ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠪᠤᠨ ᠵᠦᠢᠯ ᠤᠨ ᠢᠲᠡᠭᠡᠮᠵᠢ ᠶᠢ ᠰᠡᠷᠭᠦᠭᠡᠬᠦ ᠠᠷᠭ᠎ᠠ ᠬᠡᠮᠵᠢᠶ᠎ᠡ ᠠᠪᠴᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ
ᠨᠡᠶᠢᠲᠡᠯᠡᠭᠰᠡᠨ ᠴᠠᠭ᠄
2023/6/30

    ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠴᠢᠮ ᠪᠡᠷᠬᠡ ᠵᠣᠪᠠᠨᠢᠯ ᠢ ᠰᠢᠢᠳᠪᠦᠷᠢᠯᠡᠬᠦ ᠠᠰᠠᠭᠤᠳᠠᠯ ᠢ ᠰᠢᠢᠳᠪᠦᠷᠢᠯᠡᠬᠦ ᠠᠴᠠ ᠡᠭᠦᠰᠬᠦ ᠶᠢ ᠪᠠᠷᠢᠮᠲᠠᠯᠠᠵᠤ᠂ ᠢᠲᠡᠭᠡᠮᠵᠢ ᠶᠢ ᠰᠡᠷᠭᠦᠭᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠦᠨᠡᠨ ᠬᠦ ᠬᠠᠪᠰᠤᠷᠤᠨ ᠢᠲᠡᠭᠡᠮᠵᠢ ᠶᠢ ᠳᠠᠬᠢᠨ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠵᠦ ᠬᠥᠭᠵᠢᠭᠦᠯᠬᠦ ᠶᠢ ᠳᠡᠮᠵᠢᠪᠡ᠃ ᠡᠨᠡ ᠵᠢᠯ ᠠᠴᠠ ᠨᠠᠭᠠᠰᠢ ᠂ ᠨᠡᠶᠢᠲᠡ 10825 ᠵᠠᠬ᠎ᠠ ᠳᠡᠯᠭᠡᠭᠦᠷ ᠤᠨ ᠭᠤᠤᠯ ᠴᠣᠭᠴᠠ ᠳᠤ ᠢᠲᠡᠭᠡᠮᠵᠢ ᠶᠢ ᠰᠡᠷᠭᠦᠭᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠪᠡ᠃

    ᠨᠢᠭᠡ ᠳᠤ᠂ ︽ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︾ ᠨᠢ ᠢᠲᠡᠭᠡᠮᠵᠢ ᠶᠢ ᠰᠡᠷᠭᠦᠭᠡᠬᠦ ᠠᠷᠭ᠎ᠠ ᠵᠠᠮ ᠢ ᠥᠷᠭᠡᠳᠬᠡᠪᠡ᠃ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠲᠦᠰᠢᠭᠯᠡᠨ᠂ ᠢᠲᠡᠭᠡᠮᠵᠢ ᠶᠢ ᠰᠡᠷᠭᠦᠭᠡᠬᠦ ᠰᠦᠯᠵᠢᠶᠡᠨ ᠳᠡᠭᠡᠷ᠎ᠡ ᠭᠤᠶᠤᠴᠢᠯᠠᠬᠤ ᠵᠠᠮ ᠢ ᠨᠡᠭᠡᠭᠡᠵᠦ᠂ ︽ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠦᠯᠵᠢᠶᠡᠨ ᠳᠡᠭᠡᠷ᠎ᠡ ᠢᠲᠡᠭᠡᠮᠵᠢ ᠶᠢ ᠰᠡᠷᠭᠦᠭᠡᠬᠦ ᠴᠤᠪᠤᠷᠠᠯ ︾ ᠢ ᠳᠠᠷᠤᠮᠠᠯᠯᠠᠨ ᠲᠠᠷᠬᠠᠭᠠᠵᠤ᠂ ᠢᠲᠡᠭᠡᠯ ᠠᠯᠳᠠᠭᠰᠠᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠨ ᠳᠡᠭᠡᠷ᠎ᠡ ᠢᠲᠡᠭᠡᠮᠵᠢ ᠶᠢ ᠰᠡᠷᠭᠦᠭᠡᠬᠦ ᠭᠤᠶᠤᠴᠢᠯᠠᠯ ᠳᠤ ᠲᠤᠰᠢᠶᠠᠵᠤ᠂ ᠢᠲᠡᠭᠡᠮᠵᠢ ᠶᠢ ᠰᠡᠷᠭᠦᠭᠡᠬᠦ ︽ ᠰᠦᠯᠵᠢᠶᠡᠨ ᠳᠡᠭᠡᠷ᠎ᠡ ᠭᠦᠢᠴᠡᠳᠭᠡᠬᠦ᠂ ᠥᠯᠥ ᠠᠭᠤᠯᠵᠠᠬᠤ ︾ ᠶᠢ ᠪᠡᠶᠡᠯᠡᠭᠦᠯᠪᠡ ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ ᠬᠤᠤᠰ ᠨᠡᠪᠲᠡᠷᠡᠬᠦ ᠵᠠᠮ ︾ ᠢ ᠵᠠᠰᠠᠨ ᠰᠡᠷᠭᠦᠭᠡᠬᠦ ᠪᠠᠷ ᠳᠠᠮᠵᠢᠭᠤᠯᠤᠨ᠂ ᠨᠥᠬᠦᠴᠡᠯ ᠳᠤ ᠨᠡᠶᠢᠴᠡᠬᠦ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ︽ ᠵᠠᠰᠠᠵᠤ ᠳᠡᠶᠢᠯᠬᠦ ᠶᠢ ᠨᠢ ᠴᠥᠮ ᠵᠠᠰᠠᠵᠤ᠂ ᠵᠠᠰᠠᠪᠠᠰᠤ ᠵᠣᠬᠢᠬᠤ ᠶᠢ ᠨᠢ ᠵᠠᠪᠠᠯ ᠵᠠᠰᠠᠬᠤ ︾ ᠶᠢ ᠪᠡᠶᠡᠯᠡᠭᠦᠯᠪᠡ᠃

    ᠬᠤᠶᠠᠷ ᠲᠤ᠂ ︽ ᠬᠠᠰᠤᠵᠤ ᠳᠡᠶᠢᠯᠬᠦ ᠶᠢ ᠨᠢ ᠬᠠᠰᠤᠬᠤ ︾ ᠢᠲᠡᠭᠡᠮᠵᠢ ᠶᠢ ᠰᠡᠷᠭᠦᠭᠡᠬᠦ ᠶᠠᠪᠤᠴᠠ ᠶᠢ ᠰᠢᠯᠢᠳᠡᠭᠵᠢᠭᠦᠯᠪᠡ᠃ ᠢᠲᠡᠭᠡᠮᠵᠢ ᠶᠢ ᠰᠡᠷᠭᠦᠭᠡᠬᠦ ᠴᠤᠪᠤᠷᠠᠯ ᠤᠨ ᠨᠠᠷᠢᠨ ᠬᠠᠭᠤᠳᠠᠰᠤ ᠶᠢ ᠲᠣᠭᠲᠠᠭᠠᠨ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ᠂ ᠬᠡᠰᠡᠭ ᠴᠢᠬᠤᠯᠠ ᠨᠥᠬᠦᠴᠡᠯ ᠤᠨ ᠮᠠᠲ᠋ᠧᠷᠢᠶᠠᠯ ᠢ ᠴᠣᠮᠬᠠᠳᠬᠠᠵᠤ᠂ ᠡᠯ᠎ᠡ ᠲᠥᠷᠥᠯ ᠤᠨ ᠪᠠᠶᠢᠳᠠᠯ ᠤᠨ ᠢᠲᠡᠭᠡᠮᠵᠢ ᠶᠢ ᠰᠡᠷᠭᠦᠭᠡᠵᠦ ᠭᠦᠢᠴᠡᠳᠭᠡᠬᠦ ᠴᠠᠭ ᠤᠨ ᠬᠢᠵᠠᠭᠠᠷ ᠢ ᠪᠣᠭᠣᠨᠢᠰᠬᠠᠪᠠ ᠃ ᠬᠠᠤᠯᠢ ᠠᠴᠠ ᠵᠥᠷᠢᠴᠡᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ᠂ ᠮᠠᠭᠤ ᠨᠥᠯᠥᠭᠡ ᠶᠢ ᠠᠷᠢᠯᠭᠠᠬᠤ᠂ ᠵᠠᠰᠠᠨ ᠰᠡᠷᠭᠦᠭᠡᠬᠦ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠶᠠᠪᠤᠳᠠᠯ ᠢ ᠲᠤᠬᠠᠶ ᠶᠢᠨ ᠡᠳᠦᠷ ᠲᠤᠨᠢ ᠰᠢᠢᠳᠪᠦᠷᠢᠯᠡᠵᠦ ᠳᠠᠭᠤᠰᠬᠠᠬᠤ᠂ ᠲᠡᠳᠡᠨ ᠢ ᠬᠠᠪᠰᠤᠷᠤᠨ ᠢᠲᠡᠭᠡᠯ ᠠᠯᠳᠠᠭᠰᠠᠨ ᠮᠡᠳᠡᠭᠡ ᠵᠠᠩᠭᠢ ᠶᠢ ᠲᠦᠷᠭᠡᠬᠡᠨ ᠵᠠᠰᠠᠨ ᠰᠡᠷᠭᠦᠭᠡᠵᠦ᠂ ᠢᠲᠡᠭᠡᠯ ᠠᠯᠳᠠᠭᠰᠠᠨ ᠠᠴᠠ ᠪᠣᠯᠤᠭᠰᠠᠨ ᠨᠠᠵᠠᠭᠠᠶ ᠨᠥᠯᠥᠭᠡ ᠶᠢ ᠪᠠᠭᠤᠷᠠᠭᠤᠯᠪᠠ ᠃

    ᠭᠤᠷᠪᠠ ᠳᠤ᠂ ︽ ᠳᠤᠲᠠᠭᠤ ᠶᠢ ᠪᠠᠭᠲᠠᠭᠠᠬᠤ ᠠᠮᠠᠯᠠᠯᠲᠠ ︾ ᠢᠲᠡᠭᠡᠮᠵᠢ ᠶᠢᠨ ᠰᠡᠷᠭᠦᠭᠡᠯᠲᠡ ᠶᠢᠨ ᠰᠢᠨ᠎ᠡ ᠵᠠᠭᠪᠤᠷ ᠢ ᠬᠡᠷᠡᠭᠵᠢᠭᠦᠯᠪᠡ ᠃ ᠬᠠᠷᠢᠯᠴᠠᠭ᠎ᠠ ᠠᠯᠳᠠᠭᠰᠠᠨ ᠠᠴᠠ ᠪᠣᠯᠵᠤ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠡᠭᠦᠨ ᠤ ᠮᠡᠳᠡᠭᠦᠯᠬᠦ ᠶᠣᠰᠣᠲᠠᠢ ᠵᠢᠯ ᠤᠨ ᠡᠳ᠋ ᠤᠨ ᠶᠠᠪᠤᠳᠠᠯ ᠤᠨ ᠮᠡᠳᠡᠭᠦᠯᠬᠦ ᠬᠦᠰᠦᠨᠦᠭᠲᠦ ᠪᠠ ᠣᠷᠣᠨ ᠰᠠᠭᠤᠴᠠ ᠶᠢᠨ ᠬᠤᠪᠢᠷᠠᠭᠤᠯᠤᠯᠲᠠ ᠶᠢᠨ ᠳᠠᠩᠰᠠᠯᠠᠯᠲᠠ ᠶᠢᠨ ᠲᠠᠯ᠎ᠠ ᠪᠠᠷ᠂ ᠳᠤᠲᠠᠭᠤ ᠶᠢ ᠪᠠᠭᠲᠠᠭᠠᠬᠤ ᠪᠠ ᠠᠮᠠᠯᠠᠯᠲᠠ ᠶᠢ ᠦᠯᠦ ᠪᠠᠶᠢᠴᠠᠭᠠᠬᠤ ᠶᠢ ᠬᠡᠷᠡᠭᠵᠢᠭᠦᠯᠬᠦ ᠶᠢ ᠳᠡᠮᠵᠢᠵᠦ᠂ ᠠᠵᠤ ᠠᠬᠤᠶᠢᠯᠠᠯ 15 ᠠᠵᠢᠯᠯᠠᠬᠤ ᠡᠳᠦᠷ ᠤᠨ ᠳᠣᠲᠣᠷ᠎ᠠ ᠮᠠᠲ᠋ᠧᠷᠢᠶᠠᠯ ᠢᠶᠠᠨ ᠨᠥᠬᠦᠪᠦᠷᠢᠯᠡᠪᠡᠯ ᠳᠠᠷᠤᠢ ᠰᠡᠷᠭᠦᠭᠡᠬᠦ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠬᠠᠮᠤᠭ ᠤᠨ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ︽ ᠳᠤᠲᠠᠭᠤ ᠭᠦᠶᠦᠯᠭᠡᠬᠦ ︾ ᠪᠣᠯᠭᠠᠨ᠎ᠠ ᠭᠡᠵᠦ ᠠᠮᠠᠯᠠᠪᠠ᠃

