ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳᠴᠢᠯᠠᠨ ᠦᠢᠯᠡᠴᠢᠯᠡᠵᠦ᠂ ᠠᠵᠤ ᠠᠬᠤᠶᠢᠯᠠᠯ ᠤᠨ ᠤᠷᠤᠭᠰᠢᠲᠠᠶ ᠦᠨᠡᠮᠯᠡᠯ ᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/6/10

    ᠣᠶᠢᠷ᠎ᠠ ᠶᠢᠨ ᠬᠤᠭᠤᠴᠠᠭᠠᠨ ᠳᠤ᠂ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠡᠴᠡ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠦᠶ᠎ᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠷᠢᠳᠴᠢᠯᠠᠨ ᠣᠷᠣᠯᠴᠠᠵᠤ᠂ ᠦᠨᠡᠮᠯᠡᠯ ᠭᠤᠶᠤᠴᠢᠯᠠᠬᠤ ᠠᠵᠤ ᠠᠬᠤᠶᠢᠯᠠᠯ ᠳᠤ ᠢᠳᠡᠪᠬᠢᠲᠡᠶ ᠪᠠᠷ ᠲᠤᠬᠠᠶᠢᠯᠠᠭᠰᠠᠨ ᠠᠵᠢᠯ ᠤᠨ ᠵᠥᠪᠯᠡᠯᠭᠡ  ᠦᠭᠴᠦ᠂ ᠬᠡᠷ ᠲᠤᠨᠢ ᠬᠦᠷᠴᠦ ᠵᠢᠯᠣᠭᠤᠳᠬᠤ᠂ ᠪᠥᠬᠦ ᠶᠠᠪᠤᠴᠠ ᠳᠤ ᠬᠠᠮᠵᠢᠯᠴᠠᠨ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠤᠷᠤᠭᠰᠢᠲᠠᠶ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠪᠡ᠃

