︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠰᠢᠯᠭᠠᠷᠠᠭᠤᠯᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/5/29

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠰᠢᠯᠭᠠᠷᠠᠭᠤᠯᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

 

    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ  ᠨᠢᠭᠡᠴᠢ ᠳᠤ᠄

    ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠣᠯᠭᠤᠬᠤ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

            2023 ᠣᠨ ᠤ 5 ᠳ᠋ᠤᠭᠠᠷ ᠰᠠᠷ᠎ᠠ ᠶᠢᠨ 17 ᠤ ᠡᠳᠦᠷ

             ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

 

 

 

 

 

 

 

 

 

 

 

 

 

 

 

 

 

 

 

 

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠲᠣᠭᠲᠠᠭᠠᠬᠤ ᠠᠷᠭ᠎ᠠ

 

    ᠨᠢᠭᠡᠳᠦᠭᠡᠷ ᠵᠦᠢᠯ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠠᠷᠠᠳ ᠤᠨ ᠰᠢᠨ᠎ᠡ ᠶᠢ ᠡᠭᠦᠳᠬᠦ ᠤᠬᠠᠮᠰᠠᠷ ᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠥᠨᠳᠥᠷ ᠴᠢᠨᠠᠷᠲᠠᠢ ᠡᠭᠦᠳᠦᠨ ᠪᠦᠲᠦᠭᠡᠯᠲᠡ᠂ ᠥᠨᠳᠥᠷ ᠬᠢᠷᠢ ᠲᠦᠪᠰᠢᠨ ᠲᠠᠢ ᠬᠠᠮᠠᠭᠠᠯᠠᠯᠲᠠ ᠪᠠ ᠦᠨᠳᠦᠷ ᠦᠷ᠎ᠡ ᠠᠰᠢᠭ ᠲᠠᠢ ᠪᠠᠷ ᠬᠡᠷᠡᠭᠯᠡᠬᠦ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠣᠷᠣᠨ ᠢ ᠲᠦᠷᠭᠡᠳᠭᠡᠨ ᠪᠠᠶᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠶ ᠠᠰᠢᠭ ᠤᠨ ᠬᠠᠤᠯᠢ︾᠂ ︽ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ ︵2021—2035 ᠣᠨ︶︾ ᠵᠡᠷᠭᠡ ᠬᠠᠤᠯᠢ᠂ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃

    ᠬᠤᠶᠠᠳᠤᠭᠠᠷ ᠵᠦᠢᠯ᠂ ᠲᠤᠰ ᠠᠷᠭ᠎ᠠ ᠨᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠭᠤᠶᠤᠴᠢᠯᠠᠨ ᠮᠡᠳᠡᠭᠦᠯᠬᠦ᠂ ᠲᠠᠨᠢᠯᠴᠠᠭᠤᠯᠬᠤ᠂ ᠰᠢᠯᠭᠠᠷᠠᠭᠤᠯᠬᠤ᠂ ᠪᠡᠯᠡ ᠮᠦᠩᠭᠦ ᠪᠠᠷ ᠲᠤᠰᠠᠯᠠᠬᠤ ᠪᠠ ᠬᠠᠮᠢᠶᠠᠷᠬᠤ ᠵᠡᠷᠭᠡ ᠦᠢᠯᠡ ᠠᠵᠢᠯᠯᠠᠭᠠᠨ ᠳᠤ ᠬᠡᠷᠡᠭᠯᠡᠭᠳᠡᠨ᠎ᠡ᠃

    ᠭᠤᠷᠪᠠᠳᠤᠭᠠᠷ ᠵᠦᠢᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠨ ᠥᠷᠨᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠠᠯᠲᠠᠨ ᠱᠠᠩᠨᠠᠯ᠂ ᠮᠥᠩᠭᠦᠨ ᠱᠠᠩᠨᠠᠯ᠂ ᠰᠢᠯᠢᠳᠡᠭ ᠱᠠᠩᠨᠠᠯ ᠢ ᠲᠣᠬᠢᠷᠠᠭᠤᠯᠵᠤ᠂ ᠡᠭᠦᠳᠦᠯᠲᠡ ᠶᠢᠨ ᠲᠤᠰᠬᠠᠶ ᠠᠰᠢᠭ᠂ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠪᠠ ᠭᠠᠳᠠᠭᠠᠳᠤ ᠳᠦᠷᠰᠦ ᠶᠢ ᠵᠢᠷᠤᠭᠯᠠᠨ ᠲᠥᠯᠥᠪᠯᠡᠭᠰᠡᠨ ᠲᠤᠰᠬᠠᠶ ᠠᠰᠢᠭ ᠵᠡᠷᠭᠡ ᠲᠤᠰᠬᠠᠶ ᠠᠰᠢᠭ ᠤᠨ ᠳᠣᠲᠣᠷ᠎ᠠ ᠠᠴᠠ ᠰᠢᠯᠭᠠᠷᠠᠭᠤᠯᠤᠨ ᠰᠣᠩᠭᠤᠵᠤ ᠪᠤᠶ ᠪᠣᠯᠭᠠᠨ᠎ᠠ᠃

    ᠳᠥᠷᠪᠡᠳᠦᠭᠡᠷ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠰᠢᠯᠭᠠᠨ ᠰᠣᠩᠭᠤᠬᠤ ᠳᠤ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ᠂ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠶ᠃

    ᠲᠠᠪᠤᠳᠤᠭᠠᠷ ᠵᠦᠢᠯ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠺᠣᠮᠢᠰ ︵ᠳᠣᠷᠣᠭᠰᠢ ᠰᠢᠯᠭᠠᠷᠠᠭᠤᠯᠤᠨ ᠲᠣᠭᠲᠠᠭᠠᠬᠤ ᠺᠣᠮᠢᠰ ᠭᠡᠵᠦ ᠲᠣᠪᠴᠢᠯᠠᠨ᠎ᠠ︶ ᠢ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠤᠨ ᠰᠣᠩᠭᠤᠬᠤ ᠠᠵᠢᠯ ᠢ ᠬᠠᠷᠢᠭᠤᠴᠠᠭᠤᠯᠵᠤ᠂ ᠪᠦᠷᠢᠯᠳᠦᠬᠦᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠦ᠂ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ 4 ᠵᠢᠯ ᠪᠣᠯᠤᠨ᠎ᠠ᠃

