2023 ᠣᠨ ᠤ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠡᠭ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/6/18

ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶᠂ ᠡᠯ᠎ᠡ ᠬᠤᠯᠪᠣᠭᠳᠠᠯ ᠪᠦᠬᠦᠢ ᠨᠢᠭᠡᠴᠢ ᠄

    ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠮ ᠴᠢᠨᠠᠷ ᠪᠠ ᠪᠣᠯᠤᠮᠵᠢᠲᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ︽ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠡᠭ ᠢ ᠳᠠᠩᠰᠠᠯᠠᠬᠤ ᠬᠡᠷᠡᠭᠵᠢᠭᠦᠯᠬᠦ ᠠᠷᠭ᠎ᠠ︾ ︵ᠤᠯᠤᠰ ᠮᠡᠳᠡᠯᠭᠡ ᠠᠯᠪᠠᠨ ᠲᠠᠷᠬᠠᠭᠠᠭᠰᠠᠨ ᠦᠢᠯᠡᠴᠢᠯᠡᠭᠡᠨ ᠦᠰᠦᠭ ﹇2020﹈ 46 ᠲᠣᠭᠠᠲᠤ︶ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠪᠠ ︽2022 ᠣᠨ ᠤ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠡᠭ ᠢ ᠳᠠᠩᠰᠠᠯᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ ᠤᠯᠤᠰ ᠮᠡᠳᠡᠯᠭᠡ ᠠᠯᠪᠠᠨ ᠵᠠᠬᠢᠳᠠᠯ ᠦᠢᠯᠡᠴᠢᠯᠡᠭᠡᠨ ᠦᠰᠦᠭ ﹇2022﹈ 332 ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂2022 ᠣᠨ ᠤ ᠤᠯᠤᠰ ᠤᠨ ᠮᠡᠳᠡᠯᠭᠡ ᠶᠢᠨ  ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠡᠭ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠄

ᠨᠢᠭᠡ᠂ ᠳᠠᠩᠰᠠᠯᠠᠭᠤᠯᠬᠤ ᠭᠤᠤᠯ ᠴᠣᠭᠴᠠ

    ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠴᠡᠭ ᠤᠨ ᠳᠠᠩᠰᠠᠯᠠᠯ ᠢ ᠭᠤᠶᠤᠴᠢᠯᠠᠬᠤ ᠭᠤᠣᠯ ᠴᠣᠭᠴᠠ ᠪᠣᠯ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠥᠷᠨᠢᠭᠦᠯᠬᠦ ᠣᠷᠣᠨ ᠤ ᠳᠣᠲᠣᠷᠠᠬᠢ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ᠂ ᠣᠯᠠᠨ ᠨᠡᠶᠢᠲᠡ ᠶᠢᠨ ᠨᠣᠮ ᠤᠨ ᠰᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠮᠡᠳᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠪᠠᠶᠢᠭᠤᠯᠤᠮᠵᠢ ᠵᠢᠴᠢ ᠬᠠᠮᠢᠶ᠎ᠠ ᠪᠦᠬᠦᠢ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮᠴᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠠᠶᠢᠵᠤ᠂ ︽ᠠᠷᠭ᠎ᠠ︾ ᠶᠢᠨ ᠲᠠᠪᠤᠳᠤᠭᠠᠷ ᠵᠦᠢᠯ ᠪᠠ ᠠᠷᠪᠠᠳᠤᠭᠠᠷ ᠵᠦᠢᠯ ᠳᠤ ᠲᠣᠭᠲᠠᠭᠠᠭᠰᠠᠨ ᠡᠯ᠎ᠡ ᠵᠦᠢᠯ ᠤᠨ ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠃ ᠮᠡᠷᠭᠡᠵᠢᠯ ᠬᠢᠭᠡᠳ ᠰᠢᠨ᠎ᠡ ᠶᠢ ᠡᠭᠦᠳᠬᠦ ᠶᠢ ᠳᠡᠮᠵᠢᠬᠦ ᠲᠥᠪ ︵TISC︶ ᠪᠠ ᠳᠡᠭᠡᠳᠦ ᠰᠤᠷᠭᠠᠭᠤᠯᠢ ᠶᠢᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠢᠭ ᠤᠨ ᠳᠠᠩᠰᠠᠯᠠᠯ ᠳᠤ ᠣᠷᠣᠯᠴᠠᠬᠤ ᠦᠭᠡᠶ᠃