    ᠨᠢᠭᠡ ᠳᠤ᠂ ᠦᠨᠡᠮᠯᠡᠬᠦ ᠠᠴᠠ ᠡᠮᠦᠨ᠎ᠡ ᠵᠢᠯᠣᠭᠣᠳᠴᠤ ᠬᠥᠭᠵᠢᠯᠲᠡ ᠶᠢ ᠠᠬᠢᠭᠤᠯᠪᠠ᠃ 2023 ᠣᠨ ᠤ 5 ᠳ᠋ᠤᠭᠠᠷ ᠰᠠᠷ᠎ᠠ ᠪᠣᠯᠲᠠᠯ᠎ᠠ᠂ ᠨᠢᠭᠡᠨᠲᠡ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ 14 ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠤᠨ ᠣᠷᠴᠢᠨ ᠲᠣᠭᠤᠷᠢᠨ᠂ ᠦᠢᠯᠡᠳᠪᠦᠷᠢ ᠶᠢᠨ ᠲᠠᠰᠤᠭ ᠤᠨ ᠪᠦᠳᠦᠭᠡᠨ ᠪᠠᠶᠢᠭᠤᠯᠤᠯᠲᠠ᠂ ᠴᠢᠳᠠᠮᠵᠢ ᠶᠢᠨ ᠣᠷᠣᠨ ᠵᠠᠢ ᠳᠤ ᠬᠤᠪᠢᠶᠠᠷᠢᠯᠠᠬᠤ᠂ ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ ᠭᠠᠷ ᠤᠷᠠᠯᠠᠯ ᠤᠨ ᠴᠤᠪᠤᠷᠠᠯ᠂ ᠱᠣᠰᠢᠭ᠎ᠠ ᠲᠡᠮᠳᠡᠭ᠂ ᠢᠳᠡᠭᠡᠨ ᠤ ᠨᠡᠮᠡᠯᠲᠡ ᠡᠳ᠋ ᠤᠨ ᠬᠠᠮᠢᠶᠠᠷᠤᠯᠲᠠ᠂ ᠦᠢᠯᠡᠳᠬᠦᠨ ᠤ ᠪᠠᠷᠢᠮᠵᠢᠶ᠎ᠠ ᠶᠢᠨ ᠬᠡᠷᠡᠭᠵᠢᠭᠦᠯᠦᠯᠲᠡ᠂ ᠦᠢᠯᠡᠳᠪᠦᠷᠢ ᠠᠴᠠ ᠭᠠᠷᠭᠠᠬᠤ ᠪᠠᠶᠢᠴᠠᠭᠠᠨ ᠬᠡᠮᠵᠢᠯᠲᠡ᠂ ᠠᠵᠢᠯᠳᠠᠨ ᠤ ᠬᠠᠮᠢᠶᠠᠷᠤᠯᠲᠠ ᠵᠢᠴᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠵᠡᠷᠭᠡ ᠲᠠᠯ᠎ᠠ ᠪᠠᠷ ᠤᠯᠠᠨ ᠲᠠᠯ᠎ᠠ᠂ ᠪᠦᠬᠦ ᠭᠤᠭᠴᠤᠭ᠎ᠠ ᠶᠢᠨ ︽ ᠦᠨᠡᠮᠯᠡᠬᠦ ᠠᠴᠠ ᠡᠮᠦᠨ᠎ᠡ ᠵᠢᠯᠣᠭᠣᠳᠴᠤ ︾᠂ ᠠᠵᠤ ᠠᠬᠤᠶᠢᠯᠠᠯ ᠤᠨ  ᠪᠤᠷᠤᠭᠤ ᠵᠠᠮ ᠶᠠᠪᠤᠬᠤ ᠠᠴᠠ ᠪᠦᠲᠦᠮᠵᠢᠲᠡᠢ ᠵᠠᠶᠢᠯᠠᠰᠬᠢᠵᠦ᠂ ᠦᠨᠡᠮᠯᠡᠯ ᠭᠤᠶᠤᠴᠢᠯᠠᠬᠤ ᠴᠠᠭ ᠢ ᠤᠯᠠᠮ ᠴᠢᠨᠠᠭᠰᠢᠳᠠ ᠠᠷᠪᠢᠯᠠᠵᠤ᠂ ᠦᠨᠡᠮᠯᠡᠯ ᠭᠤᠶᠤᠴᠢᠯᠠᠬᠤ ᠥᠪᠡᠷ ᠤᠨ ᠦᠷᠳᠡᠭ ᠢ ᠪᠠᠭᠠᠰᠬᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠪᠡ ᠃ ᠣᠳᠣᠬᠠᠨ ᠪᠣᠯᠲᠠᠯ᠎ᠠ᠂ ᠨᠢᠭᠡᠨᠲᠡ 5 ᠠᠵᠤ ᠠᠬᠤᠶᠢᠯᠠᠯ ︽ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ︾ ᠢ ᠤᠷᠤᠭᠰᠢᠲᠠᠶ ᠭᠥᠷᠳᠡᠪᠡ᠃

