ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 77 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠰᠢᠢᠳᠪᠦᠷᠢᠯᠡᠬᠦ︾ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/5/6

    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠦᠯᠦᠭᠡ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ᠂ ᠢᠳᠡᠭᠡᠨ ᠦᠢᠯᠡᠳᠪᠦᠷᠢᠯᠡᠬᠦ᠂ ᠡᠮ ᠤᠨ ᠵᠦᠢᠯ ᠢ ᠵᠢᠵᠢᠭᠯᠡᠨ ᠬᠤᠳᠠᠯᠳᠤᠬᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠲᠤ ᠠᠵᠤ ᠠᠬᠤᠶᠢᠯᠠᠯ ᠢ ᠵᠥᠪᠰᠢᠶᠡᠷᠡᠨ ᠣᠷᠣᠭᠤᠯᠬᠤ᠂ ᠠᠵᠤ ᠠᠬᠤᠶᠢᠯᠠᠯ ᠤᠨ ᠵᠥᠪᠰᠢᠶᠡᠷᠡᠨ ᠡᠵᠡᠩᠨᠡᠬᠦ᠂ ᠠᠵᠤ ᠠᠬᠤᠶᠢᠯᠠᠯ ᠤᠨ ᠤᠬᠤᠷᠢᠨ ᠭᠠᠷᠬᠤ ᠵᠡᠷᠭᠡ 3 ᠶᠡᠭᠡ ᠲᠥᠷᠥᠯ ᠤᠨ 77 ᠵᠦᠢᠯ ᠳᠤ ︽ᠨᠢᠭᠡ ᠤᠴᠢᠷ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢ ᠬᠡᠷᠡᠭᠵᠢᠭᠦᠯᠪᠡ᠃ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ᠂ ᠣᠯᠠᠨ ᠴᠣᠩᠬᠤᠪᠴᠢ᠂ ᠣᠯᠠᠨ ᠤᠳᠠᠭ᠎ᠠ︾ ᠪᠠᠶᠢᠭᠰᠠᠨ ᠠᠴᠠ ︽ᠨᠢᠭᠡ ᠭᠠᠵᠠᠷ᠂ ᠨᠢᠭᠡ ᠴᠣᠩᠬᠤᠪᠴᠢ᠂ ᠨᠢᠭᠡ ᠤᠳᠠᠭ᠎ᠠ︾ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢᠨ ᠣᠶᠢᠯᠠᠭᠠᠯᠲᠠ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ ᠲᠡᠭᠡᠭᠰᠢᠯᠡᠭᠦᠯᠵᠡᠢ᠃

    ᠨᠢᠭᠡ ᠳᠤ᠂ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠨ᠎ᠡ ᠃ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠪᠣᠳᠠᠲᠠᠢ ᠠᠬᠤᠢ ᠪᠠᠶᠢᠳᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠦᠯᠵᠢᠶᠡᠨ ᠠᠴᠠ ᠭᠠᠳᠠᠭᠤᠷᠬᠢ ︽ᠨᠢᠭᠡ ᠶᠠᠪᠤᠳᠠᠯ ᠢ ᠨᠢᠭᠡ ᠤᠳᠠᠭ᠎ᠠ ᠳᠤ ᠰᠢᠢᠳᠪᠦᠷᠢᠯᠡᠬᠦ︾ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠭᠤᠯᠵᠤ᠂ ᠨᠢᠭᠡ ᠴᠣᠩᠬᠤᠪᠴᠢ ᠳᠤ ᠶᠡᠷᠦᠩᠬᠡᠶᠢᠯᠡᠨ ᠭᠥᠯᠢᠶᠡᠨ ᠠᠪᠴᠤ᠂ ︽ᠨᠢᠭᠡ ᠴᠣᠩᠬᠤᠪᠴᠢ ᠳᠤ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠵᠡᠢ ᠃

