ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2023/6/30

            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ

                                        260 ᠳ᠋ᠤᠭᠠᠷ ᠲᠣᠭᠠᠲᠤ

 

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾  ᠶᠢ 2022 ᠣᠨ ᠤ 12 ᠳ᠋ᠤᠭᠠᠷ ᠰᠠᠷ᠎ᠠ ᠶᠢᠨ 19  ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 35 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠂ ᠡᠳᠦᠭᠡ ᠨᠡᠶᠢᠲᠡᠯᠡᠪᠡ ᠂ 2023 ᠣᠨ ᠤ 2 ᠳ᠋ᠤᠭᠠᠷ ᠰᠠᠷ᠎ᠠ ᠶᠢᠨ 1  ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃

                                    ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ  ᠸᠠᠩ ᠯᠢ ᠰᠢᠶᠠ

                                    2022 ᠣᠨ ᠤ 12 ᠳ᠋ᠤᠭᠠᠷ ᠰᠠᠷ᠎ᠠ ᠶᠢᠨ 30  ᠤ ᠡᠳᠦᠷ

            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ

                        ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ

      ᠨᠢᠭᠡᠳᠦᠭᠡᠷ ᠵᠦᠢᠯ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠠᠤᠯᠢ ᠴᠠᠭᠠᠵᠠ ᠂ ᠬᠠᠤᠯᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ ᠂ ᠲᠣᠰ ᠠᠷᠭ᠎ᠠ ᠶᠢ ᠲᠣᠭᠲᠠᠭᠠᠪᠠ ᠃

      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ ᠃

      ᠲᠤᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠳᠡᠭ ᠨᠢ ᠴᠢᠬᠤᠯᠠ ᠲᠦᠷᠦ ᠶᠢᠨ ᠪᠠᠶᠢᠭᠤᠯᠭ᠎ᠠ ᠂ ᠴᠡᠷᠢᠭ ᠤᠨ ᠶᠠᠪᠤᠳᠠᠯ ᠤᠨ ᠪᠡᠯᠡᠳᠬᠡᠮᠵᠢ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠠᠵᠤ ᠦᠢᠯᠡᠳᠪᠦᠷᠢ ᠶᠢᠨ ᠨᠢᠭᠡᠴᠢ ᠵᠡᠷᠭᠡ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠪᠣᠯᠬᠤ ᠴᠢᠬᠤᠯᠠ ᠨᠢᠭᠡᠴᠢ ᠶᠢᠨ ᠡᠷᠭᠢᠨ ᠲᠣᠭᠤᠷᠢᠨ ᠤ ᠠᠶᠤᠯ ᠦᠭᠡᠢ ᠶᠢᠨ ᠡᠵᠡᠮᠰᠢᠯ ᠤᠨ ᠣᠷᠣᠨ ᠪᠦᠰᠡ ᠳᠠᠬᠢ ᠰᠢᠨ᠎ᠡ ᠪᠠᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ ᠂ ᠥᠷᠭᠡᠳᠬᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠲᠣᠭᠲᠠᠭᠠᠭᠰᠠᠨ ᠤᠯᠤᠰ ᠤᠨ ᠠᠮᠤᠷ ᠲᠦᠪᠰᠢᠨ ᠤ ᠵᠦᠢᠯ ᠳᠤ ᠬᠤᠯᠪᠣᠭᠳᠠᠬᠤ ᠪᠤᠰᠤᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠭᠠᠵᠤ ᠪᠤᠶ ᠃ 

      ᠲᠤᠰ ᠠᠷᠭ᠎ᠠ ᠳᠤ ᠬᠡᠯᠡᠵᠦ ᠪᠠᠶᠢᠭ᠎ᠠ ᠠᠶᠤᠯ ᠦᠭᠡᠢ ᠶᠢᠨ ᠡᠵᠡᠮᠰᠢᠯ ᠤᠨ ᠣᠷᠣᠨ ᠪᠦᠰᠡ ᠭᠡᠳᠡᠭ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠪᠣᠯᠬᠤ ᠴᠢᠬᠤᠯᠠ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ ᠂ ᠲᠡᠭᠦᠨ ᠤ ᠡᠷᠭᠢᠨ ᠲᠣᠭᠤᠷᠢᠨ ᠤ ᠵᠣᠬᠢᠬᠤ ᠵᠠᠢ ᠳᠤ ᠬᠤᠪᠢᠶᠠᠷᠢᠯᠠᠨ ᠭᠠᠷᠭᠠᠭᠰᠠᠨ ᠪᠦᠲᠦᠭᠡᠨ ᠪᠠᠶᠢᠭᠤᠯᠵᠤ ᠡᠵᠡᠮᠰᠢᠬᠦ ᠣᠷᠣᠨ ᠪᠦᠰᠡ ᠶᠢ ᠵᠢᠭᠠᠵᠤ ᠪᠤᠶ ᠃ 

      ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠳᠠᠬᠢ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ ᠂ ᠵᠣᠬᠢᠴᠠᠭᠤᠯᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠭᠡᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤ ᠬᠤᠯᠪᠤᠭᠠᠯᠠᠨ ᠬᠠᠮᠲᠤᠷᠠᠯᠴᠠᠬᠤ ᠂ ᠮᠡᠳᠡᠭᠡ ᠵᠠᠩᠭᠢ ᠪᠠᠨ ᠬᠠᠮᠲᠤ ᠪᠠᠷ ᠭᠥᠷᠳᠡᠬᠦ ᠶᠢ ᠨᠢ ᠠᠬᠢᠭᠤᠯᠤᠨ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠭᠡᠬᠦ ᠬᠡᠷᠡᠭᠲᠡᠢ ᠃ 

      ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ ᠃ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠂ ᠪᠠᠶᠢᠭᠠᠯᠢ ᠶᠢᠨ ᠡᠬᠢ ᠪᠠᠶᠠᠯᠢᠭ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠳᠣᠲᠣᠭᠠᠳᠤ ᠶᠢ ᠬᠠᠮᠠᠭᠠᠯᠠᠬᠤ ᠂ ᠵᠠᠮ ᠬᠠᠷᠢᠯᠴᠠᠭ᠎ᠠ ᠲᠡᠭᠡᠭᠡᠪᠦᠷᠢ ᠂ ᠤᠰᠤᠨ ᠤ ᠵᠠᠰᠠᠭ ᠵᠠᠬᠢᠷᠭᠠᠨ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠃ 

      ᠲᠠᠪᠤᠳᠤᠭᠠᠷ ᠵᠦᠢᠯ ᠠᠶᠢᠮᠠᠭ ᠤᠨ ᠵᠠᠬᠢᠷᠭ᠎ᠠ ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠪᠠᠶᠢᠭᠠᠳ ᠬᠥᠭᠵᠢᠭᠦᠯᠦᠯᠲᠡ ᠪᠠ ᠥᠭᠡᠷᠡᠴᠢᠯᠡᠯᠲᠡ ᠂ ᠪᠠᠶᠢᠭᠠᠯᠢ ᠶᠢᠨ ᠡᠬᠢ ᠪᠠᠶᠠᠯᠢᠭ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠭᠤᠯᠤᠨ ᠂ ᠲᠤᠰ ᠵᠠᠰᠠᠭ ᠵᠠᠬᠢᠷᠭᠠᠨ ᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠶᠣᠰᠣᠭᠠᠷ ᠠᠶᠤᠯ ᠦᠭᠡᠢ ᠶᠢᠨ ᠡᠵᠡᠮᠰᠢᠯ ᠤᠨ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ ᠬᠡᠷᠡᠭᠵᠢᠭᠦᠯᠬᠦ ᠬᠡᠷᠡᠭᠲᠡᠢ ᠃ 

      ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠵᠠᠰᠠᠭ ᠵᠠᠬᠢᠷᠭᠠᠨ ᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠳᠤ ᠪᠠᠨ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠴᠡᠭᠡ ᠶᠢ ᠭᠦᠢᠴᠡᠳ ᠪᠣᠳᠣᠯᠬᠢᠯᠠᠬᠤ ᠬᠡᠷᠡᠭᠲᠡᠢ︔ ᠠᠶᠤᠯ ᠦᠭᠡᠢ ᠶᠢᠨ ᠡᠵᠡᠮᠰᠢᠯ ᠤᠨ ᠣᠷᠣᠨ ᠪᠦᠰᠡ ᠲᠠᠢ ᠬᠤᠯᠪᠣᠭᠳᠠᠪᠠᠯ ᠂ ᠤᠷᠢᠳ ᠢᠶᠠᠷ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠠᠴᠠ ᠰᠠᠨᠠᠯ ᠬᠤᠷᠢᠶᠠᠬᠤ ᠬᠡᠷᠡᠭᠲᠡᠢ ᠃ 

      ᠳᠣᠯᠣᠳᠤᠭᠠᠷ ᠵᠦᠢᠯ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ ᠂ ᠥᠷᠭᠡᠳᠬᠡᠨ ᠪᠠᠶᠢᠭᠤᠯᠬᠤ ᠳᠤ ᠂ ᠭᠤᠶᠤᠴᠢᠯᠠᠭᠴᠢ ᠨᠢ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠠᠴᠠ ᠡᠮᠦᠨᠡᠬᠢ ᠰᠡᠳᠦᠪ ᠲᠣᠭᠲᠠᠭᠠᠵᠤ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ ᠤᠨ ᠱᠠᠲᠤᠨ ᠳᠤ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠠᠴᠠ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠢ ᠭᠤᠶᠤᠴᠢᠯᠠᠬᠤ ᠬᠡᠷᠡᠭᠲᠡᠢ︔ ᠬᠠᠤᠯᠢ ᠶᠣᠰᠣᠭᠠᠷ ᠰᠡᠳᠦᠪ ᠲᠣᠭᠲᠠᠭᠠᠵᠤ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠥᠪᠰᠢᠶᠡᠷᠡᠯ ᠢ ᠭᠤᠶᠤᠴᠢᠯᠠᠬᠤ ᠴᠢᠬᠤᠯᠠ ᠦᠭᠡᠢ ᠪᠣᠯ ᠂ ᠪᠠᠷᠢᠯᠭ᠎ᠠ ᠶᠢ ᠪᠦᠲᠦᠭᠡᠨ ᠪᠠᠶᠢᠭᠤᠯᠬᠤ ᠵᠥᠪᠰᠢᠶᠡᠷᠡᠯ ᠤᠨ ᠱᠠᠲᠤᠨ  ᠳᠤ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠠᠴᠠ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠢ ᠭᠤᠶᠤᠴᠢᠯᠠᠬᠤ ᠬᠡᠷᠡᠭᠲᠡᠢ ᠃ 

      ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠥᠪᠰᠢᠶᠡᠷᠡᠯ ᠢ ᠣᠯᠣᠭᠰᠠᠨ ᠦᠭᠡᠢ ᠪᠣᠯ ᠂ ᠭᠤᠶᠤᠴᠢᠯᠠᠭᠴᠢ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠳᠤᠷ᠎ᠠ ᠪᠠᠷ ᠥᠷᠨᠢᠭᠦᠯᠵᠦ ᠪᠣᠯᠬᠤ ᠦᠭᠡᠢ ᠃

      ᠨᠠᠢᠮᠠᠳᠤᠭᠠᠷ ᠵᠦᠢᠯ ᠭᠤᠶᠤᠴᠢᠯᠠᠭᠴᠢ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠥᠪᠰᠢᠶᠡᠷᠡᠯ ᠢ ᠭᠤᠶᠤᠴᠢᠯᠠᠬᠤ ᠳᠤ ᠪᠠᠨ ᠂ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄

      ︵ ᠨᠢᠭᠡ︶ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠭᠦᠯᠬᠦ ᠭᠤᠶᠤᠴᠢᠯᠠᠯ ᠤᠨ ᠪᠢᠴᠢᠭ︔ 

      ︵ ᠬᠤᠶᠠᠷ︶ ᠭᠤᠶᠤᠴᠢᠯᠠᠭᠴᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠪᠤᠶᠤ ᠵᠣᠬᠢᠶᠠᠨ ᠪᠠᠶᠢᠭᠤᠯᠵᠤ ᠳᠠᠩᠰᠠᠯᠠᠭᠤᠯᠤᠨ ᠲᠡᠮᠳᠡᠭᠯᠡᠭᠦᠯᠦᠭᠰᠡᠨ ᠦᠨᠡᠮᠯᠡᠯ ᠵᠡᠷᠭᠡ ᠬᠦᠴᠦᠨ ᠪᠦᠬᠦᠢ ᠦᠨᠡᠮᠯᠡᠯ ᠤᠨ ᠪᠠᠭᠤᠯᠭᠠᠪᠤᠷᠢ︔ 

      ︵ ᠭᠤᠷᠪᠠ︶ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠰᠢᠨᠵᠢ ᠴᠢᠨᠠᠷ ᠂ ᠬᠡᠷᠡᠭᠯᠡᠬᠦ ᠴᠢᠳᠠᠮᠵᠢ ᠂ ᠭᠠᠵᠠᠷ ᠵᠦᠢ ᠶᠢᠨ ᠪᠠᠶᠢᠷᠢᠯᠠᠯ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠲᠣᠳᠣᠷᠬᠠᠶᠢᠯᠠᠯᠲᠠ ᠶᠢᠨ ᠪᠢᠴᠢᠭ ᠮᠠᠲ᠋ᠧᠷᠢᠶᠠᠯ︔ 

      ︵ ᠳᠥᠷᠪᠡ︶ ᠪᠦᠲᠦᠭᠡᠨ ᠪᠠᠶᠢᠭᠤᠯᠬᠤ ᠲᠥᠷᠥᠯ ᠵᠦᠢᠯ ᠤᠨ ᠲᠥᠯᠦᠪᠵᠢᠭᠦᠯᠭᠡ ᠶᠢᠨ ᠤᠯᠠᠭᠠᠨ ᠱᠤᠭᠤᠮ ᠤᠨ ᠬᠡᠪᠴᠢᠶᠡᠨ ᠳᠠᠬᠢ ᠬᠠᠷᠢᠴᠠᠯ ᠲᠣᠬᠤᠢ ᠨᠢ 1 ᠄ 2000 ᠶᠢᠨ ᠭᠠᠵᠠᠷ ᠤᠨ ᠪᠠᠶᠢᠴᠠ ᠶᠢᠨ ᠵᠢᠷᠤᠭ ᠪᠤᠶᠤ 1 ᠄ 500 ᠤ ᠶᠡᠷᠦᠩᠬᠡᠢ ᠬᠠᠪᠲᠠᠭᠠᠢ ᠵᠢᠷᠤᠭ ᠠᠴᠠ ᠪᠠᠭ᠎ᠠ ᠪᠠᠶᠢᠵᠤ ᠪᠣᠯᠬᠤ ᠦᠭᠡᠢ︔ 

