2023 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠣᠷᠣᠨ ᠨᠤᠲᠤᠭ ᠤᠨ ᠪᠠᠷᠢᠮᠵᠢᠶ᠎ᠠ ᠶᠢᠨ ᠲᠦᠷᠢᠮ ᠢ ᠲᠤᠭᠳᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ  ᠤᠨ ᠲᠥᠯᠥᠪᠯᠡᠭᠡ ᠶᠢ ᠲᠤᠷᠤᠭᠰᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/6/28

ᠡᠯ᠎ᠡ ᠬᠠᠮᠢᠶ᠎ᠠ ᠪᠦᠬᠦᠢ ᠨᠢᠭᠡᠴᠢ ᠨᠦᠭᠦᠳ ᠲᠤ ᠄

    ᠰᠤᠳᠤᠯᠭᠠᠨ ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ 2023 ᠣᠨ ᠤ ᠨᠢᠭᠡᠳᠦᠭᠡᠷ ᠪᠦᠯᠦᠭ ᠣᠷᠣᠨ ᠨᠤᠲᠤᠭ ᠤᠨ ᠪᠠᠷᠢᠮᠵᠢᠶ᠎ᠠ ᠶᠢᠨ ᠲᠦᠷᠢᠮ ᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠲᠣᠭᠲᠠᠭᠠᠪᠠ᠃ ᠲᠤᠰ ᠪᠦᠯᠦᠭ ᠲᠥᠯᠥᠪᠯᠡᠭᠡ ᠳᠤ ᠨᠡᠶᠢᠳᠡ 201 ᠵᠦᠢᠯ ᠪᠠᠶᠢᠵᠤ ︵ᠳᠠᠭᠠᠯᠳᠤᠭᠤᠯᠤᠯ ᠳᠤ ᠦᠵᠡ︶᠂ ᠪᠦᠷ ᠲᠠᠨᠢᠯᠴᠠᠭᠤᠯᠭ᠎ᠠ ᠶᠢᠨ ᠴᠢᠨᠠᠷᠲᠠᠢ ᠣᠷᠣᠨ ᠨᠤᠲᠤᠭ ᠤᠨ ᠪᠠᠷᠢᠮᠵᠢᠶ᠎ᠠ ᠶᠢᠨ ᠲᠦᠷᠢᠮ ᠪᠣᠯᠣᠨ᠎ᠠ᠃ ᠡᠭᠦᠨ ᠳᠤ ᠲᠠᠷᠢᠶᠠᠯᠠᠩ ᠤᠨ ᠪᠠᠷᠢᠮᠵᠢᠶ᠎ᠠ  ᠶᠢᠨ ᠲᠦᠷᠢᠮ 137 ᠵᠦᠢᠯ ᠪᠠᠶᠢᠵᠤ᠂ ᠠᠵᠤ ᠦᠢᠯᠡᠳᠪᠦᠷᠢ ᠶᠢᠨ ᠪᠠᠷᠢᠮᠵᠢᠶ᠎ᠠ ᠶᠢᠨ ᠲᠦᠷᠢᠮ 22 ᠵᠦᠢᠯ ᠪᠠᠶᠢᠵᠤ᠂ ᠦᠢᠯᠡᠴᠢᠯᠡᠭᠡᠨ ᠤ ᠦᠢᠯᠡᠰ 6 ᠵᠦᠢᠯ ᠪᠠᠶᠢᠬᠤ ᠪᠠ ᠨᠡᠶᠢᠭᠡᠮ ᠤᠨ ᠦᠢᠯᠡᠰ ᠤᠨ ᠪᠠᠷᠢᠮᠵᠢᠶ᠎ᠠ ᠶᠢᠨ ᠲᠦᠷᠢᠮ 36 ᠵᠦᠢᠯ ᠪᠤᠢ᠃

