ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠭ᠎ᠠ ᠪᠦᠬᠦᠨ ᠢ ᠰᠦᠪᠡᠭᠴᠢᠯᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2023/6/20

    ᠡᠨᠡ ᠵᠢᠯ ᠠᠴᠠ ᠨᠠᠭᠠᠰᠢ ᠂ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠡᠷᠬᠢᠯᠡᠬᠦ ᠳᠤ ︽ ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ ︾ ᠶᠢ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ᠶᠡᠷᠦᠩᠬᠡᠢᠯᠡᠨ ᠬᠦᠯᠢᠶᠡᠨ ᠠᠪᠴᠤ ᠰᠢᠢᠳᠪᠦᠷᠢᠯᠡᠬᠦ ᠴᠣᠩᠬᠤ ᠲᠣᠬᠢᠷᠠᠭᠤᠯᠵᠤ᠂ ︽ ᠡᠮᠦᠨ᠎ᠡ ᠲᠠᠪᠴᠠᠩ ᠶᠡᠷᠦᠩᠬᠡᠢᠯᠡᠨ ᠬᠦᠯᠢᠶᠡᠨ ᠠᠪᠴᠤ ᠰᠢᠢᠳᠪᠦᠷᠢᠯᠡᠬᠦ ᠂ ᠠᠷᠤ ᠲᠠᠪᠴᠠᠩ ᠲᠥᠷᠥᠯ ᠬᠤᠪᠢᠶᠠᠨ ᠬᠢᠨᠠᠨ ᠵᠦᠪᠰᠢᠶᠡᠷᠡᠬᠦ ᠂ ᠶᠡᠷᠦᠩᠬᠡᠢᠯᠡᠭᠰᠡᠨ ᠴᠣᠩᠬᠤ ᠪᠠᠷ ᠪᠢᠴᠢᠭ ᠮᠠᠲ᠋ᠧᠷᠢᠶᠠᠯ ᠭᠠᠷᠭᠠᠬᠤ ︾ ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ︽ ᠨᠢᠭᠡ ᠴᠣᠩᠬᠤ ᠪᠠᠷ ᠨᠡᠶᠢᠳᠡᠮ ᠭᠦᠢᠴᠡᠳᠭᠡᠬᠦ ︾ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠡᠷᠬᠢᠯᠡᠬᠦ᠂ ᠥᠨᠳᠥᠷ ᠳᠠᠪᠲᠠᠮᠵᠢᠲᠤ  ᠵᠥᠪᠰᠢᠶᠡᠷᠡᠯ ᠤᠨ ᠵᠦᠢᠯᠡᠰ ᠤᠨ ᠡᠯ᠎ᠡ ᠭᠤᠭᠴᠤᠭ᠎ᠠ ᠶᠢ ᠨᠡᠶᠢᠯᠡᠭᠦᠯᠦᠨ ᠬᠠᠮᠲᠤᠪᠠᠷ ᠭᠦᠢᠴᠡᠳᠭᠡᠬᠦ ᠶᠢ ᠪᠡᠶᠡᠯᠡᠭᠦᠯᠵᠦ᠂ ᠭᠦᠢᠴᠡᠳᠭᠡᠬᠦ ᠭᠤᠭᠴᠤᠭ᠎ᠠ ᠶᠢ ᠶᠡᠬᠡᠪᠡᠷ ᠪᠠᠭᠠᠰᠬᠠᠪᠠ᠃

    ᠣᠲᠣ ᠪᠣᠯᠲᠠᠯ᠎ᠠ᠂ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ 446 ᠡᠷᠦᠬᠡ᠂ ᠬᠤᠪᠢ ᠶᠢᠨ  ᠦᠢᠯᠡᠳᠪᠦᠷᠢ ᠬᠤᠳᠠᠯᠳᠤᠭᠠᠨ ᠤ ᠡᠷᠦᠬᠡ 955 ᠡᠷᠦᠬᠡ᠂ ᠥᠨᠳᠥᠷ ᠳᠠᠪᠲᠠᠮᠵᠢᠲᠤ ᠵᠥᠪᠰᠢᠶᠡᠷᠡᠯ ᠤᠨ  ᠦᠢᠯᠡᠰ  ︵ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ︶ 101 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 45.28%᠂ 