      ︵ ᠲᠠᠪᠤ︶ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠵᠢᠴᠢ ᠳᠣᠲᠣᠭᠠᠳᠤ ᠳᠠᠬᠢ ᠣᠶᠤᠨᠴᠢᠯᠠᠭᠰᠠᠨ ᠬᠤᠷᠠᠮᠠᠯ ᠰᠢᠰᠲ᠋ᠧᠮ ᠂ ᠠᠯᠪᠠᠨ ᠠᠵᠢᠯ ᠤᠨ ᠠᠦ᠋ᠲ᠋ᠣᠴᠢᠯᠠᠭᠰᠠᠨ ᠰᠢᠰᠲ᠋ᠧᠮ ᠂ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠰᠢᠰᠲ᠋ᠧᠮ ᠵᠡᠷᠭᠡ ᠵᠢᠷᠤᠭ ᠲᠥᠯᠥᠪᠯᠡᠭᠡᠨ ᠤ ᠲᠥᠰᠥᠯ ᠃ 

      ᠶᠢᠰᠦᠳᠦᠭᠡᠷ ᠵᠦᠢᠯ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠭᠦᠯᠬᠦ ᠭᠤᠶᠤᠴᠢᠯᠠᠯ ᠢ ᠬᠦᠯᠢᠶᠡᠭᠰᠡᠨ ᠤ ᠳᠠᠷᠠᠭ᠎ᠠ ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ︔ ᠲᠤᠬᠠᠢ ᠶᠢᠨ ᠭᠠᠵᠠᠷ ᠲᠤ ᠨᠢ ᠬᠢᠨᠠᠨ ᠬᠠᠷᠭᠤᠭᠤᠯᠬᠤ ᠴᠢᠬᠤᠯᠠᠲᠠᠢ ᠪᠣᠯ ᠂ ᠬᠤᠶᠠᠷ ᠠᠴᠠ ᠳᠡᠭᠡᠭᠰᠢ ᠠᠵᠢᠯᠲᠠᠨ ᠲᠣᠮᠢᠯᠠᠵᠤ ᠬᠠᠷᠭᠤᠭᠤᠯᠤᠨ ᠪᠠᠶᠢᠴᠠᠭᠠᠬᠤ ᠬᠡᠷᠡᠭᠲᠡᠢ ᠃ 

      ᠠᠷᠪᠠᠳᠤᠭᠠᠷ ᠵᠦᠢᠯ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ  ᠠᠴᠠ ᠭᠤᠶᠤᠴᠢᠯᠠᠭᠰᠠᠨ ᠵᠦᠢᠯᠡᠰ ᠨᠢ ᠪᠤᠰᠤᠳ ᠬᠥᠮᠥᠨ ᠤ ᠴᠢᠬᠤᠯᠠ ᠶᠡᠭᠡ ᠠᠰᠢᠭ ᠲᠤᠰᠠ ᠲᠠᠢ ᠰᠢᠭᠤᠳ ᠬᠤᠯᠪᠣᠭᠳᠠᠬᠤ ᠶᠢ ᠣᠯᠵᠤ ᠮᠡᠳᠡᠪᠡᠯ ᠂ ᠲᠤᠰ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠳᠤ ᠮᠡᠳᠡᠭᠳᠡᠬᠦ ᠶᠢᠨ ᠬᠠᠮᠲᠤ ᠂ ᠭᠤᠶᠤᠴᠢᠯᠠᠭᠴᠢ ᠪᠠ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠰᠠᠨᠠᠯ ᠢ ᠰᠣᠨᠣᠰᠬᠤ ᠬᠡᠷᠡᠭᠲᠡᠢ ᠃ 

      ᠠᠷᠪᠠᠨ ᠨᠢᠭᠡᠳᠦᠭᠡᠷ ᠵᠦᠢᠯ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠭᠤᠶᠤᠴᠢᠯᠠᠯ ᠤᠨ ᠮᠠᠲ᠋ᠧᠷᠢᠶᠠᠯ ᠳᠤ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ ᠂ ᠳᠣᠣᠷᠠᠬᠢ ᠪᠠᠶᠢᠳᠠᠯ ᠢ ᠦᠨᠳᠦᠰᠦᠯᠡᠨ ᠬᠠᠤᠯᠢ ᠶᠣᠰᠣᠭᠠᠷ ᠲᠣᠭᠲᠠᠭᠠᠯ ᠭᠠᠷᠭᠠᠬᠤ ᠬᠡᠷᠡᠭᠲᠡᠢ᠄

      ︵ ᠨᠢᠭᠡ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠣᠯ ᠂ ᠪᠢᠴᠢᠭ ᠤᠨ ᠬᠡᠯᠪᠡᠷᠢ ᠪᠠᠷ ᠵᠥᠪᠰᠢᠶᠡᠷᠡᠯ ᠥᠭᠬᠦ ᠲᠣᠭᠲᠠᠭᠠᠯ ᠭᠠᠷᠭᠠᠬᠤ ᠬᠡᠷᠡᠭᠲᠡᠢ︔ 

