ᠮᠠᠨᠵᠤᠤᠷ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠪᠤᠯᠵᠢᠯᠠᠭ᠎ᠠ ᠪᠠᠶᠢᠴᠠᠭᠠᠨ ᠰᠤᠳᠤᠯᠤᠯᠲᠠ ᠬᠢᠵᠦ ᠬᠥᠭᠵᠢᠯᠲᠡ ᠶᠢ ᠠᠬᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/6

    ︽ᠮᠠᠨᠵᠤᠤᠷ ᠬᠤᠲᠠ ︿ᠬᠥᠯᠥᠨ ᠪᠤᠶᠢᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ ᠪᠠ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠢᠴᠢ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠤᠨ ᠨᠠᠶᠢᠳᠠᠪᠤᠷᠢᠵᠢᠭᠤᠯᠬᠤ ᠬᠤᠷᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠤᠷᠠᠯ ﹀ ᠤᠨ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠲᠥᠰᠥᠯ︾ ᠵᠢᠴᠢ ︽ᠭᠤᠣᠯᠳᠠᠯᠭ᠎ᠠ ᠲᠠᠢ ᠨᠠᠷᠢᠨ ᠬᠠᠭᠤᠳᠠᠰᠤ︾ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠦᠯᠦᠭᠡ ᠂ ᠣᠶᠢᠷ᠎ᠠ ᠳᠤ᠂ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠬᠥᠭᠵᠢᠯᠲᠡ ᠶᠢ ᠠᠬᠢᠭᠤᠯᠬᠤ ᠠᠵᠢᠯᠯᠠᠭ᠎ᠠ ᠥᠷᠨᠢᠭᠦᠯᠪᠡ᠃