    ᠬᠤᠶᠠᠷ ᠲᠤ ᠂ ᠨᠢᠭᠡ ᠯᠡ ᠤᠳᠠᠭ᠎ᠠ ᠪᠦᠬᠦᠨ ᠢ ᠮᠡᠳᠡᠭᠳᠡᠨ᠎ᠡ ᠃ ᠴᠣᠩᠬᠤᠪᠴᠢ ᠶᠢᠨ ᠠᠵᠢᠯᠲᠠᠨ ᠥᠪᠡᠷ ᠤᠨ ᠭᠦᠢᠴᠡᠳᠬᠡᠬᠦ ᠭᠡᠵᠦ ᠪᠠᠶᠢᠭ᠎ᠠ ᠵᠦᠢᠯᠡᠰ ᠤᠨ ᠢᠶᠠᠨ ᠦᠨᠳᠦᠰᠦᠯᠡᠯ᠂ ᠴᠠᠭ ᠤᠨ ᠬᠢᠵᠠᠭᠠᠷ᠂ ᠲᠠᠰ ᠳᠠᠷᠠᠭᠠᠯᠠᠯ᠂ ᠬᠡᠷᠡᠭᠰᠡᠬᠦ ᠮᠠᠲ᠋ᠧᠷᠢᠶᠠᠯ ᠢ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠨᠢᠭᠡ ᠯᠡ ᠤᠳᠠᠭ᠎ᠠ ᠪᠦᠬᠦᠨ ᠢ ᠮᠡᠳᠡᠭᠳᠡᠨ᠎ᠡ︔ ᠮᠠᠲ᠋ᠧᠷᠢᠶᠠᠯ ᠢ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠪᠠᠶᠢᠪᠠᠯ᠂ ᠨᠥᠬᠦᠪᠦᠷᠢᠯᠡᠨ ᠵᠠᠯᠠᠷᠠᠭᠤᠯᠬᠤ ᠮᠠᠲ᠋ᠧᠷᠢᠶᠠᠯ ᠤᠨ ᠠᠭᠤᠯᠭ᠎ᠠ᠂ ᠴᠠᠭ ᠤᠨ ᠬᠢᠵᠠᠭᠠᠷ᠂ ᠠᠷᠭ᠎ᠠ ᠮᠠᠶ᠋ᠢᠭ ᠵᠡᠷᠭᠡ ᠶᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠨ᠎ᠡ᠃

    ᠭᠤᠷᠪᠠ ᠳᠤ ᠂ ᠨᠢᠭᠡ ᠤᠳᠠᠭ᠎ᠠ ᠳᠤ ᠬᠠᠮᠳᠤᠷᠠᠨ ᠭᠦᠢᠴᠡᠳᠭᠡᠨ᠎ᠡ ᠃ ᠠᠵᠤ ᠠᠬᠤᠶᠢᠯᠠᠯ ᠤᠨ ᠣᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠮᠠᠲ᠋ᠧᠷᠢᠶᠠᠯ ᠢᠶᠠᠨ ᠲᠤᠰᠢᠶᠠᠵᠤ᠂ ᠴᠣᠩᠬᠤᠪᠴᠢ ᠶᠢᠨ ᠠᠵᠢᠯᠳᠠᠨ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠬᠠᠶᠢᠨ ᠰᠢᠯᠭᠠᠬᠤ ︵ᠰᠢᠯᠭᠠᠨ ᠠᠪᠬᠤ︶ ᠵᠡᠷᠭᠡ ᠬᠤᠷᠠᠮᠠᠯ ᠦᠢᠯᠡᠴᠢᠯᠡᠭᠡᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃

    ᠳᠥᠷᠪᠡ ᠳᠤ᠂ ᠨᠢᠭᠡ ᠯᠡ ᠤᠳᠠᠭ᠎ᠠ ᠳᠤ ᠰᠠᠶᠢᠳᠦᠷ ᠬᠢᠨ᠎ᠡ ᠃ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠲᠤᠬᠠᠢ ᠶᠢᠨ ᠲᠠᠯᠠᠪᠤᠷ ᠲᠤᠨᠢ ᠭᠦᠢᠴᠡᠳᠬᠡᠵᠦ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ︔ ᠭᠤᠶᠤᠴᠢᠯᠠᠯ ᠤᠨ ᠮᠠᠲ᠋ᠧᠷᠢᠶᠠᠯ ᠤᠨ ᠳᠡᠳ᠋ᠯᠡᠬᠦ ᠨᠥᠬᠦᠴᠡᠯ ᠪᠤᠶᠤ ᠳᠡᠳ᠋ᠯᠡᠬᠦ ᠭᠠᠷ ᠭᠦᠢᠴᠡᠳᠬᠡᠯ ᠢᠶᠠᠷ ᠳᠤᠲᠠᠮᠠᠭ ᠪᠠᠶᠢᠪᠠᠯ᠂ ᠲᠤᠬᠠᠢ ᠶᠢᠨ ᠬᠥᠮᠥᠨ ᠨᠢ ᠨᠥᠬᠦᠪᠦᠷᠢᠯᠡᠨ ᠵᠠᠯᠠᠷᠠᠭᠤᠯᠬᠤ ᠪᠠᠷ ᠠᠮᠠᠯᠠᠭᠰᠠᠨ ᠤ ᠳᠠᠷᠠᠭ᠎ᠠ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠠᠪᠴᠤ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠨ᠎ᠡ︔ ᠰᠢᠢᠳᠪᠦᠷᠢᠯᠡᠭᠰᠡᠨ ᠦᠷ᠎ᠡ ᠳ᠋ᠦᠩ ᠢ ᠠᠵᠢᠯ ᠶᠠᠪᠤᠳᠠᠯ ᠡᠷᠭᠢᠯᠡᠵᠦ ᠪᠠᠶᠢᠭ᠎ᠠ ᠠᠵᠤ ᠠᠬᠤᠶᠢᠯᠠᠯ ᠤᠨ ᠣᠯᠠᠨ ᠲᠦᠮᠡᠨ ᠳᠤ ᠨᠢᠭᠡ ᠯᠡ ᠤᠳᠠᠭ᠎ᠠ ᠶᠢᠨ ᠴᠢᠨᠠᠷᠳᠠᠢ ᠮᠡᠳᠡᠭᠳᠡᠨ᠎ᠡ ᠃

    ᠲᠠᠪᠤ ᠳᠤ᠂ ᠨᠢᠭᠡ ᠴᠣᠩᠬᠤᠪᠴᠢ ᠪᠠᠷ ᠦᠨᠡᠮᠯᠡᠯ ᠣᠯᠭᠤᠨ᠎ᠠ᠃ ᠡᠯᠧᠺᠲᠷᠣᠨ ᠦᠨᠡᠮᠯᠡᠯ ᠤᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ᠂ ᠨᠢᠭᠡᠳᠦᠯᠲᠡᠢ ᠪᠠᠷᠢᠮᠵᠢᠶ᠎ᠠ ᠶᠣᠰᠣᠭᠠᠷ ᠡᠯᠧᠺᠲᠷᠣᠨ ᠦᠨᠡᠮᠯᠡᠯ ᠢ ᠦᠢᠯᠡᠳᠦᠨ ᠣᠯᠭᠤᠬᠤ ᠶᠢᠨ ᠬᠠᠮᠲᠤ᠂ ᠤᠴᠢᠷ ᠶᠠᠪᠤᠳᠠᠯ ᠢ ᠭᠦᠢᠴᠡᠳᠬᠡᠵᠦ ᠳᠠᠭᠤᠰᠬᠠᠭᠰᠠᠨ ᠤ ᠳᠠᠷᠠᠭ᠎ᠠ ᠭᠠᠷ ᠤᠨ ᠥᠰᠥᠭ ᠵᠢᠷᠤᠵᠤ ᠣᠯᠭᠤᠭᠰᠠᠨ ᠪᠣᠳᠠᠲᠤ ᠴᠣᠭᠴᠠ ᠶᠢᠨ ᠦᠨᠡᠮᠯᠡᠯ ᠪᠠ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠨᠢᠭᠡᠳᠦᠯᠲᠡᠢ ᠦᠨᠡᠮᠯᠡᠯ ᠣᠯᠭᠤᠬᠤ ᠴᠣᠩᠬᠤᠪᠴᠢ  ᠪᠠᠷ ᠳᠠᠮᠵᠢᠭᠤᠯᠤᠨ ᠰᠢᠭᠤᠳ ᠬᠦᠷᠭᠡᠬᠦ ᠪᠤᠶᠤ ᠰᠢᠤᠳᠠᠨ ᠤ ᠲᠦᠷᠭᠡᠨ ᠬᠦᠷᠭᠡᠯᠲᠡ ᠪᠠᠷ ᠳᠠᠮᠵᠢᠭᠤᠯᠤᠨ ᠰᠦᠢᠳᠬᠡᠯ ᠬᠤᠷᠢᠶᠠᠬᠤ ᠦᠭᠡᠢ ᠪᠠᠷ ᠬᠦᠷᠭᠡᠨ᠎ᠡ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