97.31%᠂ 129.55% ᠪᠠᠷ ᠨᠡᠮᠡᠭᠳᠡᠵᠦ᠂ ︽ ᠳᠣᠯᠤᠭ᠎ᠠ ᠶᠢ ᠨᠢᠭᠡᠳᠬᠡᠬᠦ︾ ᠢᠵᠢ ᠬᠤᠭᠤᠯᠠᠨ ᠤ ᠲᠤᠬᠠᠶᠢᠯᠠᠭᠰᠠᠨ ᠠᠵᠢᠯ ᠢ 8  ᠭᠦᠢᠴᠡᠳᠭᠡᠵᠦ ᠂ ᠠᠵᠤ ᠠᠬᠤᠶᠢᠯᠠᠯ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ 9 ᠭᠦᠢᠴᠡᠳᠭᠡᠵᠦ ᠂ ᠦᠨ᠎ᠡ ᠲᠥᠯᠥᠪᠦᠷᠢ ᠥᠬᠡᠶ ᠪᠠᠷ 1338 ᠲᠠᠮᠠᠭ᠎ᠠ ᠬᠠᠩᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠠᠷᠤᠳᠠᠯ ᠢ ᠪᠠᠷᠤᠭ 4.37 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃  ︽ ᠠᠭᠤᠯᠵᠠᠬᠤ ᠦᠭᠡᠢ ᠪᠠᠷ ᠬᠢᠨᠠᠨ ᠵᠥᠪᠰᠢᠶᠡᠷᠡᠬᠦ  ︾ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠨ ᠲᠡᠮᠳᠡᠭᠯᠡᠬᠦ ᠳᠤ ︽ ᠠᠭᠤᠯᠵᠠᠬᠤ ᠦᠭᠡᠢ ᠪᠠᠷ ᠬᠢᠨᠠᠨ ᠵᠥᠪᠰᠢᠶᠡᠷᠡᠬᠦ ︾ ᠲᠤᠭ᠎ᠠ ᠬᠡᠮᠵᠢᠶ᠎ᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠨ ᠲᠡᠮᠳᠡᠭᠯᠡᠭᠰᠡᠨ ᠶᠡᠷᠦᠩᠬᠡᠢ ᠬᠡᠮᠵᠢᠶᠡᠨ ᠤ 99.36% ᠶᠢ ᠡᠵᠡᠯᠡᠪᠡ᠃ ᠬᠥᠮᠦᠨ ᠤ ᠬᠦᠴᠦ ᠪᠠᠷ ᠭᠠᠷ ᠲᠦᠷᠦᠭᠦ ᠥᠬᠡᠶ ᠣᠶᠤᠨᠴᠢ ᠬᠢᠨᠠᠨ ᠵᠥᠪᠰᠢᠶᠡᠷᠡᠯ ︾ ᠢ ᠢᠳᠡᠪᠬᠢᠲᠡᠶ ᠠᠬᠢᠭᠤᠯᠵᠤ᠂ 9 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠢ ᠭᠠᠷ ᠤᠲᠠᠰᠤᠨ ᠤ APP ᠪᠠᠷ ᠳᠠᠮᠵᠢᠭᠤᠯᠤᠨ ᠡᠵᠡᠩᠨᠡᠯᠲᠡ ᠶᠢᠨ ᠦᠨᠡᠮᠯᠡᠯ ᠭᠦᠢᠴᠡᠳᠪᠡ᠃    ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠥᠬᠦ ᠴᠤᠪᠤᠷᠠᠯ ᠤᠨ ᠦᠢᠯᠡᠴᠢᠯᠡᠭᠡᠨ ᠤ ᠠᠵᠤ ᠠᠬᠤᠶᠢᠯᠠᠯ ᠡᠷᠭᠢᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠲᠤᠰᠬᠠᠶ ᠴᠣᠩᠬᠤ ᠪᠠᠶᠢᠭᠤᠯᠵᠤ᠂ ︽ 24 ᠴᠠᠭ ᠢᠶᠠᠷ ᠡᠭᠦᠳᠡ ᠪᠠᠨ ᠬᠠᠭᠠᠬᠤ ᠥᠬᠡᠶ ᠦᠢᠯᠡᠴᠢᠯᠡᠭᠡ ︾    ᠶᠢ ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠬᠦ  ︽ ᠨᠢᠭᠡ   ᠳᠤ ᠨᠢᠭᠡ ︾ ᠮᠥᠷᠳᠡᠨ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠵᠦ᠂ ᠣᠨᠴᠠᠭᠠᠢ ᠶᠠᠪᠤᠳᠠᠯ ᠢ ᠣᠨᠴᠠᠭᠠᠶᠢᠯᠠᠨ ᠰᠢᠢᠳᠪᠦᠷᠢᠯᠡᠬᠦ᠂ ᠪᠠᠴᠢᠮ ᠶᠠᠪᠤᠳᠠᠯ ᠢ ᠪᠠᠴᠢᠮ ᠰᠢᠢᠳᠪᠦᠷᠢᠯᠡᠬᠦ ᠶᠢ ᠪᠠᠷᠢᠮᠲᠠᠯᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠣᠯ ᠳᠠᠷᠦ᠋ᠢᠬᠠᠨ ᠭᠦᠢᠴᠡᠳᠬᠡᠬᠦ᠂ ᠮᠠᠲ᠋ᠧᠷᠢᠶᠠᠯ ᠨᠢ ᠪᠦᠷᠢᠨ ᠭᠦᠢᠴᠡᠳ ᠪᠢᠰᠢ ᠪᠣᠯ ᠵᠢᠭᠠᠨ ᠵᠢᠯᠣᠭᠤᠳᠴᠤ ᠭᠦᠢᠴᠡᠳᠬᠡᠬᠦ ᠶᠢ ᠬᠡᠷᠡᠭᠵᠢᠭᠦᠯᠵᠦ᠂ ᠳᠠᠩᠰᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠭᠤᠶᠤᠴᠢᠯᠠᠪᠠᠯ ᠳᠠᠷᠤᠢ ᠳᠤᠨᠢ ᠭᠦᠢᠴᠡᠳᠬᠡᠬᠦ ᠶᠢ ᠪᠡᠶᠡᠯᠡᠭᠦᠯᠦᠨ᠎ᠡ᠃     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠢ ᠪᠡᠶᠡᠯᠡᠭᠦᠯᠬᠦ ᠂ ᠮᠥᠷᠳᠡᠨ ᠬᠠᠪᠰᠤᠷᠤᠨ ᠭᠦᠢᠴᠡᠳᠬᠡᠬᠦ ᠦᠢᠯᠡᠴᠢᠯᠡᠭᠡ 2 ᠬᠤᠪᠢ ᠬᠠᠩᠭᠠᠪᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠲᠠᠰ ᠳᠡᠪᠰᠢᠭᠦᠯᠵᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠵᠤ ᠠᠬᠤᠶᠢᠯᠠᠯ ᠢ ᠬᠥᠲᠥᠯᠦᠨ ᠵᠢᠯᠤᠭᠤᠳᠪᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠵᠥᠪᠰᠢᠶᠡᠷᠡᠨ ᠣᠷᠣᠭᠤᠯᠤᠭᠰᠠᠨ ᠤ ᠳᠠᠷᠠᠭᠠᠬᠢ ᠤᠯᠤᠰ ᠠᠷᠠᠳ ᠤᠨ ᠬᠠᠷᠠᠭᠠᠯᠵᠠᠯ ᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠳᠡᠮᠵᠢᠬᠦ ᠲᠥᠷᠥ ᠶᠢᠨ ᠪᠣᠳᠣᠯᠭ᠎ᠠ ᠶᠢ ᠡᠷᠬᠡ ᠲᠡᠭᠰᠢ ᠪᠠᠷ ᠭᠥᠷᠳᠡᠬᠦ ᠶᠢ ᠪᠠᠲᠤᠯᠠᠵᠤ᠂ ᠣᠲᠣ ᠪᠣᠯᠲᠠᠯ᠎ᠠ᠂ ᠰᠢᠨ᠎ᠡ ᠪᠠᠷ ᠳᠠᠩᠰᠠᠯᠠᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ 14 ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 600% ᠪᠠᠷ ᠨᠡᠮᠡᠭᠳᠡᠪᠡ᠃

 

ᠢᠷᠡᠯᠲᠡ᠄ ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