      ︵ ᠬᠤᠶᠠᠷ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠪᠠᠴᠤ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ ᠪᠣᠯᠪᠠᠯ ᠂ ᠭᠤᠶᠤᠴᠢᠯᠠᠭᠴᠢ ᠳᠤ ᠪᠢᠴᠢᠭ ᠤᠨ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠲᠠᠯ᠎ᠠ ᠶᠢᠨ ᠱᠠᠭᠠᠷᠳᠠᠯᠭ᠎ᠠ ᠳᠤᠷᠠᠳᠴᠤ ᠂ ᠭᠤᠶᠤᠴᠢᠯᠠᠭᠴᠢ ᠨᠢ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ ᠴᠡᠭᠴᠡᠯᠡᠨ ᠰᠠᠶᠢᠵᠢᠷᠠᠭᠤᠯᠬᠤ ᠲᠥᠰᠥᠯ ᠢᠶᠠᠨ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠂ ᠪᠢᠴᠢᠭ ᠤᠨ ᠬᠡᠯᠪᠡᠷᠢ ᠪᠠᠷ ᠵᠥᠪᠰᠢᠶᠡᠷᠡᠯ ᠥᠭᠬᠦ ᠲᠣᠭᠲᠠᠭᠠᠯ ᠭᠠᠷᠭᠠᠬᠤ ᠬᠡᠷᠡᠭᠲᠡᠢ︔ 

      ︵ ᠭᠤᠷᠪᠠ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠤᠭᠰᠠᠨ ᠴᠤ ᠠᠮᠤᠷ ᠲᠦᠪᠰᠢᠨ ᠤ ᠲᠠᠯᠳᠠ ᠭᠡᠮ ᠢ ᠠᠷᠢᠯᠭᠠᠬᠤ ᠶᠢᠨ ᠠᠷᠭ᠎ᠠ ᠦᠭᠡᠢ ᠂ ᠡᠰᠡᠬᠦᠯ᠎ᠡ ᠭᠤᠶᠤᠴᠢᠯᠠᠭᠴᠢ  ᠨᠢ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠶᠢ ᠲᠡᠪᠴᠢᠭᠰᠡᠨ ᠪᠠᠶᠢᠪᠠᠯ ᠂ ᠪᠢᠴᠢᠭ ᠤᠨ ᠬᠡᠯᠪᠡᠷᠢ ᠪᠠᠷ ᠵᠥᠪᠰᠢᠶᠡᠷᠡᠯ ᠦᠯᠦ ᠥᠭᠬᠦ ᠲᠣᠭᠲᠠᠭᠠᠯ ᠭᠠᠷᠭᠠᠵᠤ ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠂ ᠭᠤᠶᠤᠴᠢᠯᠠᠭᠴᠢ ᠳᠤ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠶᠢ ᠬᠠᠤᠯᠢ ᠶᠣᠰᠣᠭᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠲᠠᠢ ᠪᠠᠶᠢᠬᠤ ᠶᠢ ᠨᠢ ᠮᠡᠳᠡᠭᠳᠡᠬᠦ ᠬᠡᠷᠡᠭᠲᠡᠢ ᠃ 

      ᠠᠷᠪᠠᠨ ᠬᠤᠶᠠᠳᠤᠭᠠᠷ ᠵᠦᠢᠯ ᠭᠤᠶᠤᠴᠢᠯᠠᠭᠴᠢ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠯ ᠳᠤ ᠲᠣᠭᠲᠠᠭᠠᠭᠰᠠᠨ ᠵᠦᠢᠯᠡᠰ ᠢᠶᠠᠷ ᠪᠦᠲᠦᠭᠡᠨ ᠪᠠᠶᠢᠭᠤᠯᠬᠤ ᠬᠡᠷᠡᠭᠲᠡᠢ︔ ᠵᠥᠪᠰᠢᠶᠡᠷᠡᠬᠦ ᠵᠦᠢᠯᠡᠰ ᠢ ᠬᠤᠪᠢᠷᠠᠭᠤᠯᠬᠤ ᠴᠢᠬᠤᠯᠠᠲᠠᠢ ᠪᠠᠶᠢᠪᠠᠯ ᠂ ᠵᠥᠪᠰᠢᠶᠡᠷᠡᠬᠦ ᠲᠣᠭᠲᠠᠭᠠᠯ ᠭᠠᠷᠭᠠᠭᠰᠠᠨ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠳᠤ ᠬᠤᠪᠢᠷᠠᠭᠤᠯᠬᠤ ᠭᠤᠶᠤᠴᠢᠯᠠᠯ ᠭᠠᠷᠭᠠᠵᠤ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠠᠴᠠ ᠬᠤᠪᠢᠷᠠᠭᠤᠯᠬᠤ ᠪᠠᠷ ᠭᠤᠶᠤᠴᠢᠯᠠᠭᠰᠠᠨ ᠵᠦᠢᠯᠡᠰ ᠲᠤ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠂ ᠬᠠᠤᠯᠢ ᠶᠣᠰᠣᠭᠠᠷ ᠲᠣᠭᠲᠠᠭᠠᠯ ᠭᠠᠷᠭᠠᠬᠤ ᠬᠡᠷᠡᠭᠲᠡᠢ ᠃ 

      ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠦᠭᠡᠢ ᠪᠣᠯ ᠂ ᠭᠤᠶᠤᠴᠢᠯᠠᠭᠴᠢ  ᠨᠢ ᠵᠥᠪᠰᠢᠶᠡᠷᠡᠯ ᠳᠤ ᠲᠣᠭᠲᠠᠭᠠᠭᠰᠠᠨ ᠵᠦᠢᠯᠡᠰ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ ᠃ 

      ᠠᠷᠪᠠᠨ ᠭᠤᠷᠪᠠᠳᠤᠭᠠᠷ ᠵᠦᠢᠯ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠴᠢᠬᠤᠯᠠᠲᠠᠢ ᠪᠠᠶᠢᠪᠠᠯ ᠂ ᠪᠦᠲᠦᠭᠡᠨ ᠪᠠᠶᠢᠭᠤᠯᠬᠤ ᠨᠢᠭᠡᠴᠢ ᠨᠢ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠦᠲᠦᠭᠡᠨ ᠪᠠᠶᠢᠭᠤᠯᠬᠤ ᠲᠥᠷᠥᠯ ᠵᠦᠢᠯ ᠯᠦᠭᠡ ᠵᠡᠷᠭᠡ ᠳᠤ ᠨᠢ ᠲᠥᠯᠥᠪᠵᠢᠭᠦᠯᠵᠦ ᠂ ᠵᠡᠷᠭᠡ ᠳᠤ ᠨᠢ ᠵᠢᠷᠤᠭᠯᠠᠨ ᠲᠥᠯᠥᠪᠯᠡᠵᠦ ᠂ ᠵᠡᠷᠭᠡ ᠳᠤ ᠨᠢ ᠪᠠᠷᠢᠯᠭ᠎ᠠ ᠡᠬᠢᠯᠡᠭᠦᠯᠬᠦ ᠬᠡᠷᠡᠭᠲᠡᠢ ᠃ 

      ᠠᠷᠪᠠᠨ ᠳᠥᠷᠪᠡᠳᠦᠭᠡᠷ ᠵᠦᠢᠯ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠳᠠᠭᠤᠰᠤᠭᠰᠠᠨ ᠤ ᠳᠠᠷᠠᠭ᠎ᠠ ᠂ ᠵᠥᠪᠰᠢᠶᠡᠷᠡᠬᠦ ᠲᠣᠭᠲᠠᠭᠠᠯ ᠭᠠᠷᠭᠠᠭᠰᠠᠨ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠭᠠᠨ ᠬᠤᠷᠢᠶᠠᠵᠤ ᠠᠪᠬᠤ ᠬᠡᠷᠡᠭᠲᠡᠢ ᠃ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠰᠢᠯᠭᠠᠨ ᠬᠤᠷᠢᠶᠠᠵᠤ ᠠᠪᠤᠭᠰᠠᠨ ᠦᠭᠡᠢ ᠪᠤᠶᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠠᠶᠢᠪᠠᠯ ᠂ ᠳᠤᠷ᠎ᠠ ᠪᠠᠷ ᠢᠶᠠᠨ ᠠᠰᠢᠭᠯᠠᠯᠲᠠ ᠳᠤ ᠣᠷᠣᠭᠤᠯᠵᠤ ᠪᠣᠯᠬᠤ ᠦᠭᠡᠢ ᠃ 

      ᠠᠷᠪᠠᠨ ᠲᠠᠪᠤᠳᠤᠭᠠᠷ ᠵᠦᠢᠯ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠴᠢᠬᠤᠯᠠᠲᠠᠢ ᠪᠦᠲᠦᠭᠡᠨ ᠪᠠᠶᠢᠭᠤᠯᠬᠤ ᠲᠥᠷᠥᠯ ᠵᠦᠢᠯ ᠤᠨ ᠥᠮᠴᠢᠯᠡᠭᠴᠢ ᠂ ᠬᠠᠮᠢᠶᠠᠷᠤᠭᠴᠢ ᠂ ᠬᠡᠷᠡᠭᠯᠡᠭᠴᠢ ᠨᠢ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠂ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠠᠲᠤᠯᠠᠵᠤ ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠤᠯᠪᠣᠭᠳᠠᠯ ᠪᠦᠬᠦᠢ ᠪᠡᠯᠡᠳᠬᠡᠮᠵᠢ ᠂ ᠲᠥᠬᠦᠭᠡᠷᠦᠮᠵᠢ  ᠶᠢ ᠡᠪᠳᠡᠨ ᠰᠦᠢᠳᠬᠡᠬᠦ ᠂ ᠳᠤᠷ᠎ᠠ ᠪᠠᠷ ᠢᠶᠠᠨ ᠡᠪᠳᠡᠯᠡᠵᠦ ᠵᠠᠳᠠᠯᠬᠤ ᠪᠤᠶᠤ ᠬᠡᠷᠡᠭᠯᠡᠬᠦ ᠪᠠᠨ ᠵᠣᠭᠰᠣᠭᠠᠵᠤ ᠪᠣᠯᠬᠤ ᠦᠭᠡᠢ ᠃ 