    ᠬᠤᠶᠠᠷ ᠲᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ᠠᠷᠤᠨ ᠬᠤᠰᠢᠭᠤᠨ ᠤ ᠹᠧᠢ ᠯᠦᠩ ᠸᠠᠩ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠤᠯ ᠤᠨ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠦᠢᠯᠡᠳᠪᠦᠷᠢᠯᠡᠯ ᠳᠤ ᠬᠡᠷᠡᠭᠰᠡᠬᠦ ᠭᠤᠣᠯ ᠲᠦᠭᠦᠬᠡᠢ ᠮᠠᠲ᠋ᠧᠷᠢᠶᠠᠯ ᠢ ᠲᠣᠳᠣᠷᠬᠠᠢ ᠲᠣᠭᠲᠠᠭᠠᠬᠤ ᠶᠢᠨ ᠠᠷᠭ᠎ᠠ ᠦᠭᠡᠢ ᠪᠣᠯᠤᠭᠰᠠᠨ ᠠᠴᠠ ᠰᠢᠨ᠎ᠡ ᠦᠨᠡᠮᠯᠡᠯ ᠢ ᠦᠷᠭᠦᠯᠵᠢᠯᠡᠨ ᠰᠣᠯᠢᠬᠤ ᠠᠷᠭ᠎ᠠ ᠦᠭᠡᠢ ᠪᠣᠯᠵᠤ᠂ ᠠᠵᠤ ᠠᠬᠤᠢᠯᠠᠯ ᠤᠨ ᠬᠥᠭᠵᠢᠯᠲᠡ ᠳᠤ ᠬᠦᠴᠢᠷ ᠠᠰᠠᠭᠤᠳᠠᠯ  ᠲᠤᠯᠭᠠᠷᠠᠭᠰᠠᠨ ᠪᠠᠶᠢᠨ᠎ᠠ᠃ ᠠᠵᠤ ᠠᠬᠤᠶᠢᠯᠠᠯ ᠤᠨ ᠬᠦᠴᠢᠷᠳᠡᠯ ᠤᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠮᠠᠨ ᠤ ᠲᠣᠪᠴᠢᠶ᠎ᠠ  ᠠᠴᠠ ᠠᠵᠤ ᠠᠬᠤᠶᠢᠯᠠᠯ ᠢ ᠬᠠᠪᠰᠤᠷᠤᠨ ᠤᠶᠢᠯᠡᠴᠢᠯᠡᠬᠦ ᠲᠠᠯ᠎ᠠ ᠠᠴᠠ ᠡᠭᠦᠰᠴᠦ᠂ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠳᠤ ᠪᠥᠬᠦ ᠬᠦᠴᠦᠨ ᠢᠶᠠᠷ ᠢᠶᠠᠨ ᠰᠠᠶᠢᠨ ᠠᠷᠭ᠎ᠠ ᠪᠣᠳᠣᠯᠭ᠎ᠠ ᠣᠯᠵᠤ ᠥᠭᠪᠡ᠃ ᠤᠯᠠᠨ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠮᠠᠲ᠋ᠧᠷᠢᠶᠠᠯ ᠨᠠᠶᠢᠷᠠᠭᠤᠯᠬᠤ ᠬᠦᠰᠦᠨᠦᠭᠲᠦ ᠵᠡᠷᠭᠡ ᠠᠰᠠᠭᠤᠳᠠᠯ ᠢ ᠵᠠᠯᠠᠷᠠᠭᠤᠯᠵᠤ᠂ ᠬᠠᠤᠯᠢ ᠲᠣᠭᠲᠠᠭᠠᠯ ᠶᠣᠰᠣᠭᠠᠷ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠪᠠᠬᠢᠯᠡᠯᠲᠡ ᠶᠢ ᠡᠪᠳᠡᠵᠦ᠂ ᠰᠢᠨ᠎ᠡ ᠵᠥᠪᠰᠢᠶᠡᠷᠡᠯ ᠤᠨ ᠦᠨᠡᠮᠯᠡᠯ ᠤᠯᠪᠠ᠃ ᠡᠭᠦᠨ ᠤ ᠬᠠᠮᠲᠤ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠦᠢᠯᠡᠳᠪᠦᠷᠢᠯᠡᠯ ᠤᠨ ᠲᠠᠯᠠᠪᠤᠷ ᠭᠠᠵᠠᠷ ᠢ ᠲᠠᠰ ᠳᠡᠪᠰᠢᠭᠦᠯᠦᠨ ᠥᠭᠡᠷᠡᠴᠢᠯᠡᠬᠦ᠂ ᠦᠢᠯᠡᠳᠪᠦᠷᠢᠯᠡᠯ ᠤᠨ ᠲᠠᠰᠤᠭ ᠨᠡᠮᠡᠬᠦ ᠶᠢ ᠵᠢᠯᠣᠭᠤᠳᠴᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠃

 

ᠢᠷᠡᠯᠲᠡ᠄ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