    ᠡᠯ᠎ᠡ ᠬᠠᠮᠢᠶ᠎ᠠ ᠪᠦᠬᠦᠢ ᠨᠢᠭᠡᠴᠢ ᠨᠦᠭᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠤᠭᠳᠠᠯ ᠪᠦᠬᠦᠢ ᠲᠣᠭᠲᠠᠭᠠᠯ ᠶᠣᠰᠣᠭᠠᠷ᠂ ᠣᠷᠣᠨ ᠨᠤᠲᠤᠭ ᠤᠨ ᠪᠠᠷᠢᠮᠵᠢᠶ᠎ᠠ ᠶᠢᠨ ᠲᠦᠷᠢᠮ ᠢ ᠵᠣᠬᠢᠶᠠᠨ ᠪᠠᠶᠢᠭᠤᠯᠤᠨ ᠲᠤᠭᠤᠷᠪᠢᠬᠤ᠂ ᠰᠠᠨᠠᠯ ᠬᠤᠷᠢᠶᠠᠬᠤ ᠪᠠ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠷᠢᠮᠵᠢᠶ᠎ᠠ ᠶᠢᠨ ᠲᠦᠷᠢᠮ ᠢ ᠲᠤᠭᠳᠠᠭᠠᠵᠤ ᠵᠠᠰᠠᠪᠤᠷᠢ ᠣᠷᠣᠭᠤᠯᠬᠤ ᠶᠠᠪᠤᠴᠠ ᠳᠤ᠂ ᠬᠠᠮᠢᠶ᠎ᠠ ᠪᠦᠬᠦᠢ ᠲᠠᠯ᠎ᠠ ᠶᠢᠨ ᠬᠢᠨ ᠲᠠᠢ ᠵᠣᠬᠢᠴᠠᠭᠤᠯᠬᠤ  ᠪᠠᠨ ᠴᠢᠩᠭᠠᠳᠬᠠᠵᠤ᠂ ᠥᠷᠭᠡᠨ ᠬᠡᠪᠴᠢᠶ᠎ᠡ ᠲᠠᠢ ᠪᠠᠷ ᠰᠠᠨᠠᠯ ᠰᠣᠨᠣᠰᠴᠤ᠂ ᠪᠠᠷᠢᠮᠵᠢᠶ᠎ᠠ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠠᠲᠤᠯᠠᠨ᠂ ᠪᠠᠷᠢᠮᠵᠢᠶ᠎ᠠ  ᠶᠢᠨ ᠲᠦᠷᠢᠮ ᠢ ᠲᠤᠭᠳᠠᠭᠠᠵᠤ ᠵᠠᠰᠠᠪᠤᠷᠢ ᠣᠷᠣᠭᠤᠯᠬᠤ ᠡᠭᠦᠷᠭᠡ ᠶᠢ 18 ᠰᠠᠷ᠎ᠠ ᠶᠢᠨ ᠳᠣᠲᠣᠷ᠎ᠠ ᠵᠠᠪᠠᠯ ᠪᠡᠶᠡᠯᠡᠭᠦᠯᠬᠦ ᠬᠡᠷᠡᠭᠳᠡᠢ᠂ ᠬᠤᠭᠤᠴᠠᠭ᠎ᠠ ᠬᠡᠲᠦᠷᠡᠪᠡᠯ ᠰᠡᠳᠦᠪ ᠲᠤᠭᠳᠠᠭᠠᠭᠰᠠᠨ ᠲᠦᠷᠦᠯ ᠵᠦᠢᠯ ᠠᠶᠠᠨᠳᠠᠭᠠᠨ ᠬᠦᠴᠦᠨ ᠦᠭᠡᠢ ᠪᠣᠯᠣᠨ᠎ᠠ ᠃

 

    ᠬᠠᠷᠢᠯᠴᠠᠬᠤ ᠬᠥᠮᠥᠨ᠄ ᠪᠠᠷᠢᠮᠵᠢᠶᠠᠵᠢᠯ ᠤᠨ ᠭᠠᠵᠠᠷ ᠤᠨ ᠬᠤ᠋ ᠼᠠᠢ ᠬᠤᠩ

    ᠤᠲᠠᠰᠤ᠄ 0471-6628243

    ᠢᠮᠧᠯ᠄ nmgbzch@163.com 

    ᠬᠠᠶ᠋ᠢᠭ ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠢᠶᠣᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠢᠮᠵᠢᠶᠠᠵᠢᠯ ᠤᠨ ᠭᠠᠵᠠᠷ

 

    ᠳᠠᠭᠠᠯᠳᠤᠭᠤᠯᠤᠯ᠄ 2023 ᠣᠨ ᠤ ᠨᠢᠭᠡᠳᠦᠭᠡᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠲᠦᠷᠢᠮ ᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢᠨ ᠬᠤᠷᠢᠶᠠᠩᠭᠤᠢ ᠬᠦᠰᠦᠨᠦᠭᠲᠦ

 

 

    ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ

            2023 ᠣᠨ ᠤ 6 ᠳ᠋ᠤᠭᠠᠷ ᠰᠠᠷ᠎ᠠ ᠶᠢᠨ 25 ᠤ ᠡᠳᠦᠷ

 

    ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠢᠯᠡ ᠨᠡᠶᠢᠲᠡᠯᠡᠨ᠎ᠡ ︶

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