    ᠰᠢᠯᠭᠠᠷᠠᠭᠤᠯᠤᠨ ᠲᠣᠭᠲᠠᠭᠠᠬᠤ ᠺᠣᠮᠢᠰ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠲᠣᠬᠢᠷᠠᠭᠤᠯᠵᠤ᠂ ᠰᠢᠯᠭᠠᠷᠠᠭᠤᠯᠤᠨ ᠲᠣᠭᠲᠠᠭᠠᠬᠤ ᠺᠣᠮᠢᠰ ᠤᠨ ᠠᠯᠪᠠᠨ ᠭᠡᠷ ᠨᠢ ᠰᠢᠯᠭᠠᠷᠠᠭᠤᠯᠤᠨ ᠲᠣᠭᠲᠠᠭᠠᠬᠤ ᠺᠣᠮᠢᠰ ᠤᠨ ᠪᠣᠳᠠᠲᠠᠶ ᠬᠡᠷᠡᠭ ᠡᠷᠬᠢᠯᠡᠬᠦ ᠪᠠᠶᠢᠭᠤᠯᠤᠮᠵᠢ ᠪᠣᠯᠵᠤ᠂ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠤᠨ ᠰᠣᠩᠭᠤᠬᠤ ᠡᠳᠦᠷ ᠲᠤᠲᠤᠮ ᠤᠨ ᠠᠵᠢᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠂ ᠱᠠᠩᠨᠠᠯ ᠰᠢᠯᠭᠠᠷᠠᠭᠤᠯᠤᠨ ᠲᠣᠭᠲᠠᠭᠠᠬᠤ ᠠᠵᠢᠯ ᠤᠨ ᠲᠥᠰᠦᠯ ᠢ ᠲᠣᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠲᠤᠰᠬᠠᠶ ᠮᠡᠷᠭᠡᠵᠢᠯᠲᠡᠨ ᠢ ᠰᠣᠩᠭᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ ᠰᠢᠯᠭᠠᠷᠠᠭᠤᠯᠤᠨ ᠲᠣᠭᠲᠠᠭᠠᠬᠤ ᠠᠵᠢᠯᠯᠠᠭ᠎ᠠ ᠥᠷᠨᠢᠭᠦᠯᠦᠨ᠎ᠡ᠃ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠳᠤ ᠲᠤᠰᠬᠠᠶ ᠠᠰᠢᠭ ᠤᠨ ᠬᠢᠨᠠᠨ ᠪᠠᠶᠢᠴᠠᠭᠠᠭᠴᠢ᠂ ᠮᠡᠷᠭᠡᠵᠢᠯ ᠤᠨ ᠲᠤᠰᠬᠠᠶ ᠮᠡᠷᠭᠡᠵᠢᠯᠲᠡᠨ᠂ ᠠᠵᠤ ᠠᠬᠤᠶ ᠶᠢᠨ ᠲᠤᠰᠬᠠᠶ ᠮᠡᠷᠭᠡᠵᠢᠯᠲᠡᠨ᠂ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠵᠡᠷᠭᠡ ᠶᠢ ᠪᠠᠭᠲᠠᠭᠠᠵᠤ᠂ ᠵᠢᠯ ᠪᠣᠯᠭᠠᠨ ᠵᠣᠬᠢᠬᠤ ᠬᠠᠷᠢᠴᠠᠯ ᠢᠶᠠᠷ ᠰᠢᠨᠡᠳᠬᠡᠬᠦ ᠬᠡᠷᠡᠭᠲᠡᠶ᠃

    ᠵᠢᠷᠭᠤᠳᠤᠭᠠᠷ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠷᠠᠭᠤᠯᠵᠤ᠂ ᠬᠤᠭᠤᠴᠠᠭ᠎ᠠ ᠪᠦᠷᠢ ᠳᠤ ᠠᠯᠲᠠᠨ ᠱᠠᠩᠨᠠᠯ ᠣᠯᠭᠤᠬᠤ ᠶᠢ 5 ᠵᠦᠢᠯ ᠠᠴᠠ ᠬᠡᠲᠦᠷᠡᠭᠦᠯᠵᠦ ᠪᠣᠯᠬᠤ ᠦᠭᠡᠢ᠂ ᠡᠭᠦᠨ ᠳᠤ ᠡᠭᠦᠳᠦᠯᠲᠡ ᠶᠢᠨ ᠲᠤᠰᠬᠠᠢ ᠠᠰᠢᠭ ᠢ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠮᠥᠩᠭᠦᠨ ᠱᠠᠩᠨᠠᠯ ᠢ 10 ᠵᠦᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠡᠭᠦᠨ ᠳᠤ ᠡᠭᠦᠳᠦᠯᠲᠡ ᠶᠢᠨ ᠲᠤᠰᠬᠠᠢ ᠠᠰᠢᠭ ᠢ 70 % ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠰᠢᠯᠢᠳᠡᠭ ᠱᠠᠩᠨᠠᠯ ᠢ 20 ᠵᠦᠢᠯ ᠠᠴᠠ ᠬᠡᠲᠦᠷᠡᠭᠦᠯᠵᠦ ᠪᠣᠯᠬᠤ ᠦᠭᠡᠢ᠂ ᠡᠭᠦᠨ ᠳᠤ ᠡᠭᠦᠳᠦᠯᠲᠡ ᠶᠢᠨ ᠲᠤᠰᠬᠠᠢ ᠠᠰᠢᠭ ᠢ 60 % ᠠᠴᠠ ᠳᠤᠲᠠᠭᠤ ᠪᠠᠶᠢᠯᠭᠠᠵᠤ ᠪᠣᠯᠬᠤ ᠦᠭᠡᠢ᠃

    ᠳᠣᠯᠣᠳᠤᠭᠠᠷ ᠵᠦᠢᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠳᠤ ᠣᠷᠣᠯᠴᠠᠬᠤ ᠳᠤ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄

︵ᠨᠢᠭᠡ︶ ᠂ ᠲᠦᠷᠦᠭᠦᠦ ᠵᠢᠯ ᠤᠨ 12 ᠰᠠᠷ᠎ᠠ ᠶᠢᠨ 31 ᠤ ᠡᠳᠦᠷ ᠠᠴᠠ ᠡᠮᠦᠨ᠎ᠡ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠡᠷᠬᠡ ᠣᠯᠤᠭᠰᠠᠨ ᠲᠤᠰᠬᠠᠢ ᠠᠰᠢᠭ ︵ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠰᠭᠠᠢ ᠠᠱᠢᠭ ᠪᠠᠭᠲᠠᠨ᠎ᠠ︶ ᠂ ᠲᠡᠷᠡᠴᠢᠯᠡᠨ ᠡᠨᠡᠬᠦ ᠲᠤᠰᠬᠠᠢ ᠠᠰᠢᠭ ᠤᠨ ᠡᠷᠬᠡ ᠨᠢ ᠬᠦᠴᠦᠨ ᠲᠡᠢ ᠪᠥᠭᠡᠳ ᠲᠣᠭᠲᠠᠪᠤᠷᠢᠲᠠᠢ ᠪᠠᠢᠬᠤ ᠬᠡᠷᠡᠭ᠍ᠲᠡᠢ ︔

︵ ᠬᠤᠶᠠᠷ︶ ᠲᠤᠰᠬᠠᠶ ᠠᠰᠢᠭ ᠤᠨ ᠡᠷᠬᠡᠲᠦ ᠬᠥᠮᠥᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠡᠪᠴᠢᠶᠡᠨ ᠳᠦ ᠬᠠᠤᠯᠢ ᠶᠣᠰᠣᠭᠠᠷ ᠳᠠᠩᠰᠠᠯᠠᠭᠤᠯᠤᠭᠰᠠᠨ ᠨᠢᠭᠡᠴᠢ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠰᠠᠭᠤᠭ᠎ᠠ ᠬᠤᠪᠢ ᠬᠥᠮᠦᠨ ᠪᠠᠢᠵᠤ ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠬᠦᠷᠢᠶᠡᠯᠡᠵᠦ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭ᠍ᠲᠡᠢ︔

