠠᠯ ︵ ᠠᠵᠢᠯᠯᠠᠭ᠎ᠠ︶ ᠂ ᠲᠥᠷ ᠴᠠᠭ ᠤᠨ ᠪᠠᠶᠢᠭᠤᠯᠤᠮᠵᠢ ᠳᠤ ᠲᠣᠬᠢᠷᠠᠭᠤᠯᠤᠭᠰᠠᠨ ᠡᠳ᠋ ᠬᠥᠷᠥᠩᠭᠡ ᠵᠡᠷᠭᠡ ᠶᠢ ᠨᠡᠶᠢᠲᠡ ᠶᠢᠨ ᠡᠳ᠋ ᠪᠠᠷᠠᠭᠠᠨ ᠤ ᠰᠠᠩ ᠬᠥᠮᠥᠷᠭᠡ ᠳᠤ ᠨᠢᠭᠡᠳᠦᠯᠲᠡᠢ ᠣᠷᠣᠭᠤᠯᠤᠨ ᠲᠥᠪᠯᠡᠷᠡᠭᠦᠯᠦᠨ ᠬᠠᠮᠢᠶᠠᠷᠴᠤ᠂ ᠲᠣᠬᠢᠷᠠᠭᠤᠯᠤᠨ ᠬᠤᠪᠢᠶᠠᠷᠢᠯᠠᠵᠤ ᠬᠡᠷᠡᠭᠯᠡᠬᠦ ᠬᠡᠷᠡᠭᠲᠡᠢ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠲᠣᠬᠢᠷᠠᠭᠤᠯᠬᠤ ᠳᠤ ᠪᠠᠨ ᠨᠡᠶᠢᠲᠡ ᠶᠢᠨ ᠡᠳ᠋ ᠪᠠᠷᠠᠭᠠᠨ ᠤ ᠬᠥᠮᠥᠷᠭᠡ ᠠᠴᠠ ᠰᠢᠯᠵᠢᠭᠦᠯᠦᠨ ᠲᠣᠬᠢᠷᠠᠭᠤᠯᠵᠤ ᠰᠢᠢᠳᠪᠦᠷᠢᠯᠡᠬᠦ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ ᠃ 

      ᠠᠷᠪᠠ ᠶᠢᠰᠦᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠦᠷ᠎ᠡ ᠪᠦᠳᠦᠮᠵᠢ ᠪᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠩ ᠲᠡᠷᠢᠭᠦᠨ ᠳᠤ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠳᠣᠲᠣᠭᠠᠳᠤ ᠳᠤ ᠪᠠᠨ ᠰᠢᠯᠵᠢᠭᠦᠯᠦᠨ ᠲᠣᠬᠢᠷᠠᠭᠤᠯᠵᠤ ᠠᠰᠢᠭᠯᠠᠬᠤ ᠬᠡᠷᠡᠭᠲᠡᠢ ᠃ ᠬᠡᠷᠡᠭᠯᠡᠭᠡᠨ ᠤ ᠦᠨ᠎ᠡ ᠥᠷᠲᠡᠭ ᠥᠨᠳᠥᠷ᠂ ᠠᠰᠢᠭᠯᠠᠬᠤ ᠬᠡᠪᠴᠢᠶ᠎ᠡ ᠥᠷᠭᠡᠨ ᠪᠠᠶᠢᠬᠤ ᠦᠷ᠎ᠡ ᠪᠦᠳᠦᠮᠵᠢ ᠪᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠲᠠᠰ ᠵᠡᠷᠭᠡ ᠠᠯᠤᠰᠯᠠᠨ ᠰᠢᠯᠵᠢᠭᠦᠯᠦᠨ ᠲᠣᠬᠢᠷᠠᠭᠤᠯᠬᠤ ᠶᠢ ᠨᠢ ᠢᠳᠡᠪᠬᠢᠲᠡᠢ ᠠᠬᠢᠭᠤᠯᠬᠤ ᠬᠡᠷᠡᠭᠲᠡᠢ︔ ᠮᠡᠷᠭᠡᠵᠢᠯ ᠤᠨ ᠰᠢᠯᠲᠠᠭᠠᠨ ᠠᠴᠠ ᠪᠣᠯᠵᠤ ᠰᠢᠨᠡᠳᠬᠡᠬᠦ ᠴᠢᠬᠤᠯᠠᠲᠠᠢ ᠪᠣᠯᠪᠠᠴᠤ ᠮᠥᠨ ᠬᠦ ᠬᠡᠷᠡᠭᠯᠡᠭᠡᠨ ᠤ ᠦᠨ᠎ᠡ ᠥᠷᠲᠡᠭ ᠲᠠᠢ ᠡᠳ᠋ ᠬᠥᠷᠥᠩᠭᠡ ᠶᠢ ᠬᠡᠷᠡᠭᠴᠡᠭᠡ ᠶᠢ ᠨᠢ ᠬᠤᠪᠢᠷᠠᠭᠤᠯᠬᠤ ᠪᠠᠷ ᠳᠠᠮᠵᠢᠭᠤᠯᠤᠨ ᠮᠡᠷᠭᠡᠵᠢᠯ ᠤᠨ ᠱᠠᠭᠠᠷᠳᠠᠯᠭ᠎ᠠ ᠪᠠᠷ ᠬᠠᠷᠢᠴᠠᠩᠭᠤᠢ ᠳᠣᠣᠷ᠎ᠠ ᠪᠣᠯᠬᠤ ᠰᠠᠯᠠᠭ᠎ᠠ ᠮᠥᠴᠢᠷ᠂ ᠨᠢᠭᠡᠴᠢ ᠳᠤ ᠰᠢᠯᠵᠢᠭᠦᠯᠦᠨ ᠲᠣᠬᠢᠷᠠᠭᠤᠯᠬᠤ ᠬᠡᠷᠡᠭᠲᠡᠢ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢ ᠲᠥᠪᠯᠡᠷᠡᠭᠦᠯᠦᠨ ᠡᠵᠡᠩᠨᠡᠬᠦ ᠲᠠᠪᠴᠠᠩ ᠪᠠᠶᠢᠭᠤᠯᠬᠤ ᠪᠤᠶᠤ ᠲᠤᠰᠬᠠᠢ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠦᠷ᠎ᠡ ᠪᠦᠳᠦᠮᠵᠢ ᠪᠠᠷ ᠳᠣᠣᠷ᠎ᠠ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ᠂ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠪᠠ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ ᠬᠥᠷᠥᠩᠭᠡ ᠶᠢ ᠨᠢᠭᠡᠳᠦᠯᠲᠡᠢ ᠲᠥᠯᠥᠪᠯᠡᠬᠦ ᠴᠢᠳᠠᠪᠤᠷᠢ ᠪᠠ ᠡᠵᠡᠩᠨᠡᠬᠦ ᠦᠷ᠎ᠡ ᠠᠰᠢᠭ ᠢᠶᠠᠨ ᠳᠡᠭᠡᠭᠰᠢᠯᠡᠭᠦᠯᠭᠦ ᠬᠡᠷᠡᠭᠲᠡᠢ ᠃ 

      ᠬᠤᠷᠢᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠳᠤ ᠡᠳ᠋ ᠬᠥᠷᠥᠩᠭᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠤᠨ ᠂ ᠡᠳ᠋ ᠬᠥᠷᠥᠩᠭᠡ ᠲᠣᠬᠢᠷᠠᠭᠤᠯᠬᠤ ᠬᠠᠮᠢᠶ᠎ᠠ ᠪᠦᠬᠦᠢ ᠵᠠᠷᠤᠯᠭ᠎ᠠ ᠶᠢᠨ ᠲᠥᠰᠥᠪ ᠢᠶᠠᠨ ᠨᠠᠶᠢᠷᠠᠭᠤᠯᠤᠨ ᠵᠣᠬᠢᠶᠠᠵᠤ᠂ ᠲᠥᠰᠥᠪ ᠤᠨ ᠬᠠᠮᠢᠶᠠᠷᠤᠯᠲᠠ ᠶᠢᠨ ᠲᠣᠭᠲᠠᠭᠠᠯ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠴᠣᠬᠤᠯᠠᠪᠤᠷᠢᠯᠠᠭᠰᠠᠨ ᠲᠥᠰᠥᠪ ᠤᠨ ᠶᠣᠰᠣᠭᠠᠷ ᠡᠳ᠋ ᠬᠥᠷᠥᠩᠭᠡ ᠪᠠᠨ ᠲᠣᠬᠢᠷᠠᠭᠤᠯᠬᠤ ᠬᠡᠷᠡᠭᠲᠡᠢ ᠃ 

      ᠬᠤᠷᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠦᠷ᠎ᠡ ᠪᠦᠲᠦᠮᠵᠢ ᠪᠠᠨ ᠰᠢᠨ᠎ᠡ ᠪᠠᠷ ᠨᠡᠮᠡᠭᠳᠡᠭᠰᠡᠨ ᠡᠳ᠋ ᠬᠥᠷᠥᠩᠭᠡ ᠲᠣᠬᠢᠷᠠᠭᠤᠯᠬᠤ ᠲᠥᠰᠥᠪ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠲᠥᠰᠥᠪ ᠤᠨ ᠬᠢᠵᠠᠭᠠᠷᠯᠠᠯ ᠢᠶᠠᠷ ᠳᠠᠮᠵᠢᠭᠤᠯᠤᠨ ᠡᠳ᠋ ᠬᠥᠷᠥᠩᠭᠡ ᠶᠢ ᠴᠢᠯᠦᠭᠡᠲᠡᠢ ᠪᠣᠯᠭᠠᠨ ᠠᠰᠢᠭᠯᠠᠬᠤ ᠶᠢ ᠠᠬᠢᠭᠤᠯᠬᠤ ᠬᠡᠷᠡᠭᠲᠡᠢ ᠃ 

      ᠡᠳ᠋ ᠬᠥᠷᠥᠩᠭᠡ ᠶᠢ ᠰᠤᠯᠠ ᠲᠠᠯᠪᠢᠵᠤ ᠬᠦᠨᠳᠦ ᠨᠣᠴᠢᠲᠠᠢ ᠪᠦᠷᠢᠯᠭᠡᠵᠦ ᠪᠠᠶᠢᠭ᠎ᠠ ᠰᠠᠯᠠᠭ᠎ᠠ ᠮᠥᠴᠢᠷ᠂ ᠨᠢᠭᠡᠴᠢ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠠᠶᠢᠳᠠᠯ ᠢ ᠨᠢ ᠦᠵᠡᠵᠦ ᠰᠢᠨ᠎ᠡ ᠪᠠᠷ ᠨᠡᠮᠡᠭᠳᠡᠭᠦᠯᠬᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠥᠪ ᠢ ᠨᠢ ᠴᠣᠬᠤᠯᠠᠪᠤᠷᠢᠯᠠᠬᠤ ᠪᠠᠨ ᠵᠣᠭᠰᠣᠭᠠᠵᠤ ᠪᠣᠯᠣᠨ᠎ᠠ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠲᠦᠷᠢᠶᠡᠰᠦᠯᠡᠭᠦᠯᠵᠦ᠂ ᠵᠢᠭᠡᠯᠡᠭᠦᠯᠦᠭᠰᠡᠨ ᠠᠳᠠᠯᠢ ᠲᠦᠷᠦᠯ ᠤᠨ ᠡᠳ᠋ ᠬᠥᠷᠥᠩᠭᠡ ᠶᠢ ᠬᠤᠳᠠᠯᠳᠤᠨ ᠠᠪᠴᠤ ᠪᠣᠯᠬᠤ ᠦᠭᠡᠢ ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ ᠃ 

      ᠬᠤᠷᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠪᠡᠯᠡ ᠣᠷᠣᠭᠤᠯᠣᠯᠳᠡ ᠪᠠᠷ ᠪᠦᠲᠦᠭᠡᠨ ᠪᠠᠶᠢᠭᠤᠯᠬᠤ ᠳᠤ ᠪᠠᠨ᠂ ᠪᠡᠯᠡ ᠮᠥᠩᠭᠦᠨ ᠤ ᠢᠷᠡᠯᠲᠡ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠥᠰᠥᠪ ᠤᠨ ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠠᠴᠠ ᠰᠡᠷᠭᠡᠶᠢᠯᠡᠬᠦ ᠶᠢᠨ ᠬᠠᠮᠲᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠬᠤ ᠨᠢᠭᠡᠴᠢ ᠪᠠᠨ ᠲᠣᠳᠣᠷᠬᠠᠶᠢᠯᠠᠬᠤ ᠬᠡᠷᠡᠭᠲᠡᠢ ᠃ 

      ᠬᠤᠷᠢᠨ ᠭᠤᠷᠪᠠᠳᠤᠭᠠᠷ ᠵᠦᠢᠯ   ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ ᠪᠠ ᠰᠢᠢᠳᠪᠦᠷᠢᠯᠡᠭᠰᠡᠨ ᠵᠡᠷᠭᠡ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠰᠠᠩ ᠳᠤ ᠲᠥᠪᠯᠡᠷᠡᠭᠦᠯᠦᠨ ᠬᠤᠷᠢᠶᠠᠵᠤ ᠠᠪᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ ᠃ 

      ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠰᠠᠩ ᠳᠤ ᠲᠥᠪᠯᠡᠷᠡᠭᠦᠯᠦᠨ ᠬᠤᠷᠢᠶᠠᠵᠤ ᠠᠪᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠢ  ᠃ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠬᠡᠷᠡᠭᠯᠡᠵᠦ ᠪᠤᠶ ᠪᠣᠯᠤᠭᠰᠠᠨ ᠣᠷᠣᠯᠭ᠎ᠠ ᠳᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠳᠠᠲᠠᠢ ᠬᠠᠮᠢᠶᠠᠷᠤᠯᠲᠠ ᠶᠢᠨ ᠠᠷᠭ᠎ᠠ ᠲᠣᠭᠲᠠᠭᠠᠬᠤ

ᠬᠡᠷᠡᠭᠲᠡᠢ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠲᠣᠷᠭᠠᠵᠤ ᠬᠤᠷᠢᠶᠠᠭᠰᠠᠨ ᠡᠳ᠋ ᠬᠥᠷᠥᠩᠭᠡ ᠪᠠᠨ ᠤᠯᠤᠰ ᠤᠨ ᠲᠣᠭᠲᠠᠭᠠᠯ ᠶᠣᠰᠣᠭᠠᠷ ᠢᠯᠡ ᠪᠠᠷ ᠦᠨ᠎ᠡ ᠬᠠᠶᠠᠵᠤ ᠬᠤᠳᠠᠯᠳᠤᠬᠤ ᠪᠤᠶᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠣᠯᠣᠭᠰᠠᠨ ᠵᠣᠭᠤᠰ ᠢᠶᠠᠨ ᠪᠦᠬᠦᠨ ᠢ ᠤᠯᠤᠰ ᠤᠨ ᠰᠠᠩ ᠳᠤ ᠲᠤᠰᠢᠶᠠᠬᠤ ᠬᠡᠷᠡᠭᠲᠡᠢ ᠃ 

      ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠨᠡᠷ᠎ᠡ ᠪᠠᠷ ᠰᠢᠢᠳᠪᠦᠷᠢᠯᠡᠬᠦ ᠴᠢᠬᠤᠯᠠ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠪᠤᠶᠤ ᠬᠤᠳᠠᠯ ᠬᠠᠭᠤᠷᠮᠠᠭ ᠢᠶᠠᠷ ᠠᠷᠠᠯᠵᠢᠶᠠᠯᠠᠵᠤ᠂ ᠬᠡᠯᠪᠡᠷᠢ ᠶᠢ ᠨᠢ ᠥᠭᠡᠷᠡᠲᠦᠭᠦᠯᠦᠨ ᠡᠳ᠋ ᠤᠨ ᠵᠠᠰᠠᠭ ᠤᠨ ᠣᠷᠣᠯᠭ᠎ᠠ ᠶᠢ ᠬᠡᠶᠢᠰᠪᠦᠷᠢ ᠨᠡᠮᠡᠭᠳᠡᠭᠦᠯᠬᠦ ᠶᠢ ᠴᠠᠭᠠᠵᠠᠯᠠᠬᠤ ᠬᠡᠷᠡᠭᠲᠡᠢ ᠃

      ᠭᠤᠷᠪᠠᠳᠤᠭᠠᠷ ᠪᠦᠯᠦᠭ   ᠰᠠᠭᠤᠷᠢ ᠬᠠᠮᠢᠶᠠᠷᠤᠯᠲᠠ ᠬᠢᠭᠡᠳ ᠡᠳ᠋ ᠬᠥᠷᠥᠩᠭᠡ ᠶᠢᠨ ᠬᠡᠷᠡᠭᠯᠡᠯᠲᠡ

      ᠬᠤᠷᠢᠨ ᠳᠥᠷᠪᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠡ ᠲᠠᠩᠰᠠ ᠪᠠᠶᠢᠭᠤᠯᠵᠤ᠂ ᠤᠯᠤᠰ ᠤᠨ ᠨᠢᠭᠡᠳᠦᠯᠲᠡᠢ ᠨᠢᠭᠲᠠᠯᠠᠨ ᠪᠤᠳᠤᠬᠤ ᠳᠦᠷᠢᠮ ᠶᠣᠰᠣᠭᠠᠷ ᠨᠢᠭᠲᠠᠯᠠᠨ ᠪᠤᠳᠤᠵᠤ ᠲᠣᠭᠠᠴᠠᠭ᠎ᠠ ᠬᠢᠬᠦ ᠬᠡᠷᠡᠭᠲᠡᠢ᠂ ᠪᠣᠶ ᠪᠦᠬᠦᠢ ᠬᠥᠷᠥᠩᠭᠡ ᠶᠢᠨ ᠴᠢᠨᠠᠷᠲᠠᠢ ᠵᠠᠷᠤᠯᠭ᠎ᠠ ᠶᠢ ᠡᠳ᠋ ᠬᠥᠷᠥᠩᠭᠡ ᠪᠣᠯᠭᠠᠬᠤ ᠶᠢᠨ ᠬᠠᠮᠲᠤ ᠪᠥᠬᠦ ᠶᠠᠪᠤᠴᠠ ᠶᠢ ᠲᠡᠮᠳᠡᠭᠯᠡᠵᠦ᠂ ᠲᠠᠩᠰᠠᠨ ᠠᠴᠠ ᠭᠠᠳᠠᠭᠤᠷᠬᠢ ᠡᠳ᠋ ᠬᠥᠷᠥᠩᠭᠡ ᠪᠣᠯᠭᠠᠵᠤ ᠪᠣᠯᠬᠤ ᠦᠭᠡᠢ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ ᠬᠠᠮᠢᠶ᠎ᠠ ᠪᠦᠬᠦᠢ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠷᠭᠤᠭᠤᠯᠤᠨ ᠲᠠᠩᠰᠠᠨ ᠠᠴᠠ ᠭᠠᠷᠭᠠᠬᠤ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠢ ᠃ 

      ᠬᠤᠷᠢᠨ ᠲᠠᠪᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠨᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢᠶᠠᠷ ᠡᠳ᠋ ᠬᠥᠷᠥᠩᠭᠡ ᠲᠣᠬᠢᠷᠠᠭᠤᠯᠤᠭᠰᠠᠨ ᠪᠣᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠡᠳ᠋ ᠬᠥᠷᠥᠩᠭᠡ ᠲᠤᠰᠢᠶᠠᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠬᠦ ᠶᠢᠨ ᠬᠠᠮᠲᠤ᠂ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠭᠦᠢᠴᠡᠳᠬᠡᠵᠦ᠂ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠢ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠪᠠᠷᠢᠯᠭ᠎ᠠ ᠪᠠᠨ ᠲᠤᠰᠢᠶᠠᠭᠰᠠᠨ ᠪᠣᠯᠪᠠᠴᠤ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠢ ᠭᠦᠢᠴᠡᠳᠬᠡᠭᠡᠳᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠢ ᠳᠦᠷᠢᠮ ᠶᠣᠰᠣᠭᠠᠷ ᠡᠳ᠋ ᠬᠥᠷᠥᠩᠭᠡ ᠶᠢᠨ ᠦᠷᠳᠡᠭ ᠢ ᠨᠤᠲᠠᠯᠠᠨ ᠲᠣᠭᠲᠠᠭᠠᠬᠤ ᠬᠡᠷᠡᠭᠲᠡᠢ ᠃ 

      ᠬᠤᠷᠢᠨ ᠵᠢᠷᠭᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠷᠬᠡ ᠶᠢᠨ ᠬᠠᠷᠢᠶᠠᠯᠠᠯ ᠤᠨ ᠳᠠᠩᠰᠠᠯᠠᠯ ᠬᠢᠬᠦ ᠴᠢᠬᠤᠯᠠᠲᠠᠢ ᠡᠳ᠋ ᠬᠥᠷᠥᠩᠭᠡ ᠶᠢ ᠬᠠᠤᠯᠢ ᠶᠣᠰᠣᠭᠠᠷ ᠴᠠᠭ ᠲᠤᠬᠠᠢ ᠳᠤ ᠨᠢ ᠳᠠᠩᠰᠠᠯᠠᠬᠤ ᠪᠠᠨ ᠭᠦᠢᠴᠡᠳᠬᠡᠬᠦ ᠬᠡᠷᠡᠭᠲᠡᠢ ᠃ ᠲᠠᠩᠰᠠ ᠬᠠᠷ᠎ᠠ ᠳᠤ ᠲᠡᠮᠳᠡᠭᠯᠡᠭᠰᠡᠨ ᠪᠣᠯᠪᠠᠴᠤ ᠥᠮᠴᠢᠯᠡᠬᠦ ᠡᠷᠬᠡ ᠶᠢᠨ ᠦᠨᠡᠮᠯᠡᠯ ᠤᠨ ᠭᠠᠷ ᠭᠦᠢᠴᠡᠳᠬᠡᠯ ᠨᠢ ᠪᠦᠷᠢᠨ ᠪᠤᠰᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠨᠤᠲᠠᠯᠠᠬᠤ ᠪᠠᠷ ᠭᠤᠶᠤᠴᠢᠯᠠᠵᠤ ᠂ ᠡᠷᠬᠡ ᠶᠢᠨ ᠬᠠᠷᠢᠶᠠᠯᠠᠯ ᠢ ᠳᠠᠩᠰᠠᠯᠠᠬᠤ ᠠᠵᠢᠯ ᠢᠶᠠᠨ ᠴᠠᠭ ᠲᠤᠬᠠᠢ ᠳᠤ ᠨᠢ ᠬᠢᠬᠦ ᠬᠡᠷᠡᠭᠲᠡᠢ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠬᠤᠭᠤᠷᠣᠨᠳᠤ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠤᠰᠤᠳ ᠨᠢᠭᠡᠴᠢ ᠪᠠ ᠬᠤᠪᠢ ᠬᠥᠮᠥᠨ ᠯᠦᠭᠡ ᠬᠤᠭᠤᠷᠣᠨᠳᠤ ᠪᠠᠨ ᠡᠳ᠋ ᠬᠥᠷᠥᠩᠭᠡ ᠶᠢᠨ ᠵᠠᠷᠭᠤᠯᠳᠤᠭᠠᠨ ᠡᠭᠦᠰᠦᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠥᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠬᠡᠷᠡᠭᠲᠡᠢ ᠃ 