    ᠲᠦᠷᠪᠡ ᠳᠤ᠂ ︽ ᠬᠤᠶᠠᠷ ᠪᠢᠴᠢᠭ ᠢ ᠵᠡᠷᠭᠡᠪᠡᠷ ᠬᠦᠷᠭᠡᠵᠦ ︾ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠪᠡ᠃ ᠪᠥᠬᠦ ᠣᠷᠣᠨ ᠳᠤ ︽ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ︾ ᠬᠢᠭᠡᠳ ︽ ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ ︵ ᠰᠠᠨᠠᠭᠤᠯᠤᠮᠵᠢ ᠶᠢᠨ ᠪᠢᠴᠢᠭ ︶ ︾᠂ ︽ ᠬᠤᠶᠠᠷ ᠪᠢᠴᠢᠭ ᠢ ᠵᠡᠷᠭᠡ ᠪᠠᠷ ᠬᠦᠷᠭᠡᠬᠦ︾ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠵᠤ᠂ ︽ ᠨᠢᠭᠡ ᠰᠢᠢᠳᠬᠡᠯ ᠢ ᠨᠢᠭᠡ ᠮᠡᠳᠡᠭᠳᠡᠵᠦ ︵ᠰᠠᠨᠠᠭᠤᠯᠤᠮᠵᠢ ︶︾ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠡᠷᠡ ᠳᠠᠷᠤᠶ ᠳᠤᠨᠢ ᠮᠡᠳᠡᠭᠳᠡᠬᠦ ᠪᠠ ᠤᠷᠢᠳᠴᠢᠯᠠᠨ ᠵᠢᠯᠣᠭᠤᠳᠬᠤ ᠶᠢ ᠴᠢᠩᠭᠠᠳᠬᠠᠵᠤ᠂ ᠰᠢᠢᠳᠬᠡᠬᠦ ᠪᠠ ᠵᠠᠰᠠᠨ ᠰᠡᠷᠭᠦᠭᠡᠬᠦ ᠳᠤ ︽ᠵᠡᠷᠭᠡ ᠪᠠᠷ ᠶᠠᠪᠤᠬᠤ︾ ᠶᠢ ᠪᠡᠶᠡᠯᠡᠭᠦᠯᠦᠨ᠎ᠡ᠃ ᠤᠳᠤ ᠨᠢᠭᠡᠨᠲᠡ ︽ ᠬᠤᠶᠠᠷ ᠪᠢᠴᠢᠭ ᠢ ᠵᠡᠷᠭᠡ ᠪᠠᠷ ᠬᠦᠷᠭᠡᠬᠦ ︾ ᠠᠵᠢᠯᠯᠠᠭ᠎ᠠ ᠶᠢ 18 ᠤᠳᠠᠭ᠎ᠠ ᠥᠷᠨᠢᠭᠦᠯᠪᠡ᠃

    ᠲᠠᠪᠤ ᠳᠤ᠂ ︽ ᠬᠤᠶᠠᠷ ᠢ ᠵᠡᠷᠭᠡ ᠪᠠᠷ ᠠᠳᠬᠤᠬᠤ ︾ ᠣᠯᠠᠨ ᠲᠠᠯ᠎ᠠ ᠶᠢᠨ ᠤᠬᠠᠭᠤᠯᠭ᠎ᠠ ᠬᠥᠮᠦᠵᠢᠯ ᠬᠥᠲᠥᠯᠦᠨ ᠵᠢᠯᠣᠭᠤᠳᠪᠠ᠃ ᠰᠦᠯᠵᠢᠶ᠎ᠡ ᠪᠠ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠲᠠᠶᠢᠯᠪᠤᠷᠢᠯᠠᠬᠤ ᠪᠠ ᠤᠬᠠᠭᠤᠯᠤᠨ ᠲᠠᠶᠢᠯᠪᠤᠷᠢᠯᠠᠨ᠎ᠠ᠃ ︽ ᠢᠲᠡᠭᠡᠮᠵᠢ ᠶᠢ ᠶᠡᠭᠡ ᠲᠢᠩᠬᠢᠮ ᠳᠤ ᠣᠷᠣᠭᠤᠯᠬᠤ ︾ ᠠᠵᠢᠯᠯᠠᠭ᠎ᠠ ᠶᠢ ᠥᠷᠨᠢᠭᠦᠯᠵᠦ᠂ ︽ ᠢᠲᠡᠭᠡᠮᠵᠢ ᠶᠢ ᠰᠡᠷᠭᠦᠭᠡᠬᠦ ᠤᠬᠠᠭᠤᠯᠭ᠎ᠠ ᠶᠢᠨ ᠭᠠᠷ ᠳᠡᠪᠲᠡᠷ ︾ ᠢ 5000 ᠭᠠᠷᠤᠶ ᠳᠡᠪᠲᠡᠷ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠲᠢᠩᠬᠢᠮ ᠳᠤ ᠲᠠᠯᠪᠢᠵᠤ᠂ ᠣᠯᠠᠨ ᠲᠦᠮᠡᠨ ᠳᠤ ᠰᠦᠢᠳᠬᠡᠯ ᠬᠤᠷᠢᠶᠠᠬᠤ ᠥᠬᠡᠶ ᠪᠠᠷ ᠤᠩᠰᠢᠯᠭ᠎ᠠ ᠬᠢᠯᠭᠡᠬᠦ ᠪᠠᠷ ᠬᠠᠩᠭᠠᠪᠠ᠃ ᠡᠭᠦᠨ ᠤ ᠬᠠᠮᠲᠤ᠂ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ᠂ ᠬᠤᠶᠠᠷ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠢᠲᠡᠭᠡᠮᠵᠢ ᠶᠢ ᠰᠡᠷᠭᠦᠭᠡᠬᠦ ᠮᠡᠳᠡᠯᠭᠡ ᠶᠢ ᠤᠬᠠᠭᠤᠯᠵᠤ᠂ ᠰᠡᠷᠭᠦᠭᠡᠬᠦ ᠵᠢᠯᠣᠭᠤᠳᠣᠯᠭ᠎ᠠ ᠬᠠᠩᠭᠠᠵᠤ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠢᠲᠡᠭᠡᠮᠵᠢ ᠶᠢ ᠰᠡᠷᠭᠦᠭᠡᠬᠦ ᠰᠠᠨᠠᠭᠤᠯᠤᠮᠵᠢ ᠶᠢᠨ ᠣᠬᠤᠷ ᠮᠡᠳᠡᠭᠡ ᠶᠢ ᠣᠨᠣᠪᠴᠢᠲᠠᠶ ᠬᠦᠷᠭᠡᠨ ᠥᠭᠴᠦ᠂ ᠢᠲᠡᠭᠡᠮᠵᠢ ᠠᠯᠳᠠᠭᠰᠠᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠨᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠵᠤ᠂ ᠢᠲᠡᠭᠡᠮᠵᠢ ᠶᠢ ᠰᠡᠷᠭᠦᠭᠡᠬᠦ ᠪᠠᠷ ᠴᠠᠭ ᠲᠤᠬᠠᠶ ᠳᠤᠨᠢ ᠭᠤᠶᠤᠴᠢᠯᠠᠵᠤ᠂ ᠢᠲᠡᠭᠡᠮᠵᠢ ᠶᠢ ᠵᠠᠯᠬᠠᠭᠠᠨ ᠴᠡᠭᠡᠷᠯᠡᠭᠦᠯᠬᠦ ᠲᠦᠭᠰᠢᠭᠦᠷᠢ ᠠᠴᠠ ᠵᠠᠶᠢᠯᠠᠬᠤ ᠶᠢ ᠵᠠᠯᠬᠠᠭᠠᠨ ᠴᠡᠭᠡᠷᠯᠡᠭᠦᠯᠬᠦ ᠬᠡᠷᠡᠭᠲᠡᠢ᠃

 

ᠢᠷᠡᠯᠲᠡ᠄ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