︵ ᠭᠤᠷᠪᠠ ︶ ᠲᠤᠰᠬᠠᠢ ᠠᠰᠢᠭ ᠤᠨ ᠪᠥᠬᠥ ᠡᠷᠬᠡᠲᠤ ᠬᠥᠮᠥᠨ ᠨᠢ ᠮᠡᠳᠡᠭᠦᠯᠬᠦ ᠶᠢ ᠵᠥᠪᠰᠢᠶᠡᠷᠡᠭ᠍ᠰᠡᠨ ᠪᠠᠢᠬᠤ ︔

︵ᠲᠦᠷᠪᠡ︶ ᠲᠤᠰᠬᠠᠢ ᠠᠰᠢᠭ  ᠨᠢ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ᠂ ᠮᠡᠷᠭᠡᠵᠢᠯ ᠤᠨ ᠬᠢᠷᠢ ᠬᠡᠮᠵᠢᠶ᠎ᠡ ᠥᠨᠳᠥᠷ ᠪᠤᠶᠤ ᠵᠢᠷᠤᠵᠤ ᠲᠥᠯᠥᠪᠯᠡᠭᠰᠡᠨ ᠨᠢ ᠥᠪᠡᠷᠮᠢᠴᠡ ᠪᠥᠭᠡᠳ ᠬᠡᠷᠡᠭᠵᠢᠭᠦᠯᠦᠭᠰᠡᠨ ᠤ ᠳᠠᠷᠠᠭ᠎ᠠ ᠢᠯᠡᠳᠲᠡ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠤᠶᠤ ᠠᠮᠢ ᠠᠬᠤᠢ ᠶᠢᠨ ᠦᠷ᠎ᠡ ᠠᠰᠢᠭ ᠣᠯᠬᠤ ︔

︵ᠲᠠᠪᠤ︶ ᠲᠤᠰᠬᠠᠢ ᠠᠰᠢᠭ ᠵᠢᠴᠢ ᠲᠡᠭᠦᠨ ᠤ ᠦᠢᠯᠡᠳᠭᠦᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠦᠷᠦ ᠶᠢᠨ ᠪᠤᠳᠤᠯᠭ᠎ᠠ ᠳᠤ ᠨᠡᠢᠴᠡᠬᠦ ᠬᠡᠷᠡᠭ᠍ᠲᠡᠢ ︔

︵ᠵᠢᠷᠭᠤᠭ᠎ᠠ︶ ᠮᠡᠳᠡᠭᠦᠯᠦᠭᠰᠡᠨ ᠲᠤᠰᠬᠠᠶ ᠠᠰᠢᠭ ᠨᠢ ᠡᠭᠦᠳᠦᠯᠲᠡ ᠶᠢᠨ ᠲᠤᠰᠬᠠᠶ ᠠᠰᠢᠭ ᠪᠠᠶᠢᠪᠠᠯ᠂ ᠰᠢᠯᠢᠳᠡᠭ ᠢ ᠨᠢ ᠰᠣᠩᠭᠤᠨ ᠥᠨᠳᠥᠷ ᠥᠷᠲᠡᠭ ᠲᠠᠢ ᠡᠭᠦᠳᠦᠯᠲᠡ ᠶᠢᠨ ᠲᠤᠰᠬᠠᠶ ᠠᠰᠢᠭ ᠤᠨ ᠦᠨᠡᠯᠡᠯᠲᠡ ᠳᠤ ᠣᠷᠣᠯᠴᠠᠭᠤᠯᠤᠨ᠎ᠠ᠃

︵ᠳᠤᠯᠤᠭ᠎ᠠ︶ ᠲᠤᠰᠬᠠᠢ ᠠᠰᠢᠭ ᠨᠢ ᠬᠠᠷᠢᠴᠠᠩᠭᠤᠢ ᠪᠦᠷᠢᠨ ᠲᠡᠭᠦᠯᠳᠡᠷ  ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠᠢᠬᠤ ᠬᠡᠷᠡᠭ᠍ᠲᠡᠢ ᠃

    ᠨᠠᠢᠮᠠᠳᠤᠭᠠᠷ ᠵᠦᠢᠯ ᠂ ᠳᠣᠣᠷ᠎ᠠ ᠵᠢᠭᠰᠠᠭᠠᠭᠰᠠᠨ ᠪᠠᠢᠳᠠᠯ ᠤᠳ ᠤᠨ ᠨᠢᠭᠡ ᠨᠢ  ᠪᠠᠢᠪᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠳᠤ ᠣᠷᠣᠯᠴᠠᠵᠤ ᠪᠣᠯᠬᠤ ᠦᠭᠡᠢ ᠄

︵ᠨᠢᠭᠡ︶ ᠲᠤᠰᠬᠠᠶ ᠠᠰᠢᠭ ᠨᠢ ᠨᠢᠭᠡᠨᠲᠡ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠬᠦᠷᠲᠡᠭ᠍ᠰᠡᠨ ᠪᠠᠢᠬᠤ︔

︵ᠬᠤᠶᠠᠷ︶ ᠲᠤᠰᠬᠠᠢ ᠠᠰᠢᠭ ᠤᠨ ᠵᠦᠢᠯᠡᠰ ᠲᠤ ᠲᠤᠰᠬᠠᠢ ᠠᠰᠢᠭ ᠤᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ᠂ ᠲᠤᠰᠬᠠᠢ ᠠᠰᠢᠭ ᠤᠨ ᠡᠷᠬᠡ ᠶᠢᠨ ᠬᠦᠴᠦᠨ ᠦᠭᠡᠢ ᠵᠢᠭᠤᠷᠠᠯᠳᠤᠭᠠᠨ᠂ ᠡᠭᠦᠳᠦᠭᠴᠢ ᠪᠤᠶᠤ ᠵᠢᠷᠤᠵᠤ ᠲᠥᠯᠥᠪᠯᠡᠭᠴᠢ ᠶᠢᠨ ᠬᠣᠭᠣᠷᠣᠨᠳᠤ ᠵᠢᠭᠤᠷᠠᠯᠳᠤᠭᠠᠨ ᠣᠷᠣᠰᠢᠭ᠌ᠰᠠᠨ ᠪᠠᠢᠬᠤ ︔