      ᠠᠷᠪᠠᠨ ᠵᠢᠷᠭᠤᠳᠤᠭᠠᠷ ᠵᠦᠢᠯ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠥᠮᠴᠢᠯᠡᠭᠴᠢ ᠂ ᠬᠠᠮᠢᠶᠠᠷᠤᠭᠴᠢ ᠂ ᠬᠡᠷᠡᠭᠯᠡᠭᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠯᠡᠬᠦ ᠂ ᠬᠠᠮᠢᠶᠠᠷᠬᠤ ᠂ ᠰᠢᠯᠵᠢᠭᠦᠯᠦᠨ ᠥᠭᠬᠦ ᠂ ᠲᠦᠷᠢᠶᠡᠰᠦᠯᠡᠭᠦᠯᠦᠨ ᠵᠢᠭᠡᠯᠡᠭᠦᠯᠬᠦ ᠵᠡᠷᠭᠡ ᠠᠵᠢᠯᠯᠠᠭᠠᠨ ᠬᠢᠵᠦ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ ᠃ 

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠳᠣᠲᠣᠭᠠᠳᠤ ᠶᠢ ᠬᠠᠮᠠᠭᠠᠯᠠᠬᠤ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠯᠡᠬᠦ ᠂ ᠬᠠᠮᠢᠶᠠᠷᠬᠤ ᠂ ᠰᠢᠯᠵᠢᠭᠦᠯᠦᠨ ᠥᠭᠬᠦ ᠂ ᠲᠦᠷᠢᠶᠡᠰᠦᠯᠡᠭᠦᠯᠦᠨ ᠵᠢᠭᠡᠯᠡᠭᠦᠯᠬᠦ ᠵᠡᠷᠭᠡ ᠮᠡᠳᠡᠭᠡ ᠵᠠᠩᠭᠢ ᠶᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠵᠦ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ ᠤᠯᠤᠰ ᠤᠨ ᠠᠮᠤᠷ ᠲᠦᠪᠰᠢᠨ ᠢ ᠬᠤᠬᠢᠷᠠᠭᠤᠯᠬᠤ ᠦᠶᠯᠡ ᠠᠵᠢᠯᠯᠠᠭ᠎ᠠ ᠶᠢ ᠰᠢᠢᠳᠪᠦᠷᠢᠯᠡᠬᠦ ᠬᠡᠷᠡᠭᠲᠡᠢ ᠃

      ᠠᠷᠪᠠᠨ ᠳᠣᠯᠣᠳᠤᠭᠠᠷ ᠵᠦᠢᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠬᠠᠮᠢᠶ᠎ᠠ ᠪᠦᠬᠦᠢ ᠪᠦᠲᠦᠭᠡᠨ ᠪᠠᠶᠢᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠬᠢᠨᠠᠨ ᠪᠠᠶᠢᠴᠠᠭᠠᠯᠲᠠ ᠬᠢᠵᠦ ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠴᠠᠭ ᠲᠤᠬᠠᠢ ᠳᠤ ᠨᠢ ᠵᠠᠯᠠᠷᠠᠭᠤᠯᠬᠤ ᠬᠡᠷᠡᠭᠲᠡᠢ ᠃ 

      ᠬᠢᠨᠠᠨ ᠪᠠᠶᠢᠴᠠᠭᠠᠭᠳᠠᠬᠤ ᠨᠢᠭᠡᠴᠢ ᠪᠠ ᠬᠤᠪᠢ ᠬᠥᠮᠥᠨ ᠨᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠥᠷᠨᠢᠭᠦᠯᠬᠦ ᠳᠤ ᠨᠢ ᠳᠡᠮᠵᠢᠯᠭᠡ ᠦᠵᠡᠬᠦᠯᠬᠦ ᠶᠢᠨ ᠬᠠᠮᠲᠤ ᠬᠠᠮᠵᠢᠯᠴᠠᠨ ᠠᠵᠢᠯᠯᠠᠵᠤ ᠂ ᠪᠠᠶᠢᠳᠠᠯ ᠢᠶᠠᠨ ᠦᠨᠡᠨ ᠮᠥᠨ ᠢᠶᠠᠷ ᠨᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠬᠠᠩᠭᠠᠬᠤ ᠬᠡᠷᠡᠭᠲᠡᠢ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠨᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ ᠃ 

      ᠠᠷᠪᠠᠨ ᠨᠠᠢᠮᠠᠳᠤᠭᠠᠷ ᠵᠦᠢᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠪᠠᠶᠢᠴᠠᠭᠠᠯᠲᠠ ᠬᠢᠬᠦ ᠳᠤ ᠪᠠᠨ ᠬᠠᠤᠯᠢ ᠶᠣᠰᠣᠭᠠᠷ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠴᠤ ᠪᠣᠯᠣᠨ᠎ᠠ᠄

      ︵ ᠨᠢᠭᠡ︶ ᠬᠤᠯᠪᠣᠭᠳᠠᠯ ᠪᠦᠬᠦᠢ ᠳᠠᠩᠰᠠ ᠡᠪᠬᠡᠮᠡᠯ ᠂ ᠮᠠᠲ᠋ᠧᠷᠢᠶᠠᠯ ᠂ ᠡᠳ᠋ ᠪᠣᠳᠠᠰ ᠢ ᠪᠠᠶᠢᠴᠠᠭᠠᠨ ᠦᠵᠡᠵᠦ ᠂ ᠰᠢᠯᠵᠢᠭᠦᠯᠦᠨ ᠠᠪᠠᠴᠢᠬᠤ︔ 