ᠬᠤᠶᠠᠷ᠂ ᠳᠠᠩᠰᠠᠯᠠᠭᠤᠯᠬᠤ ᠮᠠᠲ᠋ᠧᠷᠢᠶᠠᠯ

    ᠪᠦᠷᠢᠳᠬᠡᠨ ᠳᠠᠩᠰᠠᠯᠠᠭᠤᠯᠬᠤ ᠮᠠᠲ᠋ᠧᠷᠢᠶᠠᠯ ᠳᠤ ᠭᠤᠶᠤᠴᠢᠯᠠᠨ ᠮᠡᠳᠡᠭᠦᠯᠬᠦ ᠨᠢᠭᠡᠴᠢ ᠶᠢᠨ ᠬᠠᠮᠢᠶ᠎ᠠ ᠪᠥᠬᠦᠶ ᠠᠵᠢᠯ ᠤᠨ ᠲᠦᠷᠢᠮ ᠪᠠ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠡᠭ ᠢ ᠳᠠᠩᠰᠠᠯᠠᠬᠤ ᠬᠦᠰᠦᠨᠦᠭᠲᠦ ︵ᠳᠠᠭᠠᠯᠳᠤᠭᠤᠯᠤᠯ 1︶ ᠪᠠᠭᠲᠠᠨ᠎ᠠ᠃ ᠤᠯᠤᠰ ᠤᠨ ᠱᠠᠲᠤᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠢᠭ ᠲᠤ ᠳᠠᠩᠰᠠᠯᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠳᠠᠩᠰᠠᠯᠠᠭᠤᠯᠤᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃

ᠭᠤᠷᠪᠠ᠂ ᠠᠵᠢᠯ ᠤᠨ ᠱᠠᠭᠠᠷᠳᠠᠯᠭ᠎ᠠ

    ︵ᠨᠢᠭᠡ︶ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶᠠᠲᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠨᠢᠭᠡ ᠤᠳᠠᠭᠠᠨ ᠤ ᠪᠠᠶᠢᠴᠠᠭᠠᠯᠲᠠ ᠬᠢᠵᠦ ᠪᠠᠶᠢᠳᠠᠯ ᠢ ᠤᠶᠢᠯᠠᠭᠠᠨ᠂ ᠨᠥᠬᠦᠴᠡᠯ ᠳᠤ ᠨᠡᠶᠢᠴᠡᠬᠦ ᠪᠠᠶᠢᠭᠤᠯᠤᠮᠵᠢ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠢᠯᠡᠴᠢᠯᠡᠭᠡᠨ ᠤ ᠲᠣᠤᠷ ᠴᠡᠭ ᠢ ᠳᠠᠩᠰᠠᠯᠠᠬᠤ ᠠᠵᠢᠯ ᠢ ᠥᠷᠨᠢᠭᠦᠯᠦᠨ᠎ᠡ᠃