︵ᠭᠤᠷᠪᠠ︶ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠤᠰᠬᠠᠢ ᠠᠰᠢᠭ ︵ᠨᠢᠭᠤᠴᠠ ᠲᠠᠶᠢᠯᠤᠭᠳᠠᠭᠰᠠᠨ ᠨᠢ ᠡᠬᠦᠨ ᠳᠤ ᠪᠠᠭᠳᠠᠬᠤ ᠦᠭᠡᠢ︶ ᠪᠤᠶᠤ ᠨᠢᠭᠤᠴᠠ ᠶᠢ ᠬᠠᠮᠠᠭᠠᠯᠠᠬᠤ ᠲᠤᠰᠬᠠᠢ ᠠᠰᠢᠭ︔

︵ᠲᠦᠷᠪᠡ︶ ᠬᠠᠤᠯᠢ ᠴᠠᠭᠠᠵᠠ᠂ ᠬᠠᠤᠯᠢ ᠳᠦᠷᠢᠮ ᠵᠢᠴᠢ ᠳᠦᠷᠢᠮ ᠲᠣᠭᠲᠠᠭᠠᠯ ᠵᠡᠷᠭᠡ ᠲᠣᠭᠲᠠᠭᠠᠯ ᠳᠤ ᠦᠯᠦ ᠲᠣᠬᠢᠷᠠᠬᠤ ᠪᠤᠰᠤᠳ ᠪᠠᠶᠢᠳᠠᠯ᠃

    ᠶᠢᠰᠦᠳᠦᠭᠡᠷ ᠵᠦᠢᠯ ᠂ ᠨᠥᠬᠦᠴᠡᠯ ᠳᠤ ᠨᠡᠶᠢᠴᠡᠬᠦ ᠲᠤᠰᠬᠠᠶ ᠠᠰᠢᠭ ᠤᠨ ᠡᠷᠬᠡᠲᠤ ᠬᠥᠮᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠭᠤᠶᠤᠴᠢᠯᠠᠨ ᠮᠡᠳᠡᠭᠦᠯᠬᠦ ᠳᠤ ᠲᠠᠨᠢᠯᠴᠠᠭᠤᠯᠬᠤ ᠠᠷᠭ᠎ᠠ ᠮᠠᠶ᠋ᠢᠭ ᠢ ᠠᠪᠴᠤ ᠪᠣᠯᠤᠨ᠎ᠠ᠂ ᠳᠣᠤᠷᠠᠬᠢ ᠨᠢᠭᠡᠴᠢ ᠪᠤᠶᠤ ᠬᠤᠪᠢ ᠬᠥᠮᠦᠨ ᠪᠠᠲᠤᠯᠠᠨ ᠲᠠᠨᠢᠯᠴᠠᠭᠤᠯᠵᠤ ᠪᠣᠯᠤᠨ᠎ᠠ᠄

︵ᠨᠢᠭᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠢᠭᠤᠯᠭ᠎ᠠ ᠵᠢᠴᠢ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠤᠯ ᠤᠨ ᠬᠦᠷᠢᠶᠡᠯᠡᠩ ᠤᠨ ᠭᠠᠵᠠᠷ ︔

︵ᠬᠤᠶᠠᠷ︶ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ︔

︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠦᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ︔

︵ᠲᠦᠷᠪᠡ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ︔

︵ᠲᠠᠪᠤ︶ ᠥᠪᠡᠷᠲᠡᠭᠡᠨ ᠵᠠᠰᠠᠬᠤ ᠣᠷᠣᠨ ᠤ ᠳᠡᠰ ᠦᠨ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠰᠤᠳᠤᠯᠭᠠᠨ ᠤ ᠨᠡᠶᠢᠭᠡᠮᠯᠢᠭ᠃

ᠲᠤᠰᠬᠠᠶ ᠠᠰᠢᠭ ᠤᠨ ᠡᠷᠭᠡᠲᠦ ᠬᠥᠮᠥᠨ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠪᠤᠶᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠰᠠᠭᠤᠭ᠎ᠠ ᠬᠤᠪᠢ ᠬᠥᠮᠦᠨ ᠨᠢ ᠪᠠᠰᠠ ᠥᠪᠡᠷ ᠢ ᠪᠡᠨ ᠲᠠᠨᠢᠯᠴᠠᠭᠤᠯᠬᠤ ᠠᠷᠭ᠎ᠠ ᠮᠠᠶ᠋ᠢᠭ ᠢ ᠠᠪᠴᠤ ᠰᠢᠯᠭᠠᠷᠠᠭᠤᠯᠤᠯᠲᠠ ᠳᠤ ᠣᠷᠣᠯᠴᠠᠵᠤ ᠪᠣᠯᠤᠨ᠎ᠠ᠃

    ᠠᠷᠪᠠᠳᠤᠭᠠᠷ ᠵᠦᠢᠯ ᠂ ᠲᠠᠨᠢᠯᠴᠠᠭᠤᠯᠬᠤ ᠠᠷᠭ᠎ᠠ‌ᠮᠠᠶ᠋ᠢᠭ ᠢᠶᠠᠷ ᠰᠢᠯᠭᠠᠷᠠᠭᠤᠯᠬᠤ ᠳᠤ ᠣᠷᠣᠯᠴᠠᠭᠰᠠᠨ ᠲᠣᠬᠢᠶᠠᠯᠳᠤᠯ ᠳᠤ᠂ ᠪᠠᠲᠤᠯᠠᠨ ᠲᠠᠨᠢᠯᠴᠠᠭᠤᠯᠤᠭᠰᠠᠨ‌ᠨᠢᠭᠡᠴᠢ ᠪᠠ ᠬᠤᠪᠢ ᠬᠥᠮᠦᠨ ᠮᠡᠳᠡᠭᠦᠯᠦᠭᠰᠡᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ᠂ ᠲᠤᠬᠠᠶ ᠶᠢᠨ ᠵᠢᠯ ᠤᠨ ᠭᠤᠶᠤᠴᠢᠯᠠᠨ ᠮᠡᠳᠡᠭᠦᠯᠬᠦ ᠠᠯᠪᠠᠨ ᠵᠠᠷ ᠤᠨ ᠱᠠᠭᠠᠷᠳᠠᠯᠭ᠎ᠠ ᠶᠢ ᠦᠨᠳᠦᠰᠦᠯᠡᠨ ᠰᠢᠯᠢᠳᠡᠭ ᠢ ᠨᠢ ᠰᠢᠯᠭᠠᠷᠠᠭᠤᠯᠤᠨ ᠲᠣᠭᠲᠠᠭᠠᠬᠤ ᠺᠣᠮᠢᠰ ᠤᠨ ᠠᠯᠪᠠᠨ ᠭᠡᠷ ᠲᠤ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠬᠡᠷᠡᠭᠲᠡᠶ᠃ ᠥᠪᠡᠷ ᠢ ᠪᠠᠨ ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠰᠢᠯᠭᠠᠷᠠᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠪᠤᠶᠤ ᠬᠤᠪᠢ ᠬᠥᠮᠦᠨ᠂ ᠰᠢᠯᠭᠠᠷᠠᠭᠤᠯᠬᠤ ᠺᠣᠮᠢᠰ ᠤᠨ ᠠᠯᠪᠠᠨ ᠭᠡᠷ ᠲᠤ ᠰᠢᠭᠤᠳ ᠮᠡᠳᠡᠭᠦᠯᠵᠦ ᠪᠣᠯᠤᠨ᠎ᠠ᠃