      ᠬᠤᠷᠢᠨ ᠳᠣᠯᠣᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂  ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ 

      ᠬᠤᠷᠢᠨ ᠨᠠᠢᠮᠠᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠳ᠋ ᠬᠥᠷᠥᠩᠭᠡ ᠪᠠᠨ ᠲᠣᠭᠠᠯᠠᠨ ᠪᠦᠷᠢᠳᠬᠡᠵᠦ᠂ ᠲᠡᠩᠰᠠ ᠬᠠᠷᠭᠤᠭᠤᠯᠬᠤ ᠬᠡᠷᠡᠭᠲᠡᠢ ᠃ ᠡᠳ᠋ ᠬᠥᠷᠥᠩᠭᠡ ᠶᠢᠨ ᠪᠦᠷᠢᠳᠬᠡᠯ ᠤᠨ ᠣᠯᠵᠠᠪᠤᠷᠢ ᠪᠠ ᠠᠯᠳᠠᠪᠤᠷᠢ ᠭᠠᠷᠤᠭᠰᠠᠨ ᠪᠠᠶᠢᠪᠠᠯ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠳᠠᠩᠰᠠ ᠨᠢ ᠪᠣᠳᠠᠲᠠᠢ ᠲᠠᠢ ᠨᠡᠶᠢᠴᠡᠬᠦ ᠪᠠ ᠳᠠᠩᠰᠠ ᠳᠠᠩᠰᠠ ᠶᠢ ᠬᠠᠷᠢᠯᠴᠠᠨ ᠨᠡᠶᠢᠴᠡᠭᠦᠯᠬᠦ ᠬᠡᠷᠡᠭᠲᠡᠢ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠢᠯ ᠪᠦᠷᠢ ᠣᠨ ᠤ ᠡᠳ᠋ ᠬᠥᠷᠥᠩᠭᠡ ᠶᠢᠨ ᠲᠣᠭᠠᠯᠠᠨ ᠪᠦᠷᠢᠳᠬᠡᠬᠦ ᠠᠵᠢᠯ ᠲᠠᠢ ᠪᠠᠨ ᠤᠶᠠᠯᠳᠤᠭᠤᠯᠤᠨ ᠲᠤᠰᠬᠠᠢ ᠵᠦᠢᠯ ᠢᠶᠠᠷ ᠢᠯᠭᠠᠷᠠᠭᠤᠯᠤᠨ ᠳᠢᠭᠯᠡᠵᠦ᠂ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢ ᠡᠮᠬᠢᠯᠡᠨ᠂ ᠦᠷ᠎ᠡ ᠪᠦᠳᠦᠮᠵᠢ ᠪᠠᠷ ᠳᠣᠣᠷ᠎ᠠ ᠣᠷᠴᠢᠬᠤ᠂ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ᠂ ᠭᠠᠵᠠᠷ ᠰᠢᠷᠣᠢ᠂ ᠲᠡᠷᠭᠡ ᠬᠥᠰᠬᠡ᠂ ᠠᠯᠪᠠᠨ ᠲᠥᠬᠦᠭᠡᠷᠦᠮᠵᠢ ᠬᠡᠷᠡᠭᠰᠡᠯ᠂ ᠲᠣᠮᠣ ᠬᠡᠯᠪᠡᠷᠢ ᠶᠢᠨ ᠬᠡᠮᠵᠢᠭᠦᠷᠯᠢᠭ᠂ ᠵᠥᠭᠡᠯᠡᠨ ᠲᠣᠨᠤᠭ ᠵᠡᠷᠭᠡ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠬᠡᠪᠴᠢᠶᠡᠨ ᠳᠤ ᠪᠠᠨ ᠣᠷᠣᠭᠤᠯᠤᠨ᠂ ᠥᠪᠡᠰᠦᠪᠡᠨ ᠬᠡᠷᠡᠭᠯᠡᠬᠦ᠂ ᠬᠠᠮᠲᠤ ᠳᠤ ᠪᠠᠨ ᠭᠥᠷᠳᠡᠬᠦ᠂ ᠰᠢᠯᠵᠢᠭᠦᠯᠦᠨ ᠲᠣᠬᠢᠷᠠᠭᠤᠯᠬᠤ᠂ ᠲᠦᠷᠢᠶᠡᠰᠦᠯᠡᠬᠦ᠂ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ  ᠶᠢ ᠠᠬᠢᠭᠤᠯᠵᠤ᠂ ᠡᠳ᠋ ᠬᠥᠷᠥᠩᠭᠡ ᠶᠢ ᠠᠰᠢᠭᠯᠠᠬᠤ ᠪᠦᠳᠣᠮᠵᠢ ᠴᠢᠳᠠᠮᠵᠢ ᠪᠠᠨ ᠪᠠᠳᠠᠷᠠᠭᠤᠯᠤᠨ᠎ᠠ ᠃ 

      ᠬᠤᠷᠢ ᠶᠢᠰᠦᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠡᠯ᠎ᠡ ᠵᠦᠢᠯ ᠤᠨ ᠠᠷᠭ᠎ᠠ ᠮᠠᠶ᠋ᠢᠭ ᠢ ᠠᠰᠢᠭᠯᠠᠨ᠂ ᠲᠤᠰ ᠨᠢᠭᠡᠴᠢ ᠶᠢᠨ ᠢᠶᠠᠨ ᠬᠡᠪᠴᠢᠶᠡᠨ ᠳᠤ ᠴᠢᠯᠦᠭᠡᠲᠡᠢ ᠪᠤᠯᠭᠠᠵᠦ ᠳᠡᠶᠢᠯᠬᠦ ᠡᠳ᠋ ᠬᠥᠷᠥᠩᠭᠡ ᠶᠢ ᠴᠢᠯᠦᠭᠡᠲᠡᠢ ᠪᠣᠯᠭᠠᠨ ᠠᠰᠢᠭᠯᠠᠬᠤ ᠪᠠᠨ ᠲᠦᠷᠭᠡᠳᠬᠡᠬᠦ ᠬᠡᠷᠡᠭᠲᠡᠢ︔ ᠲᠤᠰ ᠨᠢᠭᠡᠴᠢ ᠳᠤ ᠪᠠᠨ ᠴᠢᠯᠦᠭᠡᠲᠡᠢ ᠪᠣᠯᠭᠠᠵᠣ ᠲᠡᠶᠢᠯᠬᠦ ᠦᠭᠡᠢ ᠡᠳ᠋ ᠬᠥᠷᠥᠩᠭᠡ ᠶᠢ ᠪᠣᠯ᠂ ᠴᠢᠯᠦᠭᠡᠲᠡᠢ ᠪᠣᠯᠭᠠᠬᠤ ᠪᠠᠷ ᠪᠠᠶᠢᠭ᠎ᠠ ᠡᠳ᠋ ᠬᠥᠷᠥᠩᠭᠡ ᠶᠢᠨ ᠮᠡᠳᠡᠭᠡ ᠵᠠᠩᠭᠢ ᠪᠠᠨ ᠲᠤᠰ ᠨᠢᠭᠡᠴᠢ ᠶᠢᠨ ᠢᠶᠠᠨ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ  ᠳᠤ ᠨᠢ ᠮᠡᠳᠡᠭᠦᠯᠬᠦ ᠬᠡᠷᠡᠭᠲᠡᠢ ᠃ 

      ᠡᠯ᠎ᠡ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠬᠠᠷᠢᠶ᠎ᠠ ᠨᠢᠭᠡᠴᠢ ᠪᠠᠨ ᠵᠢᠯᠤᠭᠤᠳᠴᠤ ᠪᠠᠶᠢᠭᠠᠳ ᠡᠳ᠋ ᠬᠥᠷᠥᠩᠭᠡ ᠶᠢ ᠰᠢᠯᠵᠢᠭᠦᠯᠦᠨ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ ᠬᠥᠷᠥᠩᠭᠡ ᠶᠢ ᠴᠢᠯᠦᠭᠡᠲᠡᠢ ᠪᠣᠯᠭᠠᠵᠣ᠂ ᠡᠳ᠋ ᠬᠥᠷᠥᠩᠭᠡ ᠶᠢ ᠲᠣᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠶᠢᠨ ᠬᠤᠭᠤᠷᠣᠨᠳᠤ ᠴᠢᠯᠦᠭᠡᠲᠡᠢ ᠪᠣᠯᠭᠠᠨ ᠠᠰᠢᠭᠯᠠᠬᠤ ᠶᠢ ᠨᠢ ᠠᠬᠢᠭᠤᠯᠤᠨ᠎ᠠ︔ ᠲᠣᠰ ᠰᠠᠯᠠᠭ᠎ᠠ ᠮᠥᠴᠢᠷ ᠤᠨ ᠪᠦᠲᠦᠮᠵᠢᠲᠡᠢ ᠴᠢᠯᠦᠭᠡᠲᠡᠢ ᠪᠣᠯᠭᠠᠵᠣ ᠳᠡᠶᠢᠯᠬᠦ ᠦᠭᠡᠢ ᠡᠳ᠋ ᠬᠥᠷᠥᠩᠭᠡ ᠳᠤ ᠪᠣᠯ᠂ ᠡᠳ᠋ ᠬᠥᠷᠥᠩᠭᠡ ᠶᠢᠨ ᠮᠡᠳᠡᠭᠡ ᠵᠠᠩᠭᠢ ᠪᠠᠨ ᠴᠠᠭ ᠲᠤᠬᠠᠢ ᠳᠤ  ᠨᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠷᠢᠭᠤ ᠲᠤᠰᠬᠠᠬᠤ ᠬᠡᠷᠡᠭᠲᠡᠢ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠᠨ ᠴᠢᠩᠭᠠᠳᠬᠠᠨ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠴᠢᠯᠦᠭᠡᠲᠡᠢ ᠪᠣᠯᠭᠠᠬᠤ ᠪᠠᠷ ᠪᠠᠶᠢᠭ᠎ᠠ ᠡᠳ᠋ ᠬᠥᠷᠥᠩᠭᠡ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠨᠡᠶᠢᠲᠡᠯᠡᠬᠦ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠴᠢᠯᠦᠭᠡᠲᠡᠢ ᠪᠣᠯᠭᠠᠬᠤ ᠪᠠᠷ ᠪᠠᠶᠢᠭ᠎ᠠ ᠡᠳ᠋ ᠬᠥᠷᠥᠩᠭᠡ ᠶᠢ ᠰᠤᠯᠠ ᠲᠠᠯᠪᠢᠭᠳᠠᠵᠤ ᠪᠠᠶᠢᠭᠰᠠᠨ ᠠᠴᠠ ᠨᠢ ᠬᠡᠷᠡᠭᠯᠡᠭᠳᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠡᠳ᠋ ᠬᠥᠷᠥᠩᠭᠡ ᠶᠢ ᠴᠢᠯᠦᠭᠡᠲᠡᠢ ᠪᠣᠯᠭᠠᠬᠤ ᠨᠡᠪᠲᠡᠷᠡᠯ ᠵᠠᠮ ᠢ ᠰᠢᠯᠤᠭᠤᠳᠬᠠᠬᠤ ᠬᠡᠷᠡᠭᠲᠡᠢ ᠃ 

      ᠭᠤᠴᠢᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠭᠦᠢᠯᠭᠡᠭᠡᠨ ᠳᠠᠬᠢ ᠡᠳ᠋ ᠬᠥᠷᠥᠩᠭᠡ᠂ ᠲᠣᠭᠲᠠᠮᠠᠯ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠬᠥᠷᠥᠩᠭᠡ ᠵᠡᠷᠭᠡ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠡᠷᠡᠭᠯᠡᠬᠦ ᠴᠤᠪᠤᠷᠠᠯ ᠢ ᠵᠢᠷᠤᠮᠵᠢᠭᠤᠯᠵᠤ᠂ ᠥᠮᠴᠢᠯᠡᠬᠦ ᠡᠷᠬᠡ ᠶᠢᠨ ᠬᠠᠮᠠᠭᠠᠯᠠᠯᠲᠠ   ᠪᠠᠨ ᠴᠢᠩᠭᠠᠳᠬᠠᠨ᠂ ᠬᠠᠮᠢᠶ᠎ᠠ ᠪᠦᠬᠦᠢ ᠡᠳ᠋ ᠬᠥᠷᠥᠩᠭᠡ ᠶᠢ ᠠᠮᠤᠷ ᠲᠦᠪᠰᠢᠨ ᠪᠦᠲᠦᠮᠵᠢᠲᠡᠶ ᠬᠡᠷᠡᠭᠯᠡᠬᠦ ᠶᠢ ᠠᠬᠢᠭᠤᠯᠬᠤ ᠬᠡᠷᠡᠭᠲᠡᠢ ᠃ 

      ᠭᠤᠴᠢᠨ ᠨᠢᠭᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠬᠡᠷᠡᠭᠯᠡᠵᠦ ᠬᠠᠮᠢᠶᠠᠷᠬᠤ ᠬᠠᠷᠢᠭᠤᠴᠠᠯᠭ᠎ᠠ ᠶᠢ ᠬᠤᠪᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠭᠴᠢ ᠪᠠ ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ ᠠᠮᠤᠷ ᠲᠦᠪᠰᠢᠨ ᠪᠥᠭᠡᠳ ᠪᠦᠷᠢᠨ ᠪᠦᠲᠦᠨ᠂ ᠥᠨᠳᠥᠷ ᠦᠷ᠎ᠡ ᠪᠦᠲᠦᠮᠵᠢᠲᠡᠶ ᠠᠰᠢᠭᠯᠠᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ 

      ᠡᠳ᠋ ᠬᠥᠷᠥᠩᠭᠡ ᠶᠢᠨ ᠬᠡᠷᠡᠭᠯᠡᠭᠴᠢ ᠬᠠᠮᠢᠶᠠᠷᠤᠭᠴᠢ ᠳᠦᠷᠢᠮ ᠲᠣᠭᠲᠠᠭᠠᠯ ᠢᠶᠠᠷ ᠡᠳ᠋ ᠬᠥᠷᠥᠩᠭᠡ ᠶᠢ ᠵᠦᠢ ᠵᠣᠬᠢᠰᠲᠠᠢ ᠬᠡᠷᠡᠭᠯᠡᠨ ᠬᠠᠮᠢᠶᠠᠷᠴᠤ᠂ ᠡᠳ᠋ ᠬᠥᠷᠥᠩᠭᠡ ᠶᠢᠨ ᠪᠦᠳᠣᠮᠵᠢ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠃ ᠡᠳ᠋ ᠬᠥᠷᠥᠩᠭᠡ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠯᠵᠢᠭᠦᠯᠦᠨ ᠲᠣᠬᠢᠷᠠᠭᠤᠯᠬᠤ᠂ ᠰᠢᠨᠡᠳᠬᠡᠬᠦ᠂ ᠬᠡᠷᠡᠭᠯᠡᠭᠡᠨ ᠠᠴᠠ ᠭᠠᠷᠭᠠᠬᠤ ᠴᠢᠬᠤᠯᠠᠲᠠᠢ ᠪᠠᠶᠢᠪᠠᠯ᠂ ᠡᠳ᠋ ᠬᠥᠷᠥᠩᠭᠡ ᠶᠢᠨ ᠬᠡᠷᠡᠭᠯᠡᠭᠴᠢ ᠬᠠᠮᠢᠶᠠᠷᠤᠭᠴᠢ ᠴᠠᠭ ᠲᠤᠬᠠᠢ ᠳᠤ ᠨᠢ ᠳᠤᠷᠠᠳᠬᠤ ᠬᠡᠷᠡᠭᠲᠡᠢ ᠃ 

      ᠡᠳ᠋ ᠬᠥᠷᠥᠩᠭᠡ ᠬᠡᠷᠡᠭᠯᠡᠭᠴᠢ ᠬᠠᠮᠢᠶᠠᠷᠤᠭᠴᠢ ᠬᠤᠪᠢᠷᠠᠯᠲᠠ ᠭᠠᠷᠬᠤ ᠶᠢ ᠬᠦᠷᠪᠡᠯ᠂ ᠡᠳ᠋ ᠬᠥᠷᠥᠩᠭᠡ ᠶᠢ ᠲᠤᠰᠢᠶᠠᠬᠤ ᠪᠠ ᠬᠦᠯᠢᠶᠡᠨ ᠠᠪᠬᠤ ᠭᠠᠷ ᠭᠦᠢᠴᠡᠳᠬᠡᠯ ᠢ ᠴᠠᠭ ᠲᠤᠬᠠᠢ ᠳᠤ ᠨᠢ ᠬᠢᠬᠦ ᠬᠡᠷᠡᠭᠲᠡᠢ ᠃ 

      ᠭᠤᠴᠢᠨ ᠬᠤᠶᠠᠳᠤᠭᠠᠷ ᠵᠦᠢᠯ   ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠰ ᠨᠢᠭᠡᠴᠢ ᠶᠢᠨ ᠢᠶᠠᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠬᠦ ᠬᠡᠷᠡᠭᠲᠡᠢ ᠃ 

      ᠵᠠᠰᠠᠭ ᠵᠠᠬᠢᠷᠭᠠᠨ ᠤ ᠨᠢᠭᠡᠴᠢ ᠶᠠᠮᠠᠷᠪᠠ ᠬᠡᠯᠪᠡᠷᠢ ᠮᠠᠶ᠋ᠢᠭ ᠢᠶᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠭᠠᠳᠠᠭᠰᠢ ᠪᠡᠯᠡ  ᠣᠷᠣᠭᠤᠯᠣᠯᠳᠡ ᠬᠢᠬᠦ ᠪᠤᠶᠤ ᠠᠰᠢᠭ ᠬᠤᠨᠵᠢᠪᠤᠷᠢ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠢ ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ ᠃ 

      ᠭᠤᠴᠢᠨ ᠭᠤᠷᠪᠠᠳᠤᠭᠠᠷ ᠵᠦᠢᠯ   ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ ᠪᠠ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠬᠡᠷᠡᠭᠲᠡᠢ ᠃ 

      ᠠᠵᠢᠯ ᠦᠢᠯᠡᠰ ᠤᠨ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠭᠯᠠᠨ ᠭᠠᠳᠠᠭᠰᠢ ᠪᠡᠯᠡ ᠤᠷᠤᠭᠤᠯᠤᠯᠲᠠ ᠬᠢᠬᠦ ᠪᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ ᠠᠵᠢᠯ ᠦᠢᠯᠡᠰ ᠤᠨ ᠬᠥᠭᠵᠢᠯᠲᠡ ᠪᠣᠯᠣᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠠᠰᠢᠭᠲᠠᠢ ᠪᠠᠶᠢᠯᠭᠠᠬᠤ ᠶᠢᠨ ᠬᠠᠮᠲᠤ᠂ ᠪᠣᠯᠣᠮᠵᠢᠲᠤ ᠰᠤᠳᠤᠯᠤᠯ ᠬᠢᠬᠦ ᠪᠠ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠳᠠᠮᠵᠢᠭᠤᠯᠵᠤ᠂ ᠲᠣᠭᠲᠠᠭᠰᠠᠨ ᠡᠷᠬᠡ ᠶᠢᠨ ᠬᠢᠵᠠᠭᠠᠷ ᠪᠣᠯᠣᠨ ᠳᠡᠰ ᠳᠠᠷᠠᠭᠠᠯᠠᠯ  ᠢᠶᠠᠷ ᠶᠠᠪᠤᠭᠳᠠᠭᠤᠯᠬᠤ ᠬᠡᠷᠡᠭᠲᠡᠢ ᠃ 

      ᠠᠵᠢᠯ ᠦᠢᠯᠡᠰ ᠤᠨ ᠨᠢᠭᠡᠴᠢ ᠨᠢ ᠭᠠᠳᠠᠭᠰᠢ ᠪᠡᠯᠡ ᠣᠷᠤᠭᠤᠯᠤᠯᠲᠠ ᠬᠢᠬᠦ ᠳᠤ ᠪᠦᠷᠢᠯᠳᠦᠭᠰᠡᠨ ᠰᠲ᠋ᠣᠺ ᠤᠨ ᠡᠷᠬᠡ ᠵᠢᠴᠢ ᠬᠠᠮᠢᠶ᠎ᠠ ᠪᠦᠬᠦᠢ ᠡᠷᠬᠡ ᠠᠰᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠣᠭᠲᠠᠭᠠᠯ ᠶᠣᠰᠣᠭᠠᠷ ᠭᠠᠳᠠᠭᠰᠢ ᠪᠡᠯᠡ ᠣᠷᠤᠭᠤᠯᠤᠯᠲᠠ ᠬᠢᠬᠦ ᠳᠤ ᠪᠦᠷᠢᠯᠳᠦᠭᠰᠡᠨ ᠰᠲ᠋ᠣᠺ ᠤᠨ ᠡᠷᠬᠡ ᠪᠠᠨ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠢ ᠃ 

      ᠭᠤᠴᠢᠨ ᠳᠥᠷᠪᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢᠨ ᠪᠥᠬᠦ ᠠᠮᠢ ᠶᠢᠨ ᠦᠶᠡᠯᠡᠯ ᠤᠨ ᠬᠤᠭᠤᠴᠠᠭᠠᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠰᠢᠢᠳᠪᠦᠷᠢᠯᠡᠬᠦ ᠵᠦᠢᠯᠡᠰ ᠢᠶᠠᠨ ᠲᠦᠷᠭᠡᠳᠬᠡᠨ ᠭᠦᠢᠴᠡᠳᠬᠡᠬᠦ ᠬᠡᠷᠡᠭᠲᠡᠢ ᠃

      ᠭᠤᠴᠢᠨ ᠲᠠᠪᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠰᠢᠯᠵᠢᠭᠦᠯᠦᠨ ᠲᠣᠬᠢᠷᠠᠭᠤᠯᠵᠤ ᠠᠰᠢᠭᠯᠠᠬᠤ ᠳᠤ ᠲᠦᠪᠡᠭᠲᠡᠢ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠬᠡᠮᠵᠢᠭᠦᠷᠯᠢᠭ ᠲᠥᠬᠦᠭᠡᠷᠦᠮᠵᠢ ᠵᠡᠷᠭᠡ ᠡᠳ᠋ ᠬᠥᠷᠥᠩᠭᠡ ᠶᠢ ᠲᠣᠭᠲᠠᠭᠰᠠᠨ ᠡᠷᠬᠡ ᠶᠢᠨ ᠬᠢᠵᠠᠭᠠᠷ ᠢᠶᠠᠷ ᠬᠢᠨᠠᠨ ᠵᠥᠪᠰᠢᠶᠡᠷᠡᠭᠰᠡᠨ ᠤ ᠲᠠᠷᠠᠭ᠎ᠠ᠂ ᠭᠠᠳᠠᠭᠰᠢ ᠲᠦᠷᠢᠶᠡᠰᠦᠯᠡᠭᠦᠯᠬᠦ ᠪᠤᠶᠤ ᠰᠢᠢᠳᠪᠦᠷᠢᠯᠡᠵᠦ ᠪᠣᠯᠣᠨ᠎ᠠ ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠰᠢᠢᠳᠪᠦᠷᠢᠯᠡᠬᠦ ᠳᠤ ᠪᠠᠨ ᠢᠯᠡ ᠪᠠᠶᠢᠯᠭᠠᠬᠤ᠂ ᠲᠥᠪ ᠭᠤᠣᠯᠴᠢ᠂ ᠡᠷᠬᠡ ᠲᠡᠭᠰᠢ ᠪᠠ ᠥᠷᠢᠰᠦᠯᠳᠦᠭᠦᠯᠦᠨ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠢ ᠃ 