    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠤᠷᠢᠳ ᠬᠤᠵᠢᠳ ᠮᠠᠨᠵᠤᠤᠷ ᠬᠤᠲᠠ ᠶᠢᠨ ᠢᠳᠡᠭᠡᠨ ᠡᠳ᠋ᠰᠢᠭᠦᠯᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢ ᠲᠠᠢ ᠠᠮᠢ ᠠᠬᠤᠢ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠬᠠᠺᠧᠰ ᠣᠷᠣᠰ ᠢᠳᠡᠰᠢᠨ ᠮᠢᠬᠠᠨ ᠤ ᠪᠦᠲᠦᠭᠡᠭᠳᠡᠬᠦᠨ ᠡᠳ᠋ᠰᠢᠭᠦᠯᠬᠦ ᠬᠢᠵᠠᠭᠠᠷᠲᠤ ᠺᠣᠮᠫᠠᠨᠢ᠂ ᠮᠠᠨᠵᠤᠤᠷ ᠤᠨ ᠣᠷᠣᠰ ᠢᠳᠡᠭᠡᠨ ᠡᠳ᠋ᠰᠢᠭᠦᠯᠬᠦ ᠬᠢᠵᠠᠭᠠᠷᠲᠤ ᠺᠣᠮᠫᠠᠨᠢ᠂ ᠭᠦᠸᠧ ᠪᠢᠨ ᠠᠷᠢᠬᠢ ᠨᠡᠷᠡᠬᠦ ᠬᠢᠵᠠᠭᠠᠷᠲᠤ ᠺᠣᠮᠫᠠᠨᠢ ᠵᠡᠷᠭᠡ 5 ᠭᠤᠣᠯᠳᠠᠯᠭ᠎ᠠ ᠲᠠᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠡᠢ᠃ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠳᠪᠦᠷᠢᠯᠡᠯ ᠤᠨ ᠠᠬᠤᠢ ᠲᠠᠯᠠᠪᠠᠶ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠭᠰᠡᠨ ᠤ ᠳᠠᠷᠠᠭᠠᠬᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠂ ᠢᠳᠡᠭᠡᠨ ᠢ ᠬᠠᠳᠠᠭᠠᠯᠠᠬᠤ ᠲᠠᠯᠠᠪᠤᠷ ᠤᠨ ᠣᠷᠴᠢᠨ ᠲᠣᠭᠤᠷᠢᠨ᠂ ᠪᠠᠷᠠᠭ᠎ᠠ ᠣᠷᠣᠭᠤᠯᠵᠤ ᠪᠣᠷᠣᠯᠠᠭᠤᠯᠬᠤ ᠬᠠᠮᠢᠶᠠᠷᠤᠯᠲᠠ᠂ ᠭᠠᠷ ᠤᠷᠠᠯᠠᠯ ᠤᠨ ᠶᠠᠪᠤᠴᠠ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠶᠠᠰᠤ ᠴᠢᠨᠠᠷ ᠢ ᠡᠵᠡᠮᠳᠡᠬᠦ᠂ ᠦᠢᠯᠡᠳᠪᠦᠷᠢ ᠠᠴᠠ ᠭᠠᠷᠭᠠᠬᠤ ᠪᠠᠶᠢᠴᠠᠭᠠᠯᠲᠠ ᠶᠢᠨ ᠶᠠᠪᠤᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠭᠦᠨ ᠤ ᠬᠠᠮᠲᠤ ᠠᠵᠤ ᠠᠬᠤᠶᠢᠯᠠᠯ ᠤᠨ ᠬᠠᠮᠢᠶ᠎ᠠ ᠪᠦᠬᠦᠢ ᠬᠥᠮᠥᠰ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠣᠯᠣᠨ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠮᠡᠯ ᠠᠰᠠᠭᠤᠳᠠᠯ ᠢ ᠣᠶᠢᠯᠠᠭᠠᠵᠤ᠂ ᠮᠠᠨᠵᠤᠤᠷ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠤᠬᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠠᠵᠢᠯᠯᠠᠭᠠᠨ ᠤ ᠪᠠᠶᠢᠳᠠᠯ ᠪᠠ ᠦᠢᠯᠡᠳᠪᠦᠷᠢᠯᠡᠯ ᠤᠨ ᠶᠠᠪᠤᠴᠠ ᠳᠠᠬᠢ ᠠᠵᠢᠯ ᠤᠨ ᠴᠤᠪᠤᠷᠠᠯ᠂ ᠠᠵᠢᠯᠲᠠᠨ ᠤ ᠲᠣᠬᠢᠷᠠᠭᠤᠯᠤᠯᠲᠠ ᠬᠠᠮᠢᠶᠠᠷᠤᠯᠲᠠ ᠵᠢᠴᠢ ᠠᠮᠤᠷ ᠲᠦᠪᠰᠢᠨ ᠤ ᠰᠡᠷᠭᠡᠶᠢᠯᠡᠯᠲᠡ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠳᠤ ᠴᠢᠭᠯᠡᠭᠦᠯᠦᠨ᠂ ᠠᠵᠤ ᠠᠬᠤᠶᠢᠯᠠᠯ ᠢ ᠬᠠᠪᠰᠤᠷᠤᠨ ᠦᠢᠯᠡᠳᠬᠦᠨ ᠤ ᠶᠠᠰᠤ ᠴᠢᠨᠠᠷ ᠢ ᠨᠥᠯᠥᠭᠡᠯᠡᠬᠦ ᠵᠠᠩᠭᠢᠯᠠᠭ᠎ᠠ ᠶᠢᠨ ᠬᠦᠴᠦᠨ ᠵᠦᠢᠯ ᠢ ᠡᠷᠢᠵᠦ᠂ ᠪᠦᠲᠦᠮᠵᠢᠲᠡᠶ ᠰᠠᠨᠠᠯ ᠪᠠ ᠰᠠᠨᠠᠭᠤᠯᠭ᠎ᠠ ᠭᠠᠷᠭᠠᠪᠠ᠃

    ᠮᠠᠨᠵᠤᠤᠷ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠬᠢ ᠶᠢ ᠢᠳᠡᠪᠬᠢᠲᠡᠢ ᠪᠠᠳᠠᠷᠠᠭᠤᠯᠵᠤ ᠂ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠪᠣᠯᠣᠨ ᠣᠨᠣᠪᠴᠢ ᠶᠢᠨ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠦ ᠂ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠨᠥᠬᠦᠴᠡᠯ ᠡᠭᠦᠳᠴᠦ ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠃

 

ᠢᠷᠡᠯᠲᠡ᠄ ᠮᠠᠨᠵᠤᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