    ᠠᠷᠪᠠᠨ ᠨᠢᠭᠡᠳᠦᠭᠡᠷ ᠵᠦᠢᠯ ᠂ ᠰᠢᠯᠭᠠᠷᠠᠭᠤᠯᠬᠤ ᠺᠣᠮᠢᠰ ᠤᠨ ᠠᠯᠪᠠᠨ ᠭᠡᠷ ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠬᠦ ᠶᠢ ᠨᠢ ᠲᠤᠰᠬᠠᠶ ᠠᠰᠢᠭ ᠤᠨ ᠲᠥᠷᠥᠯ ᠬᠡᠯᠪᠡᠷᠢ᠂ ᠮᠡᠷᠭᠡᠵᠢᠯ ᠤᠨ ᠬᠦᠷᠢᠶ᠎ᠡ ᠬᠡᠪᠴᠢᠶ᠎ᠡ ᠵᠡᠷᠭᠡ ᠪᠠᠷ ᠬᠤᠷᠢᠶᠠᠩᠭᠤᠶᠢᠯᠠᠨ ᠲᠥᠷᠥᠯ ᠬᠤᠪᠢᠶᠠᠬᠤ ᠬᠡᠷᠡᠭᠲᠡᠶ᠃ ᠲᠥᠷᠥᠯ ᠬᠤᠪᠢᠶᠠᠨ ᠬᠤᠷᠢᠶᠠᠩᠭᠤᠶᠢᠯᠠᠵᠤ ᠲᠥᠷᠥᠯ ᠬᠤᠪᠢᠶᠠᠭᠰᠠᠨ ᠪᠠᠶᠢᠳᠠᠯ ᠢᠶᠠᠨ ᠦᠨᠳᠦᠰᠦᠯᠡᠨ᠂ ᠵᠣᠬᠢᠬᠤ ᠲᠤᠰᠬᠠᠶ ᠮᠡᠷᠭᠡᠵᠢᠯ ᠤᠨ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ ᠠᠩᠬᠠᠨ ᠤ ᠰᠢᠯᠭᠠᠷᠠᠭᠤᠯᠤᠯᠲᠠ ᠬᠢᠬᠦ ᠬᠡᠷᠡᠭᠲᠡᠶ᠃

    ᠠᠷᠪᠠᠨ ᠬᠤᠶᠠᠳᠤᠭᠠᠷ ᠵᠦᠢᠯ᠂ ᠰᠢᠯᠭᠠᠷᠠᠭᠤᠯᠬᠤ ᠺᠣᠮᠢᠰ ᠤᠨ ᠠᠯᠪᠠᠨ ᠬᠡᠷ ᠨᠢ ᠠᠩᠬ᠎ᠠ ᠦᠨᠡᠯᠡᠭᠰᠡᠨ ᠪᠠᠶᠢᠳᠠᠯ ᠢ ᠦᠨᠳᠦᠰᠦᠯᠡᠨ᠂ ᠱᠠᠩᠨᠠᠯ ᠭᠥᠷᠳᠡᠬᠦ ᠪᠠᠷ ᠪᠠᠶᠢᠭ᠎ᠠ ᠲᠥᠷᠥᠯ ᠵᠦᠢᠯ ᠤᠨ ᠰᠠᠨᠠᠭᠤᠯᠭ᠎ᠠ ᠶᠢᠨ ᠨᠡᠷᠡᠰ ᠵᠢᠴᠢ ᠱᠠᠩᠨᠠᠯ ᠤᠨ ᠲᠠᠰ ᠢ ᠭᠠᠷᠭᠠᠨ ᠂ ᠰᠢᠯᠭᠠᠷᠠᠭᠤᠯᠬᠤ ᠺᠣᠮᠢᠰ ᠲᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃

    ᠠᠷᠪᠠᠨ ᠭᠤᠷᠪᠠᠳᠤᠭᠠᠷ ᠵᠦᠢᠯ᠂ ᠰᠢᠯᠭᠠᠷᠠᠭᠤᠯᠤᠨ ᠲᠣᠭᠲᠠᠭᠠᠬᠤ ᠺᠣᠮᠢᠰ ᠪᠦᠭᠦᠳᠡ ᠬᠤᠷᠠᠯ ᠬᠤᠷᠠᠯᠳᠤᠭᠤᠯᠵᠤ᠂ ᠱᠠᠩᠨᠠᠯ ᠣᠯᠬᠤ ᠪᠠᠷ ᠪᠠᠶᠢᠭ᠎ᠠ ᠲᠥᠷᠥᠯ ᠵᠦᠢᠯ ᠤᠨ ᠰᠠᠨᠠᠭᠤᠯᠭ᠎ᠠ ᠶᠢᠨ ᠨᠡᠷᠡᠰ ᠵᠢᠴᠢ ᠱᠠᠩᠨᠠᠯ ᠤᠨ ᠳᠡᠰ ᠢ ᠬᠠᠮᠲᠤ ᠪᠠᠷ ᠬᠢᠨᠠᠨ ᠲᠣᠭᠲᠠᠭᠠᠵᠤ᠂ ᠱᠠᠩᠨᠠᠯ ᠣᠯᠭᠤᠬᠤ ᠪᠠᠷ ᠪᠠᠶᠢᠭ᠎ᠠ ᠨᠡᠷᠡᠰ ᠢ ᠲᠣᠭᠲᠠᠭᠠᠨ᠎ᠠ᠃

    ᠠᠷᠪᠠᠨ ᠳᠥᠷᠪᠡᠳᠦᠭᠡᠷ ᠵᠦᠢᠯ᠂ ᠰᠢᠯᠭᠠᠷᠠᠭᠤᠯᠬᠤ ᠺᠣᠮᠢᠰ ᠤᠨ ᠠᠯᠪᠠᠨ ᠭᠡᠷ ᠱᠠᠩᠨᠠᠯ ᠬᠦᠷᠲᠡᠬᠦ ᠨᠡᠷᠡᠰ ᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠦᠯᠵᠢᠶᠡᠨ ᠳᠡᠭᠡᠷ᠎ᠡ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 15 ᠡᠳᠦᠷ ᠪᠣᠯᠤᠨ᠎ᠠ᠃ᠨᠢᠭᠡᠴᠢ ᠪᠤᠶᠤ ᠬᠤᠪᠢ ᠬᠥᠮᠦᠨ ᠱᠠᠩᠨᠠᠯ ᠣᠯᠬᠤ ᠪᠠᠷ ᠪᠠᠶᠢᠭ᠎ᠠ ᠨᠡᠷᠡᠰ ᠲᠤ ᠰᠠᠨᠠᠯ ᠲᠠᠢ ᠪᠣᠯ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠢᠨᠠᠨ ᠲᠣᠭᠲᠠᠭᠠᠬᠤ ᠺᠣᠮᠢᠰ ᠤᠨ ᠠᠯᠪᠠᠨ ᠭᠡᠷ ᠲᠤ ᠪᠢᠴᠢᠭ ᠤᠨ ᠬᠡᠯᠪᠡᠷᠢ ᠪᠠᠷ ᠳᠤᠷᠠᠳᠴᠤ ᠪᠣᠯᠤᠨ᠎ᠠ᠃

    ᠠᠷᠪᠠᠨ ᠲᠠᠪᠤᠳᠤᠭᠠᠷ ᠵᠦᠢᠯ᠂ ᠰᠢᠯᠭᠠᠷᠠᠭᠤᠯᠤᠨ ᠲᠣᠭᠲᠠᠭᠠᠬᠤ ᠺᠣᠮᠢᠰ ᠤᠨ ᠠᠯᠪᠠᠨ ᠭᠡᠷ ᠨᠢ ᠴᠠᠭ ᠲᠤᠬᠠᠶ ᠳᠤᠨᠢ ᠰᠠᠨᠠᠯ ᠦᠳ ᠢ ᠬᠠᠷᠭᠤᠭᠤᠯᠤᠨ ᠪᠠᠶᠢᠴᠠᠭᠠᠵᠤ᠂ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠰᠢᠯᠭᠠᠷᠠᠭᠤᠯᠤᠨ ᠲᠣᠭᠲᠠᠭᠠᠬᠤ ᠺᠣᠮᠢᠰ ᠲᠤ ᠮᠡᠳᠡᠭᠦᠯᠦᠨ ᠬᠦᠷᠭᠡᠬᠦ ᠬᠡᠷᠡᠭᠲᠡᠶ᠃ ᠰᠢᠯᠭᠠᠷᠠᠭᠤᠯᠤᠨ ᠲᠣᠭᠲᠠᠭᠠᠬᠤ ᠺᠣᠮᠢᠰ ᠰᠠᠨᠠᠯ ᠢ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠦᠨᠳᠦᠰᠦᠯᠡᠨ ᠰᠢᠢᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠶ᠃ ᠰᠢᠯᠭᠠᠷᠠᠭᠤᠯᠤᠨ ᠲᠣᠭᠲᠠᠭᠠᠬᠤ ᠺᠣᠮᠢᠰ ᠤᠨ ᠠᠯᠪᠠᠨ ᠭᠡᠷ 15 ᠡᠳᠦᠷ ᠤᠨ ᠳᠣᠲᠣᠷ᠎ᠠ ᠰᠢᠢᠳᠪᠦᠷᠢᠯᠡᠭ᠍ᠰᠡᠨ ᠲᠣᠭᠲᠠᠭᠠᠯ ᠢᠶᠠᠨ ᠰᠠᠨᠠᠯ ᠮᠡᠳᠡᠭᠦᠯᠦᠭᠰᠡᠨ ᠲᠠᠯ᠎ᠠ᠂ ᠭᠤᠶᠤᠴᠢᠯᠠᠭᠰᠠᠨ ᠲᠠᠯ᠎ᠠ ᠪᠠ ᠲᠠᠨᠢᠯᠴᠠᠭᠤᠯᠤᠭᠰᠠᠨ ᠡᠲᠡᠭᠡᠳ ᠲᠤ ᠮᠡᠳᠡᠭᠳᠡᠬᠦ ᠬᠡᠷᠡᠭᠲᠡᠶ᠃

    ᠠᠷᠪᠠᠨ ᠵᠢᠷᠭᠤᠳᠤᠭᠠᠷ ᠵᠦᠢᠯ᠂ ᠢᠯᠡ ᠵᠠᠷᠯᠠᠭᠠᠳ ᠣᠨᠳᠣᠣ ᠰᠠᠨᠠᠯ ᠦᠭᠡᠢ ᠪᠤᠶᠤ  ᠰᠠᠨᠠᠯ ᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ᠂ ᠬᠢᠨᠠᠨ ᠲᠣᠭᠲᠠᠭᠠᠬᠤ ᠺᠣᠮᠢᠰ ᠤᠨ ᠠᠯᠪᠠᠨ ᠭᠡᠷ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠤᠨ ᠱᠠᠩᠨᠠᠯ ᠬᠦᠷᠲᠡᠬᠦ ᠨᠡᠷᠡᠰ ᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠨᠡᠢᠲᠡ ᠳᠤ ᠵᠠᠷᠯᠠᠨ᠎ᠠ ᠃

    ᠠᠷᠪᠠᠨ ᠳᠣᠯᠣᠳᠤᠭᠠᠷ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠦᠨᠡᠮᠯᠡᠯ ᠣᠯᠭᠤᠵᠤ᠂ ᠪᠡᠯᠡ ᠮᠥᠩᠭᠦ ᠶᠢᠨ ᠲᠤᠰᠠᠯᠠᠮᠵᠢ ᠬᠠᠩᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠠᠯᠲᠠᠨ ᠱᠠᠩᠨᠠᠯ ᠢ ᠣᠯᠤᠭᠰᠠᠨ ᠲᠤᠰᠬᠠᠶ ᠠᠰᠢᠭ ᠤᠨ ᠡᠷᠬᠡᠲᠦ ᠬᠥᠮᠦᠨ ᠳᠤ 30 ᠲᠦᠮᠡᠨ ᠲᠥᠭᠦᠷᠢᠭ ᠤᠨ ᠪᠡᠯᠡ ᠮᠥᠩᠭᠦ ᠪᠠᠷ ᠲᠤᠰᠠᠯᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠮᠦᠩᠭᠦᠨ ᠱᠠᠩᠨᠠᠯ ᠢ ᠣᠯᠤᠭᠰᠠᠨ ᠲᠤᠰᠬᠠᠶ ᠠᠰᠢᠭ ᠤᠨ ᠡᠷᠬᠡᠲᠦ ᠬᠥᠮᠦᠨ ᠳᠤ 20 ᠲᠦᠮᠡᠨ ᠲᠥᠭᠦᠷᠢᠭ ᠤᠨ ᠪᠡᠯᠡ ᠮᠥᠩᠭᠦ ᠶᠢᠨ ᠲᠤᠰᠠᠯᠠᠮᠵᠢ ᠣᠯᠭᠤᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠰᠢᠯᠢᠳᠡᠭ ᠱᠠᠩᠨᠠᠯ ᠣᠯᠤᠭᠰᠠᠨ ᠲᠤᠰᠬᠠᠶ ᠠᠰᠢᠭ ᠤᠨ ᠡᠷᠬᠡᠲᠦ ᠬᠥᠮᠦᠨ ᠳᠤ 10 ᠲᠦᠮᠡᠨ ᠲᠥᠭᠦᠷᠢᠭ ᠤᠨ ᠪᠡᠯᠡ ᠮᠥᠩᠭᠦ ᠶᠢᠨ ᠲᠤᠰᠠᠯᠠᠮᠵᠢ ᠣᠯᠭᠤᠨ᠎ᠠ᠃

    ᠠᠷᠪᠠᠨ ᠨᠠᠢᠮᠠᠳᠤᠭᠠᠷ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠠᠯᠲᠠᠨ ᠱᠠᠩᠨᠠᠯ᠂ ᠮᠥᠩᠭᠦᠨ ᠱᠠᠩᠨᠠᠯ᠂ ᠰᠢᠯᠢᠳᠡᠭ ᠱᠠᠩᠨᠠᠯ ᠢ ᠣᠯᠤᠭᠰᠠᠨ ᠲᠤᠰᠬᠠᠶ ᠠᠰᠢᠭ ᠤᠨ ᠡᠷᠬᠡᠲᠦ ᠬᠥᠮᠦᠨ ᠨᠢ᠂ ᠲᠤᠰᠠᠯᠠᠮᠵᠢ ᠶᠢᠨ ᠪᠡᠯᠡ ᠮᠥᠩᠭᠦ ᠪᠠᠨ ᠳᠣᠤᠷᠠᠬᠢ ᠬᠠᠷᠢᠴᠠᠯ ᠤᠨ ᠶᠣᠰᠣᠭᠠᠷ ᠱᠠᠩᠨᠠᠯ ᠣᠯᠤᠭᠰᠠᠨ ᠲᠥᠷᠥᠯ ᠵᠦᠢᠯ ᠤᠨ ᠡᠭᠦᠳᠦᠭᠴᠢ ᠪᠤᠶᠤ ᠵᠢᠷᠤᠵᠤ ᠲᠥᠯᠥᠪᠯᠡᠭᠴᠢ ᠵᠢᠴᠢ ᠲᠤᠰ ᠲᠥᠷᠥᠯ ᠤᠨ ᠲᠤᠰᠬᠠᠶ ᠠᠰᠢᠭ ᠤᠨ ᠮᠡᠷᠭᠡᠵᠢᠯ ᠢ ᠬᠡᠷᠡᠭᠵᠢᠭᠦᠯᠬᠦ ᠳᠤ ᠪᠣᠳᠠᠲᠠᠶ ᠬᠤᠪᠢ ᠨᠡᠮᠡᠷᠢ ᠦᠵᠡᠭᠦᠯᠦᠭᠰᠡᠨ  ᠨᠢᠭᠡᠴᠢ ᠪᠠ ᠬᠤᠪᠢ ᠬᠥᠮᠦᠨ ᠳᠦ ᠬᠤᠪᠢᠶᠠᠷᠢᠯᠠᠨ᠎ᠠ᠄

︵ᠨᠢᠭᠡ︶ ᠱᠠᠩᠨᠠᠯ ᠣᠯᠤᠭᠰᠠᠨ ᠲᠥᠷᠥᠯ ᠵᠦᠢᠯ ᠤᠨ ᠲᠤᠰᠬᠠᠶ ᠠᠰᠢᠭ ᠤᠨ ᠡᠭᠦᠳᠦᠭᠴᠢ ᠪᠤᠶᠤ ᠵᠢᠷᠤᠭ ᠲᠥᠯᠥᠪᠯᠡᠭᠡ ᠶᠢᠨ ᠬᠥᠮᠦᠨ ᠳᠦ 50% ᠠᠴᠠ ᠳᠤᠲᠠᠭᠤ ᠦᠭᠡᠢ ᠪᠠᠷ ᠲᠤᠰᠠᠯᠠᠮᠵᠢ ᠣᠯᠭᠤᠨ᠎ᠠ᠃

︵ᠬᠤᠶᠠᠷ︶ ᠲᠣᠰ ᠲᠤᠰᠬᠠᠶ ᠠᠰᠢᠭ ᠤᠨ ᠮᠡᠷᠭᠡᠵᠢᠯ ᠢ ᠬᠡᠷᠡᠭᠵᠢᠭᠦᠯᠬᠦ ᠳᠤ ᠪᠣᠳᠠᠲᠠᠶ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠳᠤ 20% ᠶᠢᠨ ᠬᠠᠷᠢᠴᠠᠯ ᠢᠶᠠᠷ ᠲᠤᠰᠠᠯᠠᠮᠵᠢ ᠣᠯᠭᠤᠨ᠎ᠠ︔

︵ᠭᠤᠷᠪᠠ︶ ᠪᠤᠰᠤᠳ ᠲᠤᠰᠠᠯᠠᠮᠵᠢ ᠶᠢᠨ ᠪᠡᠯᠡ ᠮᠥᠩᠭᠦ ᠶᠢ ᠲᠤᠰᠬᠠᠶ ᠠᠰᠢᠭ ᠤᠨ ᠬᠠᠮᠢᠶ᠎ᠠ ᠪᠦᠬᠦᠢ ᠠᠵᠢᠯ ᠳᠤ ᠬᠡᠷᠡᠭᠯᠡᠨ᠎ᠡ᠃

    ᠠᠷᠪᠠ ᠶᠢᠰᠦᠳᠦᠭᠡᠷ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠦᠨ ᠵᠣᠭᠤᠰ ᠢᠶᠠᠷ ᠲᠤᠰᠠᠯᠠᠬᠤ ᠪᠡᠯᠡ ᠮᠥᠩᠭᠦ ᠶᠢ ᠣᠳᠣ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠦᠬᠦᠢ ᠠᠵᠢᠯ ᠤᠨ ᠵᠠᠷᠤᠳᠠᠯ ᠠᠴᠠ ᠵᠢᠭᠰᠠᠭᠠᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠪᠡᠯᠡ ᠮᠥᠩᠭᠦ ᠶᠢᠨ ᠬᠡᠪᠴᠢᠶ᠎ᠡ ᠬᠢᠭᠡᠳ ᠪᠡᠯᠡ ᠮᠥᠩᠭᠦ ᠶᠢᠨ ᠢᠷᠡᠯᠲᠡ ᠶᠢᠨ ᠠᠷᠭ᠎ᠠ ᠵᠠᠮ ᠢ ᠲᠤᠬᠠᠢ ᠶᠢᠨ ᠴᠠᠭ ᠲᠤᠨᠢ ᠲᠣᠬᠢᠷᠠᠭᠤᠯᠤᠨ᠎ᠠ᠃

    ᠬᠤᠷᠢᠳᠤᠭᠠᠷ ᠵᠦᠢᠯ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠮᠢᠶ᠎ᠠ ᠪᠦᠬᠦᠢ ᠤᠬᠠᠭᠤᠯᠭ᠎ᠠ ᠪᠠ ᠰᠣᠯᠢᠯᠴᠠᠭᠠᠨ ᠤ ᠠᠵᠢᠯ ᠢ ᠢᠳᠡᠪᠬᠢᠲᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠰᠬᠠᠢ ᠠᠰᠢᠭ ᠤᠨ ᠱᠠᠩᠨᠠᠯ ᠤᠨ ᠢᠳᠡᠪᠬᠢᠲᠡᠢ ᠠᠬᠢᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃

    ᠬᠤᠷᠢᠨ ᠨᠢᠭᠡᠳᠦᠭᠡᠷ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠳᠤ ᠣᠷᠣᠯᠴᠠᠭᠰᠠᠳ ᠬᠢᠨᠠᠨ ᠲᠣᠭᠲᠠᠭᠠᠭᠰᠠᠨ ᠬᠠᠮᠢᠶ᠎ᠠ ᠪᠥᠬᠦᠶ ᠪᠠᠶᠢᠳᠠᠯ ᠢ ᠵᠠᠳᠠᠷᠠᠭᠤᠯᠵᠤ ᠪᠣᠯᠬᠤ ᠥᠬᠡᠶ᠂ ᠭᠤᠶᠤᠴᠢᠯᠠᠨ ᠮᠡᠳᠡᠭᠦᠯᠦᠭᠰᠡᠨ‌ᠨᠢᠭᠡᠴᠢ ᠪᠤᠶᠤ ᠬᠤᠪᠢ ᠬᠥᠮᠦᠨ ᠲᠠᠢ ᠠᠰᠢᠭ ᠲᠤᠰᠠ ᠶᠢᠨ ᠬᠠᠷᠢᠴᠠᠭ᠎ᠠ ᠲᠠᠢ ᠪᠠᠶᠢᠪᠠᠯ ᠵᠠᠢᠯᠠᠰᠬᠢᠬᠤ ᠬᠡᠷᠡᠭᠲᠡᠶ᠃

    ᠬᠤᠷᠢᠨ ᠬᠤᠶᠠᠳᠤᠭᠠᠷ ᠵᠦᠢᠯ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠬᠤᠪᠢ ᠶᠢᠨ ᠠᠰᠢᠭ ᠲᠤᠰᠠ ᠶᠢᠨ ᠬᠠᠷᠢᠴᠠᠭ᠎ᠠ ᠪᠠᠷ ᠬᠠᠤᠯᠢ ᠶᠣᠰᠣ ᠶᠢ ᠵᠥᠷᠢᠴᠡᠬᠦ ᠵᠡᠷᠭᠡ ᠵᠦᠢ ᠶᠣᠰᠣᠨ ᠤ ᠪᠤᠰᠤ ᠠᠷᠭ᠎ᠠ ᠪᠠᠷᠢᠯ ᠢᠶᠠᠷ ᠪᠤᠰᠤᠳ ᠢ ᠬᠠᠪᠰᠤᠷᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠤᠨ ᠱᠠᠩᠨᠠᠯ ᠢ ᠣᠯᠬᠤ ᠪᠤᠶᠤ ᠬᠠᠪᠰᠤᠷᠤᠭᠰᠠᠨ ᠲᠣᠬᠢᠶᠠᠯᠳᠤᠯ ᠳᠤ ᠬᠢᠨᠠᠨ ᠵᠥᠪᠯᠡᠬᠦ ᠺᠣᠮᠢᠰ ᠪᠤᠶᠤ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ︔ ᠡᠭᠦᠨ ᠳᠤ ᠲᠠᠨᠢᠯᠴᠠᠭᠤᠯᠭ᠎ᠠ ᠶᠢᠨ ᠨᠢᠭᠡᠴᠢ ᠪᠤᠶᠤ ᠠᠺᠠᠳᠧᠮᠢᠴᠢ ᠲᠠᠨᠢᠯᠴᠠᠭᠤᠯᠤᠭᠰᠠᠨ ᠪᠠᠶᠢᠪᠠᠯ᠂ ᠵᠠᠷᠯᠠᠨ ᠨᠡᠶᠢᠲᠡᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠲᠠᠨᠢᠯᠴᠠᠭᠤᠯᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ ᠱᠠᠩᠨᠠᠯ ᠬᠦᠷᠲᠡᠭᠴᠢ ᠶᠢ ᠬᠢᠨᠠᠨ ᠲᠣᠭᠲᠠᠭᠠᠬᠤ ᠺᠣᠮᠢᠰ ᠠᠴᠠ ᠨᠢ ᠬᠦᠴᠦᠨ ᠦᠭᠡᠶ ᠪᠣᠯᠭᠠᠵᠤ᠂ ᠦᠨᠡᠮᠯᠡᠯ ᠪᠣᠯᠤᠨ ᠲᠤᠰᠠᠯᠠᠮᠵᠢ ᠶᠢᠨ ᠪᠡᠯᠡ ᠮᠥᠩᠭᠦ ᠶᠢ ᠨᠢ ᠨᠡᠬᠡᠮᠵᠢᠯᠡᠨ ᠠᠪᠴᠤ᠂ ᠨᠡᠶᠢᠭᠡᠮ ᠤᠨ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠶᠢᠨ ᠬᠠᠮᠲᠤ ᠨᠡᠢᠭᠡᠮ ᠨᠡᠢᠲᠡ ᠳᠦ ᠵᠠᠷᠯᠠᠨ᠂ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠤ ᠱᠠᠩᠨᠠᠯ ᠠᠴᠠ ᠪᠣᠯᠵᠤ ᠣᠯᠤᠭᠰᠠᠨ ᠲᠤᠰᠢᠶᠠᠯ ᠤᠨ ᠴᠣᠯᠠ ︵ᠠᠵᠢᠯ ᠤᠨ ᠪᠠᠶᠢᠷᠢ᠂ ᠲᠤᠰᠢᠶᠠᠯ︶ ᠪᠣᠯᠤᠨ ᠬᠢᠨᠠᠨ ᠰᠢᠯᠭᠠᠭᠰᠠᠨ ᠦᠷ᠎ᠡ ᠳ᠋ᠦᠩ ᠵᠡᠷᠭᠡ ᠶᠢ ᠬᠦᠴᠦᠨ ᠦᠭᠡᠶ ᠪᠣᠯᠭᠠᠨ᠎ᠠ᠃ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢ ᠬᠠᠤᠯᠢ ᠶᠢᠨ ᠶᠣᠰᠣᠭᠠᠷ ᠰᠢᠢᠳᠪᠦᠷᠢᠯᠡᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃

    ᠬᠤᠷᠢᠨ ᠭᠤᠷᠪᠠᠳᠤᠭᠠᠷ ᠵᠦᠢᠯ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠰ ᠠᠷᠭ᠎ᠠ ᠶᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠬᠡᠷᠡᠭᠲᠡᠶ᠃

    ᠬᠤᠷᠢᠨ ᠳᠥᠷᠪᠡᠳᠦᠭᠡᠷ ᠵᠦᠢᠯ᠂ ᠲᠣᠰ ᠠᠷᠭ᠎ᠠ ᠶᠢ 2023 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

    

 

ᠤᠭ ᠮᠠᠲ᠋ᠧᠷᠢᠶᠠᠯ ᠤᠨ ᠬᠠᠶ᠋ᠢᠭ᠄

    https://www.nmg.gov.cn/zwgk/zfxxgk/zfxxgkml/202305/t20230525_2317691.html︖ dzb=true/index.html

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