    ︵ᠬᠤᠶᠠᠷ ︶ ᠤᠯᠤᠰ ᠤᠨ ᠳᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠴᠡᠭ ᠢ ᠳᠠᠩᠰᠠᠯᠠᠭᠤᠯᠬᠤ ᠪᠠᠷ ᠭᠤᠶᠤᠴᠢᠯᠠᠨ ᠮᠡᠳᠡᠭᠦᠯᠬᠦ ᠳᠤ 6 ᠳ᠋ᠤᠭᠠᠷ ᠰᠠᠷ᠎ᠠ ᠶᠢᠨ 16 ᠤ ᠡᠳᠦᠷ ᠠᠴᠠ ᠡᠮᠦᠨ᠎ᠡ ᠴᠠᠭᠠᠰᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠨᠢᠭᠡ ᠮᠠᠶ᠋ᠢᠭ ᠤᠨ ᠭᠤᠷᠪᠠᠨ ᠬᠤᠪᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠂ ᠡᠯᠧᠺᠲᠷᠣᠨ ᠬᠡᠪ ᠤᠨ ᠮᠠᠲ᠋ᠧᠷᠢᠶᠠᠯ ᠢ ᠢᠮᠧᠯ ᠬᠠᠶ᠋ᠢᠭ ᠲᠤ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ  ᠥᠮᠴᠢᠯᠡᠯ ᠤᠨ ᠡᠷᠬᠡ ᠶᠢᠨ ᠲᠣᠪᠴᠢᠶ᠎ᠠ︶ ᠰᠢᠯᠢᠳᠡᠭ ᠢ ᠨᠢ ᠰᠣᠩᠭᠤᠵᠤ 2 ᠪᠠᠢᠭᠤᠯᠤᠮᠵᠢ ᠶᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶᠠᠨ ᠤ ᠣᠯᠠᠨ ᠨᠡᠢᠲᠡ ᠶᠢᠨ ᠦᠢᠯᠡᠴᠢᠯᠡᠭᠡᠨ ᠤ ᠵᠤᠷᠭᠠᠨ ᠬᠦᠷᠲᠡᠯ᠎ᠡ ᠲᠠᠨᠢᠯᠴᠠᠭᠤᠯᠤᠨ᠎ᠠ ᠃ ᠬᠢᠨᠠᠨ ᠬᠠᠷᠭᠤᠭᠤᠯᠬᠤ ᠪᠠᠷ ᠳᠠᠮᠵᠢᠭᠰᠠᠨ ᠪᠠᠶᠢᠭᠤᠯᠤᠮᠵᠢ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠨ ᠣᠷᠣᠭᠤᠯᠵᠤ ᠮᠠᠲ᠋ᠧᠷᠢᠶᠠᠯ ᠲᠠᠭᠯᠠᠨ ᠮᠡᠳᠡᠭᠦᠯᠬᠦ ᠶᠢᠨ ᠬᠠᠮᠲᠤ᠂ ᠳᠠᠩᠰᠠᠯᠠᠭᠤᠯᠬᠤ ᠬᠦᠰᠦᠨᠦᠭᠲᠦ ᠶᠢ ᠲᠠᠮᠠᠭ᠎ᠠ ᠳᠠᠷᠤᠭᠰᠠᠨ ᠤ ᠳᠠᠷᠠᠭ᠎ᠠ ᠰᠢᠷᠪᠢᠵᠦ ᠳᠡᠭᠡᠭᠰᠢ ᠳᠠᠮᠵᠢᠭᠤᠯᠵᠤ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠶᠢ ᠪᠡᠶᠡᠯᠡᠭᠦᠯᠦᠨ᠎ᠡ᠃

    ᠬᠠᠷᠢᠯᠴᠠᠬᠤ ᠬᠥᠮᠦᠨ᠄ ᠯᠢᠦ ᠱᠤ᠋ ᠲᠢᠩ 0471 - 6387265

    ᠢᠮᠧᠯ᠄ nmgbhc@163.com

    ᠬᠠᠶ᠋ᠢᠭ᠄ ᠬᠥᠬᠡᠬᠤᠲᠠ ᠶᠢᠨ ᠵᠢᠨᠴᠢᠶᠤᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 705 ᠭᠡᠷ

 

ᠳᠠᠭᠠᠯᠳᠤᠭᠤᠯᠤᠯ᠄

    1᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠡᠭ ᠤᠨ ᠪᠦᠷᠢᠳᠬᠡᠨ ᠳᠠᠩᠰᠠᠯᠠᠬᠤ ᠬᠦᠰᠦᠨᠦᠭᠲᠦ

    2᠂ 2023 ᠣᠨ ᠤ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠴᠡᠭ ᠢ ᠳᠠᠩᠰᠠᠯᠠᠬᠤ ᠠᠵᠢᠯ ᠤᠨ ᠲᠤᠬᠠᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ

    3᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠠᠯᠪᠠᠨ ᠭᠡᠷ ᠠᠴᠠ ︽ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ ᠴᠡᠭ ᠢ ᠳᠠᠩᠰᠠᠯᠠᠬᠤ ᠬᠡᠷᠡᠭᠵᠢᠭᠦᠯᠬᠦ ᠠᠷᠭ᠎ᠠ  ︾ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠭᠳᠡᠯ

 

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠪᠴᠢᠶ᠎ᠠ

    2023 ᠣᠨ ᠤ 6 ᠳ᠋ᠤᠭᠠᠷ ᠰᠠᠷ᠎ᠠ ᠶᠢᠨ 12 ᠤᠨ ᠡᠳᠦᠷ

 

            ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠢᠯᠡ ᠨᠡᠶᠢᠲᠡᠯᠡᠨ᠎ᠡ ︶

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