      ︵ ᠬᠤᠶᠠᠷ︶ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠢ ᠪᠠᠶᠢᠴᠠᠭᠠᠨ ᠂ ᠯᠠᠪᠯᠠᠨ ᠠᠰᠠᠭᠤᠵᠤ ᠂ ᠬᠢᠨᠠᠨ ᠪᠠᠶᠢᠴᠠᠭᠠᠬᠤ ᠬᠠᠮᠢᠶ᠎ᠠ ᠪᠦᠬᠦᠢ ᠵᠦᠢᠯᠡᠰ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔ 

      ︵ ᠭᠤᠷᠪᠠ︶ ᠲᠤᠬᠠᠢ ᠶᠢᠨ ᠲᠠᠯᠠᠪᠤᠷ ᠲᠤ ᠨᠢ ᠪᠠᠶᠢᠴᠠᠭᠠᠬᠤ ᠃ 

      ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠬᠢᠨᠠᠨ ᠪᠠᠶᠢᠴᠠᠭᠠᠬᠤ ᠳᠤ ᠪᠠᠨ ᠣᠯᠵᠤ ᠮᠡᠳᠡᠭᠰᠡᠨ ᠤᠯᠤᠰ ᠤᠨ ᠨᠢᠭᠤᠴᠠ ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠶᠢ ᠬᠠᠮᠠᠭᠠᠯᠠᠬᠤ ᠡᠭᠦᠷᠭᠡ ᠲᠠᠢ ᠂ ᠬᠢᠨᠠᠨ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠤ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠨᠢ ᠨᠥᠯᠥᠭᠡᠯᠡᠵᠦ ᠪᠣᠯᠬᠤ ᠦᠭᠡᠢ ᠂ ᠬᠢᠨᠠᠨ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠠᠴᠠ ᠡᠳ᠋ ᠮᠥᠩᠭᠦ ᠨᠡᠬᠡᠵᠦ ᠠᠪᠬᠤ ᠪᠤᠶᠤ ᠬᠤᠷᠢᠶᠠᠵᠤ ᠪᠣᠯᠬᠤ ᠦᠭᠡᠢ ᠂ ᠪᠤᠰᠤᠳ ᠠᠰᠢᠭ ᠲᠤᠰᠠ ᠣᠯᠵᠤ ᠪᠣᠯᠬᠤ ᠦᠭᠡᠢ ᠃ 

      ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ᠃ 

      ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠮᠡᠳᠡᠭᠦᠯᠦᠭᠰᠡᠨ ᠨᠢᠭᠡᠴᠢ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ ᠂ ᠴᠢᠬᠤᠯᠠ ᠪᠠᠶᠢᠳᠠᠯ ᠢ ᠬᠠᠩᠭᠠᠭᠰᠠᠨ ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠱᠠᠩᠨᠠᠬᠤ ᠬᠡᠷᠡᠭᠲᠡᠢ ᠃ 

      ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠂ ᠠᠶᠢᠮᠠᠭ ᠬᠤᠲᠠ ᠶᠢᠨ ᠱᠠᠲᠤᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠵᠤ ᠂ ᠬᠠᠤᠯᠢ ᠶᠣᠰᠣᠭᠠᠷ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠬᠡᠷᠡᠭᠲᠡᠢ ᠃ 

      ᠬᠤᠷᠢᠨ ᠨᠢᠭᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠂ ᠲᠡᠷᠡ ᠬᠦ ᠲᠣᠭᠲᠠᠭᠠᠯ ᠢ ᠵᠢᠷᠤᠮᠯᠠᠨ᠎ᠠ ᠃ 

      ᠬᠤᠷᠢᠨ ᠬᠤᠶᠠᠳᠤᠭᠠᠷ ᠵᠦᠢᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠨᠢ ᠲᠤᠰ ᠠᠷᠭ᠎ᠠ ᠶᠢᠨ ᠲᠣᠭᠲᠠᠭᠠᠯ ᠢ ᠵᠥᠷᠢᠴᠡᠵᠦ ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠂ ᠡᠰᠡᠬᠦᠯ᠎ᠡ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ  ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ 

      ᠬᠤᠷᠢᠨ ᠭᠤᠷᠪᠠᠳᠤᠭᠠᠷ ᠵᠦᠢᠯ ᠲᠣᠰ ᠠᠷᠭ᠎ᠠ ᠶᠢ 2023 ᠣᠨ ᠤ 2 ᠳ᠋ᠤᠭᠠᠷ ᠰᠠᠷ᠎ᠠ ᠶᠢᠨ 1  ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ 2005 ᠣᠨ ᠤ 4 ᠳ᠋ᠦ᠋ᠭᠡᠷ ᠰᠠᠷ᠎ᠠ ᠶᠢᠨ 5  ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠭᠰᠡᠨ

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ︵ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 138 ᠳ᠋ᠤᠭᠠᠷ ᠲᠣᠭᠠᠲᠤ︶  ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