      ᠭᠤᠴᠢᠨ ᠵᠢᠷᠭᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠨᠳᠢᠪᠯᠡᠭ᠌ᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠦᠯᠢᠶᠡᠨ ᠠᠪᠬᠤ ᠳᠤ ᠪᠠᠨ ᠬᠠᠨᠳᠢᠪᠯᠡᠬᠤ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠬᠡᠷᠡᠭᠯᠡᠬᠦ ᠬᠡᠷᠡᠭᠲᠡᠢ ᠃ 

      ᠬᠠᠨᠳᠢᠪᠯᠡᠭ᠌ᠴᠢ ᠶᠢᠨ ᠬᠦᠰᠡᠯ ᠪᠣᠳᠣᠯ ᠨᠢ ᠲᠣᠳᠣᠷᠬᠠᠢ ᠦᠭᠡᠢ ᠪᠤᠶᠤ ᠬᠡᠷᠡᠭᠴᠡᠭᠡ ᠶᠢ ᠪᠣᠯᠵᠣᠨ ᠲᠣᠭᠲᠠᠭᠰᠠᠨ ᠦᠭᠡᠢ ᠪᠠᠶᠢᠪᠠᠯ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠬᠦ ᠬᠡᠷᠡᠭᠲᠡᠢ ᠃ 

      ᠭᠤᠴᠢᠨ ᠳᠣᠯᠣᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠪᠠᠷ ᠬᠥᠲᠥᠯᠥᠨ ᠵᠢᠯᠤᠭᠤᠳᠬᠤ ᠪᠠ ᠵᠣᠷᠢᠭᠵᠢᠭᠤᠯᠬᠤ ᠬᠡᠷᠡᠭᠲᠡᠢ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠨᠢ ᠲᠣᠰ ᠠᠵᠢᠯ ᠲᠥᠷᠥᠯ ᠤᠨ ᠢᠶᠠᠨ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠵᠢᠯ ᠲᠥᠷᠥᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠦᠨᠳᠦᠰᠦᠯᠡᠨ᠂ ᠨᠥᠬᠦᠴᠡᠯ ᠳᠤ ᠬᠦᠷᠬᠦ ᠡᠳ᠋ ᠬᠥᠷᠥᠩᠭᠡ ᠶᠢ ᠰᠢᠭᠰᠢᠨ ᠰᠣᠩᠭᠤᠵᠤ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠠᠵᠢᠯ ᠢ ᠥᠷᠨᠢᠭᠦᠯᠬᠦ ᠬᠡᠷᠡᠭᠲᠡᠢ᠂ ᠡᠭᠦᠨ ᠳᠤ ᠬᠡᠮᠵᠢᠭᠦᠷᠯᠢᠭ ᠲᠥᠬᠦᠭᠡᠷᠦᠮᠵᠢ᠂ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ᠂ ᠵᠥᠭᠡᠯᠡᠨ ᠲᠣᠨᠤᠭ ᠤᠨ ᠡᠳ᠋ ᠬᠥᠷᠥᠩᠭᠡ᠂ ᠳ᠋ᠠᠶᠢᠲ᠋ᠠ ᠶᠢᠨ ᠡᠬᠢ ᠪᠠᠶᠠᠯᠢᠭ ᠵᠡᠷᠭᠡ ᠪᠠᠭᠲᠠᠨ᠎ᠠ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠲᠣᠰ ᠨᠢᠭᠡᠴᠢ ᠶᠢᠨ ᠲᠣᠮᠣ ᠬᠡᠯᠪᠡᠷᠢ ᠶᠢᠨ ᠲᠥᠬᠦᠭᠡᠷᠦᠮᠵᠢ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠬᠠᠩᠭᠠᠭᠴᠢ ᠳᠤ ᠵᠦᠢ ᠵᠣᠬᠢᠰᠲᠠᠢ ᠨᠥᠬᠦᠪᠦᠷᠢ ᠥᠭᠴᠦ ᠪᠣᠯᠣᠨ᠎ᠠ ᠃ 

      ᠭᠤᠴᠢᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠥᠪ ᠤᠨ ᠬᠠᠮᠢᠶᠠᠷᠤᠯᠲᠠ ᠶᠢᠨ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠠᠭᠤᠰᠤᠯᠴᠠᠭᠤᠯᠬᠤ ᠶᠢ ᠠᠬᠢᠭᠤᠯᠵᠤ᠂ ᠲᠥᠰᠥᠪ ᠤᠨ ᠪᠡᠯᠡ ᠮᠥᠩᠭᠦ ᠠᠴᠠ ᠪᠦᠷᠢᠯᠳᠦᠭᠰᠡᠨ ᠡᠳ᠋ ᠬᠥᠷᠥᠩᠭᠡ ᠶᠢᠨ ᠪᠥᠬᠦ ᠬᠡᠯᠬᠢᠶᠡᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ᠰᠦᠯᠵᠢᠶ᠎ᠡ ᠪᠠᠷ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠦᠨ᠂ ᠡᠳ᠋ ᠬᠥᠷᠥᠩᠭᠡ ᠶᠢ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠲᠠᠰ ᠵᠡᠷᠭᠡ ᠠᠯᠤᠰᠯᠠᠨ ᠬᠠᠮᠲᠤ ᠳᠤ ᠪᠠᠨ ᠭᠥᠷᠳᠡᠵᠦ ᠰᠢᠯᠵᠢᠭᠦᠯᠦᠨ ᠲᠣᠬᠢᠷᠠᠭᠤᠯᠬᠤ ᠶᠢᠨ ᠪᠡᠶᠡᠯᠡᠭᠳᠡᠬᠦ ᠶᠢ ᠠᠬᠢᠭᠤᠯᠬᠤ ᠬᠡᠷᠡᠭᠲᠡᠢ ᠃ 

ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠳᠤ ᠰᠠᠭᠤᠷᠢᠯᠠᠨ ᠡᠳ᠋ ᠬᠥᠷᠥᠩᠭᠡ ᠶᠢᠨ ᠬᠡᠷᠡᠭᠯᠡᠯᠲᠡ ᠬᠠᠮᠢᠶᠠᠷᠤᠯᠲᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠠᠵᠢᠯ ᠢ ᠥᠷᠨᠢᠭᠦᠯᠵᠦ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠢ ᠳᠤ ᠨᠢ ᠡᠵᠡᠮᠰᠢᠨ᠂ ᠡᠳ᠋ ᠬᠥᠷᠥᠩᠭᠡ ᠶᠢᠨ ᠬᠠᠮᠢᠶᠠᠷᠤᠯᠲᠠ ᠳᠤ ᠴᠠᠭ ᠲᠤᠬᠠᠢ ᠳᠤ ᠨᠢ ᠣᠨᠣᠪᠴᠢᠲᠠᠶ ᠰᠠᠭᠤᠷᠢ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠤᠨ᠎ᠠ ᠃ 

      ᠳᠥᠷᠪᠡᠳᠦᠭᠡᠷ ᠪᠦᠯᠦᠭ   ᠡᠳ᠋ ᠬᠥᠷᠥᠩᠭᠡ ᠶᠢ ᠰᠢᠢᠳᠪᠦᠷᠢᠯᠡᠬᠦ

      ᠭᠤᠴᠢ ᠶᠢᠰᠦᠳᠦᠭᠡᠷ ᠵᠦᠢᠯ   ᠶᠠᠮᠠᠷᠪᠠ ᠰᠠᠯᠠᠭ᠎ᠠ ᠮᠥᠴᠢᠷ᠂ ᠨᠢᠭᠡᠴᠢ ᠭᠡᠳ ᠵᠥᠪᠰᠢᠶᠡᠷᠡᠭᠦᠯᠦᠭᠰᠡᠨ ᠦᠭᠡᠢ ᠪᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠥᠪᠡᠰᠦᠪᠡᠨ ᠰᠢᠢᠳᠪᠦᠷᠢᠯᠡᠵᠦ ᠪᠣᠯᠬᠤ ᠦᠭᠡᠢ ᠃ 

      ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠭᠦᠢᠴᠡᠳᠬᠡᠵᠦ ᠪᠠᠶᠢᠭ᠎ᠠ ᠡᠭᠦᠷᠭᠡ ᠴᠢᠳᠠᠪᠤᠷᠢ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢᠶᠠᠨ ᠦᠨᠳᠦᠰᠦᠯᠡᠨ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠭᠦᠢᠴᠡᠳᠬᠡᠬᠦ ᠪᠠᠷ ᠳᠡᠮᠵᠢᠨ᠂ ᠰᠢᠢᠳᠪᠦᠷᠢᠯᠡᠬᠦ ᠵᠦᠢᠯᠡᠰ ᠤᠨ ᠴᠣᠬᠤᠯᠠᠪᠤᠷᠢᠯᠠᠯ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠵᠦ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ ᠃ 

      ᠳᠥᠴᠢᠳᠦᠭᠡᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ ᠳᠣᠣᠷᠠᠬᠢ ᠵᠠᠷᠴᠢᠮ ᠢ ᠵᠢᠷᠤᠮᠯᠠᠬᠤ ᠬᠡᠷᠡᠭᠲᠡᠢ᠄

      ︵ ᠨᠢᠭᠡ︶ ᠢᠯᠡ ᠪᠠᠶᠢᠯᠭᠠᠬᠤ᠂ ᠡᠷᠬᠡ ᠲᠡᠭᠰᠢ᠂ ᠲᠥᠪ ᠭᠤᠣᠯᠴᠢ︔

      ︵ ᠬᠤᠶᠠᠷ︶ ᠡᠳ᠋ ᠬᠥᠷᠥᠩᠭᠡ ᠶᠢ ᠰᠢᠢᠳᠪᠦᠷᠢᠯᠡᠬᠦ ᠪᠠᠨ ᠡᠳ᠋ ᠬᠥᠷᠥᠩᠭᠡ ᠶᠢ ᠲᠣᠬᠢᠷᠠᠭᠤᠯᠬᠤ᠂ ᠬᠡᠷᠡᠭᠯᠡᠬᠦ ᠲᠠᠢ ᠬᠠᠷᠢᠯᠴᠠᠨ ᠤᠶᠠᠯᠳᠤᠭᠤᠯᠬᠤ︔

      ︵ ᠭᠤᠷᠪᠠ ︶ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ ᠃ 

      ᠳᠥᠴᠢᠨ ᠨᠢᠭᠡᠳᠦᠭᠡᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠠᠷᠭ᠎ᠠ ᠮᠠᠶ᠋ᠢᠭ ᠲᠤ ᠦᠨ᠎ᠡ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ᠂ ᠭᠠᠳᠠᠭᠰᠢ ᠬᠠᠨᠳᠢᠪᠯᠡᠬᠤ᠂ ᠰᠢᠯᠵᠢᠭᠦᠯᠦᠨ ᠥᠭᠬᠦ᠂ ᠰᠣᠯᠢᠬᠤ᠂ ᠬᠡᠷᠡᠭᠯᠡᠭᠡᠨ ᠠᠴᠠ ᠭᠠᠷᠭᠠᠬᠤ᠂ ᠬᠤᠬᠢᠷᠠᠭᠰᠠᠨ ᠢᠶᠠᠷ ᠮᠡᠳᠡᠭᠦᠯᠬᠦ ᠪᠠᠭᠲᠠᠨ᠎ᠠ ᠃ 

      ᠳᠥᠴᠢᠨ ᠬᠤᠶᠠᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠡᠷᠡᠭᠯᠡᠭᠡᠨ ᠠᠴᠠ ᠭᠠᠷᠭᠠᠬᠤ ᠪᠠ ᠬᠤᠬᠢᠷᠠᠭᠰᠠᠨ ᠢᠶᠠᠷ ᠮᠡᠳᠡᠭᠦᠯᠬᠦ ᠬᠡᠷᠡᠭᠲᠡᠢ᠄

      ︵ ᠨᠢᠭᠡ︶ ᠮᠡᠷᠭᠡᠵᠢᠯ ᠤᠨ ᠰᠢᠯᠲᠠᠭᠠᠨ ᠠᠴᠠ ᠪᠣᠯᠵᠤ ᠰᠢᠭᠰᠢᠭᠳᠡᠭᠦᠯᠬᠦ ᠴᠢᠬᠤᠯᠠᠲᠠᠢ ᠪᠤᠶᠤ ᠰᠡᠯᠪᠢᠨ ᠵᠠᠰᠠᠬᠤ ᠶᠢᠨ ᠠᠷᠭ᠎ᠠ ᠦᠭᠡᠢ᠂ ᠰᠡᠯᠪᠢᠨ ᠵᠠᠰᠠᠬᠤ ᠦᠨ᠎ᠡ ᠥᠷᠲᠡᠭ ᠦᠭᠡᠢ ᠡᠳ᠋ ᠬᠥᠷᠥᠩᠭᠡ︔

      ︵ ᠬᠤᠶᠠᠷ︶ ᠪᠦᠷᠢᠳᠬᠡᠯ ᠤᠨ ᠠᠯᠳᠠᠪᠤᠷᠢ᠂ ᠦᠵᠦᠭᠦᠷ ᠦᠭᠡᠢ ᠳᠠᠩᠰᠠ ᠵᠢᠴᠢ ᠬᠡᠪ ᠤᠨ ᠪᠤᠰᠤ ᠬᠤᠬᠢᠷᠠᠭᠰᠠᠨ ᠳᠤ ᠬᠤᠯᠪᠣᠭᠳᠠᠭᠰᠠᠨ ᠡᠳ᠋ ᠬᠥᠷᠥᠩᠭᠡ︔

      ︵ ᠭᠤᠷᠪᠠ︶ ᠨᠢᠭᠡᠨᠲᠡ ᠬᠡᠷᠡᠭᠯᠡᠬᠦ ᠣᠨ ᠤ ᠬᠢᠵᠠᠭᠠᠷ ᠠᠴᠠ ᠬᠡᠲᠦᠷᠡᠭᠰᠡᠨ ᠪᠥᠭᠡᠳ ᠤᠳᠤ ᠶᠢᠨ ᠠᠵᠢᠯ ᠤᠨ ᠬᠡᠷᠡᠭᠴᠡᠭᠡ ᠶᠢ  ᠬᠠᠩᠭᠠᠵᠤ ᠲᠠᠶᠢᠯᠭᠦ ᠦᠭᠡᠢ ᠪᠣᠯᠤᠭᠰᠠᠨ ᠡᠳ᠋ ᠬᠥᠷᠥᠩᠭᠡ︔

      ︵ ᠳᠥᠷᠪᠡ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠭᠳᠡᠰᠢ ᠦᠭᠡᠢ ᠬᠦᠴᠦᠨ ᠠᠴᠠ ᠪᠣᠯᠵᠤ ᠡᠪᠳᠡᠭᠳᠡᠭᠰᠡᠨ᠂ ᠰᠦᠢᠳᠬᠡᠭᠳᠡᠭᠰᠡᠨ ᠡᠳ᠋ ᠬᠥᠷᠥᠩᠭᠡ ᠃

      ᠳᠥᠴᠢᠨ ᠭᠤᠷᠪᠠᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠦᠴᠦᠨ ᠦᠭᠡᠢ ᠪᠤᠯᠭᠠᠬᠤ᠂ ᠬᠠᠷᠢᠶᠠᠯᠠᠭᠳᠠᠬᠤ ᠬᠠᠷᠢᠴᠠᠭ᠎ᠠ ᠬᠤᠪᠢᠷᠠᠬᠤ ᠪᠤᠶᠤ ᠬᠡᠰᠡᠭ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠢ ᠨᠢ ᠲᠣᠬᠢᠷᠠᠭᠤᠯᠬᠤ ᠵᠡᠷᠭᠡ ᠪᠠᠶᠢᠳᠠᠯ ᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ᠂ ᠲᠤᠰᠢᠶᠠᠬᠤ ᠪᠠ ᠭᠥᠯᠢᠶᠡᠨ ᠠᠪᠬᠤ ᠭᠠᠷ ᠭᠦᠢᠴᠡᠳᠬᠡᠯ ᠬᠢᠬᠦ ᠬᠡᠷᠡᠭᠲᠡᠢ ᠃ 

      ᠳᠥᠴᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠨᠢ ᠲᠡᠭᠦᠨ ᠤ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠬᠡᠷᠡᠭᠯᠡᠬᠦ ᠪᠠ ᠰᠢᠢᠳᠪᠦᠷᠢᠯᠡᠬᠦ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ︾ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ ᠃ 

      ᠳᠥᠴᠢᠨ ᠲᠠᠪᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠰᠢᠢᠳᠪᠦᠷᠢᠯᠡᠬᠦ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠲᠣᠭᠲᠠᠭᠰᠠᠨ ᠬᠢᠵᠠᠭᠠᠷ ᠲᠤᠭ᠎ᠠ ᠠᠴᠠ ᠶᠡᠭᠡ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ︔ ᠰᠢᠢᠳᠪᠦᠷᠢᠯᠡᠬᠦ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠲᠣᠭᠲᠠᠭᠰᠠᠨ ᠬᠢᠵᠠᠭᠠᠷ ᠲᠤᠭ᠎ᠠ ᠠᠴᠠ ᠪᠠᠭ᠎ᠠ ᠪᠠᠶᠢᠪᠠᠯ ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠶᠢᠨ ᠬᠠᠮᠲᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠂ ᠲᠡᠷᠡ ᠲᠣᠭᠲᠠᠭᠠᠯ ᠢ ᠨᠢ ᠵᠢᠷᠤᠮᠯᠠᠨ᠎ᠠ ᠃ 

      ᠳᠥᠴᠢᠨ ᠵᠢᠷᠭᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠬᠤᠯᠪᠣᠭᠳᠠᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠴᠢᠬᠤᠯᠠ ᠶᠡᠭᠡ ᠵᠦᠢᠯᠡᠰ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠦᠨᠡᠨ ᠬᠦ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠰᠠᠨ ᠤ ᠲᠠᠷᠠᠭ᠎ᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ ᠃ 

      ᠲᠠᠪᠤᠳᠤᠭᠠᠷ ᠪᠦᠯᠦᠭ   ᠡᠳ᠋ ᠬᠥᠷᠥᠩᠭᠡ ᠶᠢ ᠦᠨᠡᠯᠡᠨ ᠵᠢᠱᠢᠬᠦ ᠬᠢᠭᠡᠳ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ

      ᠳᠥᠴᠢᠨ ᠳᠣᠯᠣᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠦᠨᠡᠯᠡᠨ ᠵᠢᠱᠢᠯᠲᠡ ᠬᠢᠬᠦ ᠬᠡᠷᠡᠭᠲᠡᠢ᠄

      ︵ ᠨᠢᠭᠡ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠵᠦ ᠥᠭᠬᠦ᠂ ᠦᠨ᠎ᠡ ᠬᠠᠶᠠᠵᠤ ᠬᠤᠳᠠᠯᠳᠤᠬᠤ᠂ ᠰᠣᠯᠢᠬᠤ᠂ ᠭᠠᠳᠠᠭᠰᠢ ᠪᠡᠯᠡ ᠣᠷᠣᠭᠤᠯᠣᠯᠳᠡ ᠬᠢᠬᠦ ᠵᠡᠷᠭᠡ ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ ︔

      ︵ ᠬᠤᠶᠠᠷ︶ ᠠᠵᠢᠯ ᠦᠢᠯᠡᠰ ᠤᠨ ᠨᠢᠭᠡᠴᠢ ᠪᠦᠬᠦᠯᠢ ᠴᠣᠭᠴᠠ ᠪᠠᠷ ᠪᠤᠶᠤ ᠬᠡᠰᠡᠭ ᠲᠠᠯ᠎ᠠ ᠨᠢ ᠪᠠᠶᠢᠭᠤᠯᠤᠯ ᠢ ᠥᠭᠡᠷᠡᠴᠢᠯᠡᠨ ᠠᠵᠤ ᠠᠬᠤᠶᠢᠯᠠᠯ ᠪᠣᠯᠭᠠᠬᠤ ᠳᠤ ᠬᠤᠯᠪᠣᠭᠳᠠᠭᠰᠠᠨ᠂ ᠡᠰᠡᠬᠦᠯ᠎ᠡ ᠵᠣᠭᠤᠰᠤᠨ ᠤ ᠪᠤᠰᠤ ᠴᠢᠨᠠᠷᠲᠠᠢ ᠡᠳ᠋ ᠬᠥᠷᠥᠩᠭᠡ ᠪᠠᠷ ᠭᠠᠳᠠᠭᠰᠢ ᠪᠡᠯᠡ ᠣᠷᠣᠭᠤᠯᠣᠯᠳᠡ ᠬᠢᠬᠦ︔

      ︵ᠭᠤᠷᠪᠠ︶ ᠠᠵᠢᠯ ᠦᠢᠯᠡᠰ ᠤᠨ ᠨᠢᠭᠡᠴᠢ ᠶᠢ ᠨᠡᠶᠢᠯᠡᠭᠦᠯᠬᠦ᠂ ᠰᠠᠯᠭᠠᠬᠤ᠂ ᠨᠠᠷᠢᠪᠴᠢᠯᠠᠨ ᠲᠣᠭᠠᠴᠠᠭᠠᠯᠠᠬᠤ︔

      ︵ ᠳᠥᠷᠪᠡ︶ ᠠᠵᠢᠯ ᠦᠢᠯᠡᠰ ᠤᠨ ᠨᠢᠭᠡᠴᠢ ᠶᠢᠨ ᠪᠦᠬᠦᠯᠢ ᠪᠤᠶᠤ ᠬᠡᠰᠡᠭ ᠡᠳ᠋ ᠬᠥᠷᠥᠩᠭᠡ ᠶᠢ ᠤᠯᠤᠰ ᠤᠨ ᠥᠮᠴᠢᠯᠡᠯᠲᠦ ᠪᠤᠰᠤ ᠨᠢᠭᠡᠴᠢ ᠳᠤ ᠲᠦᠷᠢᠶᠡᠰᠦᠯᠡᠭᠦᠯᠦᠨ ᠥᠭᠬᠦ ᠥᠭᠭᠦᠭᠰᠡᠨ ︔

      ︵ ᠲᠠᠪᠤ︶ ᠵᠠᠷᠭᠤ ᠳᠤ ᠬᠤᠯᠪᠣᠭᠳᠠᠭᠰᠠᠨ ᠡᠳ᠋ ᠬᠥᠷᠥᠩᠭᠡ ᠶᠢᠨ ᠦᠨ᠎ᠡ ᠦᠷᠳᠡᠭ ᠢ ᠲᠣᠭᠲᠠᠭᠠᠬᠤ︔

      ︵ ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠢ ᠪᠤᠰᠤᠳ ᠪᠠᠶᠢᠳᠠᠯ ᠃ 

      ᠡᠳ᠋ ᠬᠥᠷᠥᠩᠭᠡ ᠶᠢᠨ ᠦᠨᠡᠯᠡᠨ ᠵᠢᠱᠢᠯᠲᠡ ᠳᠤ ᠡᠳ᠋ ᠬᠥᠷᠥᠩᠭᠡ ᠶᠢ ᠦᠨᠡᠯᠡᠨ ᠵᠢᠱᠢᠬᠦ ᠬᠢᠷᠢ ᠴᠢᠳᠠᠮᠵᠢ ᠲᠠᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠬᠦ ᠬᠡᠷᠡᠭᠲᠡᠢ ᠃ 

      ᠳᠥᠴᠢᠨ ᠨᠠᠢᠮᠠᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠶ᠎ᠡ ᠪᠠᠨ ᠳᠠᠭᠠᠭᠠᠬᠤ᠂ ᠪᠤᠰᠤᠳᠴᠢ ᠪᠠᠷ᠂ ᠲᠥᠪ ᠭᠤᠣᠯᠴᠢ ᠪᠠᠶᠢᠬᠤ ᠵᠠᠷᠴᠢᠮ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠠᠤᠯᠢ ᠶᠣᠰᠣᠭᠠᠷ ᠦᠨᠡᠯᠡᠨ ᠵᠢᠱᠢᠯᠲᠡ ᠬᠢᠬᠦ ᠬᠡᠷᠡᠭᠲᠡᠢ ᠃ 

      ᠳᠥᠴᠢ ᠶᠢᠰᠦᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠲᠠᠯᠠᠨ ᠪᠤᠳᠤᠵᠦ ᠨᠤᠲᠠᠯᠠᠯᠲᠠ ᠬᠢᠵᠦ ᠲᠠᠩᠰᠠᠨ ᠳᠤ ᠪᠠᠨ ᠣᠷᠤᠭᠤᠯᠬᠤ ᠶᠢᠨ ᠠᠷᠭ᠎ᠠ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠳᠤ᠂ ᠬᠡᠷᠡᠭᠴᠡᠭᠡ ᠪᠠᠨ ᠦᠨᠳᠦᠰᠦᠯᠡᠨ ᠲᠤᠰᠬᠠᠢ ᠮᠡᠷᠭᠡᠵᠢᠯᠲᠡᠨ ᠵᠣᠬᠢᠶᠠᠨ ᠪᠠᠶᠢᠭᠤᠯᠵᠤ ᠡᠳ᠋ ᠬᠥᠷᠥᠩᠭᠡ ᠶᠢ ᠦᠨᠡᠯᠡᠨ ᠵᠢᠱᠢᠬᠦ ᠠᠷᠭ᠎ᠠ ᠪᠠᠷ ᠯᠠᠪᠯᠠᠯᠲᠠ ᠪᠣᠯᠭᠠᠨ ᠦᠨᠡᠯᠡᠨ ᠵᠢᠱᠢᠯᠲᠡ ᠬᠢᠯᠭᠡᠬᠦ  ᠶᠢᠨ ᠬᠠᠮᠲᠤ᠂ ᠡᠳ᠋ ᠬᠥᠷᠥᠩᠭᠡ ᠶᠢᠨ ᠪᠠᠶᠢᠳᠠᠯ ᠢ ᠲᠤᠰᠬᠠᠬᠤ ᠦᠨᠳᠦᠰᠦᠯᠡᠯ ᠪᠣᠯᠭᠠᠬᠤ ᠬᠡᠷᠡᠭᠲᠡᠢ ᠃ 

      ᠲᠠᠪᠢᠳᠤᠭᠠᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠨᠡᠯᠡᠨ ᠵᠢᠱᠢᠬᠦ ᠲᠥᠷᠥᠯ ᠵᠦᠢᠯ ᠳᠤ ᠬᠠᠷᠭᠤᠭᠤᠯᠤᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ ᠃ 

      ᠬᠠᠷᠭᠤᠭᠤᠯᠤᠨ ᠵᠥᠪᠰᠢᠶᠡᠷᠡᠬᠦ ᠳᠦᠷᠢᠮ ᠪᠣᠯᠣᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠬᠦ ᠲᠥᠷᠥᠯ ᠵᠦᠢᠯ ᠤᠨ ᠬᠡᠪᠴᠢᠶ᠎ᠡ ᠵᠡᠷᠭᠡ ᠶᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ ᠃ 

      ᠲᠠᠪᠢᠨ ᠨᠢᠭᠡᠳᠦᠭᠡᠷ ᠵᠦᠢᠯ   ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ ᠬᠡᠷᠡᠭᠲᠡᠢ᠄

      ︵ ᠨᠢᠭᠡ︶ ᠳᠡᠭᠡᠳᠦ ᠱᠠᠲᠤᠨ ᠤ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ ᠪᠠᠷ ᠵᠣᠬᠢᠶᠠᠨ ᠪᠠᠶᠢᠭᠤᠯᠤᠭᠰᠠᠨ︔

      ︵ ᠬᠤᠶᠠᠷ︶ ᠴᠢᠬᠤᠯᠠ ᠶᠡᠭᠡ ᠡᠳ᠋ ᠬᠥᠷᠥᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ ᠨᠢᠭᠡᠴᠢ ᠶᠢ ᠰᠠᠯᠭᠠᠬᠤ ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠦᠴᠦᠨ ᠦᠭᠡᠢ ᠪᠤᠯᠭᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠨᠢ ᠬᠤᠪᠢᠷᠠᠭᠤᠯᠬᠤ ᠵᠡᠷᠭᠡ ᠪᠠᠶᠢᠳᠠᠯ ᠡᠭᠦᠰᠦᠭᠰᠡᠨ︔

      ︵ ᠭᠤᠷᠪᠠ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠭᠳᠡᠰᠢ ᠦᠭᠡᠢ ᠬᠦᠴᠦᠨ  ᠠᠴᠠ ᠪᠣᠯᠵᠤ ᠡᠳ᠋ ᠬᠥᠷᠥᠩᠭᠡ ᠬᠦᠨᠳᠦ ᠨᠣᠴᠢᠲᠠᠢ ᠡᠪᠳᠡᠭᠳᠡᠭᠰᠡᠨ ᠪᠠ  ᠰᠦᠢᠳᠬᠡᠭᠳᠡᠭᠰᠡᠨ ︔

      ︵ ᠳᠥᠷᠪᠡ︶ ᠨᠢᠭᠲᠠᠯᠠᠨ ᠪᠣᠳᠣᠯᠲᠠ ᠶᠢᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠢᠶᠠᠨ ᠬᠦᠨᠳᠦ ᠠᠯᠳᠠᠭᠰᠠᠨ︔

      ︵ ᠲᠠᠪᠤ︶ ᠤᠯᠤᠰ ᠤᠨ ᠨᠢᠭᠲᠠᠯᠠᠨ ᠪᠣᠳᠣᠬᠤ ᠨᠢᠭᠡᠳᠦᠯᠲᠡᠢ ᠳᠦᠷᠢᠮ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠡᠳ᠋ ᠬᠥᠷᠥᠩᠭᠡ ᠶᠢᠨ ᠲᠣᠭᠠᠴᠠᠭ᠎ᠠ ᠬᠢᠬᠦ ᠠᠷᠭ᠎ᠠ ᠳᠤ ᠴᠢᠬᠤᠯᠠ ᠬᠤᠪᠢᠷᠠᠯᠲᠠ ᠭᠠᠷᠬᠤ ᠳᠤ ᠬᠤᠯᠪᠣᠭᠳᠠᠭᠰᠠᠨ︔

      ︵ ᠵᠢᠷᠭᠤᠭ᠎ᠠ︶ ᠡᠳ᠋ ᠬᠥᠷᠥᠩᠭᠡ ᠪᠠᠨ ᠲᠣᠳᠣᠯᠠᠨ ᠪᠠᠶᠢᠴᠠᠭᠠᠬᠤ ᠴᠢᠬᠤᠯᠠᠲᠠᠢ ᠪᠤᠰᠤᠳ ᠪᠠᠶᠢᠳᠠᠯ ᠃ 

      ᠲᠠᠪᠢᠨ ᠬᠤᠶᠠᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ ᠶᠠᠪᠤᠴᠠ ᠳᠤ ᠲᠠᠩᠰᠠ ᠨᠢ ᠪᠣᠳᠠᠲᠠᠢ ᠲᠠᠢ ᠨᠡᠶᠢᠴᠡᠬᠦ ᠦᠭᠡᠢ᠂ ᠲᠠᠩᠰᠠ ᠬᠤᠭᠤᠷᠣᠨᠳᠤ ᠪᠠᠨ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠰᠢᠯᠲᠠᠭᠠᠨ ᠢ ᠨᠢ ᠪᠠᠶᠢᠴᠠᠭᠠᠨ ᠲᠣᠳᠣᠯᠠᠭᠰᠠᠨ ᠤ ᠳᠠᠷᠠᠭ᠎ᠠ ᠲᠣᠳᠣᠷᠬᠠᠶᠢᠯᠠᠯᠲᠠ ᠬᠢᠬᠦ ᠶᠢᠨ ᠬᠠᠮᠲᠤ᠂ ᠲᠣᠳᠣᠯᠠᠨ ᠪᠠᠶᠢᠴᠠᠭᠠᠭᠰᠠᠨ ᠦᠷ᠎ᠡ ᠳ᠋ᠦᠩ ᠲᠠᠢ ᠪᠠᠨ ᠬᠠᠮᠲᠤ ᠬᠢᠨᠠᠨ ᠵᠥᠪᠰᠢᠶᠡᠷᠡᠭᠦᠯᠬᠦ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ ᠃ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠢᠨᠠᠨ ᠵᠥᠪᠰᠢᠶᠡᠷᠡᠭᠦᠯᠦᠭᠰᠡᠨ ᠦᠷ᠎ᠡ ᠳ᠋ᠦᠩ ᠢᠶᠠᠨ ᠦᠨᠳᠦᠰᠦᠯᠡᠨ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠲᠣᠬᠢᠷᠠᠭᠤᠯᠬᠤ ᠶᠢᠨ ᠬᠠᠮᠲᠤ᠂ ᠨᠢᠭᠲᠠᠯᠠᠨ ᠪᠣᠳᠣᠵᠣ ᠰᠢᠢᠳᠪᠦᠷᠢᠯᠡᠬᠦ ᠬᠡᠷᠡᠭᠲᠡᠢ ᠃

      ᠡᠳ᠋ ᠬᠥᠷᠥᠩᠭᠡ ᠶᠢᠨ ᠬᠡᠷᠡᠭᠯᠡᠭᠴᠢ ᠂ ᠬᠠᠮᠢᠶᠠᠷᠤᠭᠴᠢ ᠶᠢᠨ ᠰᠢᠯᠲᠠᠭᠠᠨ ᠠᠴᠠ ᠪᠣᠯᠵᠤ ᠡᠳ᠋ ᠬᠥᠷᠥᠩᠭᠡ ᠡᠪᠳᠡᠭᠳᠡᠵᠦ ᠰᠦᠢᠳᠬᠡᠭᠳᠡᠭᠰᠡᠨ ᠪᠣᠯ᠂ ᠬᠠᠤᠯᠢ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃

      ᠵᠢᠷᠭᠤᠳᠤᠭᠠᠷ ᠪᠦᠯᠦᠭ   ᠡᠳ᠋ ᠬᠥᠷᠥᠩᠭᠡ ᠶᠢᠨ ᠮᠡᠳᠡᠭᠦᠯᠦᠯᠲᠡ ᠬᠢᠭᠡᠳ ᠬᠢᠨᠠᠯᠲᠠ ᠬᠠᠮᠢᠶᠠᠷᠤᠯᠲᠠ

      ᠲᠠᠪᠢᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ ᠃ 

      ᠲᠠᠪᠢᠨ ᠳᠥᠷᠪᠡᠳᠦᠭᠡᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠳᠤ ᠭᠤᠣᠯᠳᠠᠭᠤ ᠳᠣᠣᠷᠠᠬᠢ ᠠᠭᠤᠯᠭ᠎ᠠ ᠪᠠᠭᠲᠠᠨ᠎ᠠ ᠄

      ︵ ᠨᠢᠭᠡ︶ ᠡᠳ᠋ ᠬᠥᠷᠥᠩᠭᠡ ᠶᠢᠨ ᠥᠷᠢ ᠰᠢᠷᠢ ᠶᠢᠨ ᠶᠡᠷᠦᠩᠬᠡᠢ ᠬᠡᠮᠵᠢᠶ᠎ᠡ ᠪᠠᠶᠢᠳᠠᠯ︔

      ︵ ᠬᠤᠶᠠᠷ︶ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ︔

      ︵ᠭᠤᠷᠪᠠ︶ ᠡᠳ᠋ ᠬᠥᠷᠥᠩᠭᠡ ᠶᠢ ᠲᠣᠬᠢᠷᠠᠭᠤᠯᠤᠭᠰᠠᠨ᠂ ᠬᠡᠷᠡᠭᠯᠡᠭᠰᠡᠨ᠂ ᠰᠢᠢᠳᠪᠦᠷᠢᠯᠡᠭᠰᠡᠨ ᠪᠠ ᠦᠷ᠎ᠡ ᠠᠰᠢᠭ ᠤᠨ ᠪᠠᠶᠢᠳᠠᠯ ︔

      ︵ᠳᠥᠷᠪᠡ︶ ᠡᠳ᠋ ᠬᠥᠷᠥᠩᠭᠡ ᠶᠢ ᠴᠢᠯᠦᠭᠡᠲᠡᠢ ᠪᠣᠯᠭᠠᠭᠰᠠᠨ ᠪᠠᠶᠢᠳᠠᠯ︔

      ︵ᠲᠠᠪᠤ︶ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠡᠭᠦᠷᠭᠡ ᠴᠢᠳᠠᠪᠤᠷᠢ ᠪᠠᠨ ᠭᠦᠢᠴᠡᠳᠬᠡᠬᠦ᠂ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ ᠪᠠ ᠣᠯᠠᠨ ᠨᠡᠶᠢᠲᠡ ᠶᠢᠨ ᠦᠢᠯᠡᠴᠢᠯᠡᠭᠡᠨ ᠬᠠᠩᠭᠠᠭᠰᠠᠨ ᠪᠠᠶᠢᠳᠠᠯ︔

      ︵ ᠵᠢᠷᠭᠤᠭ᠎ᠠ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ︔

      ︵ ᠲᠤᠯᠤᠭ᠎ᠠ︶ ᠮᠡᠳᠡᠭᠦᠯᠬᠦ ᠴᠢᠬᠤᠯᠠᠲᠠᠢ ᠪᠤᠰᠤᠳ ᠪᠠᠶᠢᠳᠠᠯ ᠃ 

ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ ᠃ 

      ᠲᠠᠪᠢᠨ ᠲᠠᠪᠤᠳᠤᠭᠠᠷ ᠵᠦᠢᠯ   ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠦᠭᠦᠳ ᠵᠢᠯ ᠪᠦᠷᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠱᠠᠲᠤ ᠳᠠᠷᠠᠭᠠᠯᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ ᠃ 

      ᠡᠯ᠎ᠡ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ ᠃ 

      ᠲᠠᠪᠢᠨ ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠯ ᠪᠦᠷᠢ ᠲᠣᠰ ᠱᠠᠲᠤᠨ ᠤ ᠪᠠ ᠳᠣᠣᠷᠠᠳᠤ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠬᠤᠷᠢᠶᠠᠩᠭᠤᠶᠢᠯᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠡᠭᠡᠳᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ ᠃ 

      ᠲᠠᠪᠢᠨ ᠳᠣᠯᠣᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠠᠴᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ  ᠳᠠᠯᠪᠢᠬᠤ ᠶᠢ ᠬᠦᠯᠢᠶᠡᠵᠦ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠠᠴᠠ ᠬᠢᠨᠠᠨ ᠵᠥᠪᠯᠡᠭᠡᠳ ᠳᠤᠷᠠᠳᠤᠨ ᠭᠠᠷᠭᠠᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠵᠣᠬᠢᠶᠠᠨ  ᠪᠠᠶᠢᠭᠤᠯᠵᠤ ᠨᠠᠶᠢᠳᠠᠪᠤᠷᠢᠵᠢᠭᠤᠯᠬᠤ ᠶᠢᠨ ᠬᠠᠮᠲᠤ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠪᠦᠬᠦᠶᠢᠯᠡ ᠪᠠᠶᠢᠳᠠᠯ ᠢᠶᠠᠨ ᠮᠡᠳᠡᠭᠦᠯᠬᠦ ᠬᠡᠷᠡᠭᠲᠡᠢ ᠃ 

      ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ ᠃ 

      ᠲᠠᠪᠢᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠳᠣᠣᠷᠠᠳᠤ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠂ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠬᠠᠤᠯᠢ ᠶᠣᠰᠣᠭᠠᠷ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠬᠠᠤᠯᠢ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠨ ᠪᠣᠳᠣᠯᠲᠠ ᠪᠠᠷ ᠬᠢᠨᠠᠯᠲᠠ ᠲᠠᠯᠪᠢᠬᠤ ᠬᠡᠷᠡᠭᠲᠡᠢ ᠃ 

      ᠲᠠᠪᠢ ᠶᠢᠰᠦᠳᠦᠭᠡᠷ ᠵᠦᠢᠯ   ᠠᠷᠠᠳ ᠢᠷᠭᠡᠨ ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ︽ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠢᠴᠢ ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠬᠤ ᠡᠷᠬᠡ ᠲᠠᠢ ᠃ ᠢᠯᠡᠴᠢᠯᠡᠨ ᠵᠠᠭᠠᠯᠳᠤᠬᠤ ᠶᠢ ᠬᠦᠯᠢᠶᠡᠨ ᠠᠪᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ᠂ ᠢᠯᠡᠴᠢᠯᠡᠭᠴᠢ᠂ ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ ᠃ 

      ᠶᠠᠮᠠᠷᠪᠠ ᠨᠢᠭᠡᠴᠢ ᠪᠤᠶᠤ ᠬᠤᠪᠢ ᠬᠥᠮᠥᠨ ᠭᠡᠳ ᠢᠯᠡᠴᠢᠯᠡᠭᠴᠢ᠂ ᠵᠠᠭᠠᠯᠳᠤᠭᠴᠢ ᠳᠤ ᠳᠠᠷᠤᠯᠲᠠ ᠦᠵᠡᠭᠦᠯᠬᠦ ᠪᠠ ᠴᠣᠬᠢᠯᠲᠠ ᠥᠭᠴᠦ ᠥᠰᠢᠶ᠎ᠡ ᠪᠣᠳᠣᠵᠣ ᠪᠣᠯᠬᠤ ᠦᠭᠡᠢ ᠃ 

      ᠳᠣᠯᠣᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ

      ᠵᠢᠷᠠᠳᠤᠭᠠᠷ ᠵᠦᠢᠯ   ᠲᠤᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠳᠤ ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠬᠤ ᠬᠡᠷᠡᠭᠲᠡᠢ ᠃ 

      ᠵᠢᠷᠠᠨ ᠨᠢᠭᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠠᠵᠢᠯᠲᠠᠳ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠤᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠤᠶᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠦᠷᠢᠯᠭᠡᠨ ᠰᠦᠢᠳᠬᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ 

      ᠨᠠᠢᠮᠠᠳᠤᠭᠠᠷ ᠪᠦᠯᠦᠭ    ᠳᠠᠭᠠᠯᠳᠤᠭᠤᠯᠤᠯ ᠳᠦᠷᠢᠮ

      ᠵᠢᠷᠠᠨ ᠬᠤᠶᠠᠳᠤᠭᠠᠷ ᠵᠦᠢᠯ   ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠰᠢᠭᠤᠳ ᠵᠠᠬᠢᠷᠤᠨ ᠡᠵᠡᠮᠰᠢᠵᠦ ᠪᠠᠶᠢᠭ᠎ᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠂ ︽ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ᠵᠢᠴᠢ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠨᠢ ᠵᠢᠷᠤᠮᠯᠠᠨ᠎ᠠ ᠃ 

      ᠵᠢᠷᠠᠨ ᠭᠤᠷᠪᠠᠳᠤᠭᠠᠷ ᠵᠦᠢᠯ   ᠵᠣᠭᠤᠰ ᠤᠨ ᠬᠡᠯᠪᠡᠷᠢ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ᠂ ᠲᠥᠰᠥᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ 

      ᠠᠵᠤ ᠠᠬᠤᠶᠢᠯᠠᠯ ᠤᠨ ᠡᠳ᠋ ᠤᠨ ᠶᠠᠪᠤᠳᠠᠯ᠂ ᠨᠢᠭᠲᠠᠯᠠᠨ ᠪᠣᠳᠣᠯᠲᠠ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠵᠢᠴᠢ ᠠᠵᠢᠯ ᠦᠢᠯᠡᠰ ᠤᠨ ᠨᠢᠭᠡᠴᠢ ᠶᠢᠨ ᠭᠠᠳᠠᠭᠰᠢ ᠪᠡᠯᠡ ᠣᠷᠣᠭᠤᠯᠤᠭᠰᠠᠨ ᠪᠦᠷᠢᠨ ᠪᠡᠯᠡᠲᠦ ᠠᠵᠤ ᠠᠬᠤᠶᠢᠯᠠᠯ ᠪᠤᠶᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ  ᠶᠢ ᠲᠣᠬᠢᠷᠠᠭᠤᠯᠤᠨ ᠬᠡᠷᠡᠭᠯᠡᠵᠦ ᠪᠤᠯᠬᠤ ᠦᠭᠡᠢ ᠃ 

      ᠵᠢᠷᠠᠨ ᠳᠥᠷᠪᠡᠳᠦᠭᠡᠷ ᠵᠦᠢᠯ   ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡ ᠡᠳ᠋ ᠪᠠᠷᠠᠭ᠎ᠠ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯ ᠰᠣᠶᠣᠯ ᠤᠨ ᠡᠳ᠋ ᠬᠥᠷᠥᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ 

      ᠵᠢᠷᠠᠨ ᠲᠠᠪᠤᠳᠤᠭᠠᠷ ᠵᠦᠢᠯ  ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1  ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ  ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 181 ᠳ᠋ᠦ᠋ᠭᠡᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

 

                                     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                     2022 ᠣᠨ ᠤ 12 ᠳ᠋ᠤᠭᠠᠷ ᠰᠠᠷ᠎ᠠ ᠶᠢᠨ 28  ᠤ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