ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠡᠴᠡ ᠲᠠᠶᠢᠯᠪᠤᠷᠢᠯᠠᠬᠤ ᠰᠡᠳᠭᠢᠬᠦᠢ ᠶᠢᠨ ᠰᠢᠨ᠎ᠡ ᠶᠢ ᠡᠭᠦᠳᠴᠦ ᠠᠵᠤ ᠠᠬᠤᠶᠢᠯᠠᠯ ᠤᠨ ᠳᠡᠩᠰᠡᠯᠡᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ ᠤᠰᠤᠨ ᠤ ᠡᠷᠬᠡ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/6/8

    ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠲᠠᠶᠢᠯᠪᠤᠷᠢᠯᠠᠬᠤ ᠰᠡᠳᠭᠢᠬᠦᠢ ᠶᠢᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠲᠤ ᠣᠷᠣᠬᠤ ᠶᠢ ᠵᠦᠪᠰᠢᠶᠡᠷᠡᠬᠦ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠲᠤᠰᠭᠠᠢ ᠬᠥᠮᠦᠨ ᠲᠣᠮᠢᠯᠠᠵᠤ ᠠᠵᠤ ᠠᠬᠤᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠵᠣᠯᠭᠠᠭᠤᠯᠵᠤ᠂ ᠠᠵᠤ ᠠᠬᠤᠶᠢᠯᠠᠯ ᠤᠨ ᠨᠡᠷᠡᠶᠢᠳᠦᠯ ᠨᠢ ᠳᠥᠷᠪᠡᠨ ᠬᠡᠰᠡᠭ ᠬᠡᠯᠪᠡᠷᠢ ᠶᠢᠨ ᠬᠢᠨᠠᠨ ᠵᠦᠪᠰᠢᠶᠡᠷᠡᠬᠦ ᠬᠢᠵᠠᠭᠠᠷᠯᠠᠯ ᠢ ᠰᠢᠪᠲᠤᠯᠤᠨ ᠂ ᠡᠵᠡᠩᠨᠡᠯᠲᠡ ᠶᠢᠨ ᠬᠡᠪᠴᠢᠶ᠎ᠡ ᠨᠢ ᠠᠵᠢᠯ ᠲᠥᠷᠥᠯ ᠤᠨ ᠣᠨᠴᠠᠯᠢᠭ ᠤᠨ ᠣᠨᠴᠠᠭᠠᠢ ᠴᠢᠨᠠᠷ ᠲᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠪᠣᠯᠤᠨ ᠤᠯᠤᠰ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠰᠢᠨ᠎ᠡ ᠪᠠᠷ ᠬᠥᠭᠵᠢᠭᠰᠡᠨ ᠠᠵᠢᠯ ᠲᠥᠷᠥᠯ ᠤᠨ ᠬᠢᠨ ᠤ ᠳᠦᠷᠢᠮᠵᠢᠭᠰᠡᠨ ᠵᠦᠢᠯ ᠨᠡᠮᠡᠨ  ᠪᠠᠶᠢᠭᠤᠯᠬᠤ ᠠᠰᠠᠭᠤᠳᠠᠯ ᠢ ᠢᠳᠡᠪᠬᠢᠲᠡᠢ ᠵᠣᠬᠢᠴᠠᠭᠤᠯᠵᠤ᠂ ᠬᠠᠷᠢᠶ᠎ᠠ ᠭᠠᠵᠠᠷ ᠤᠨ ᠴᠢᠩ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢ ᠵᠢᠯᠣᠭᠤᠳᠤᠨ ᠣᠨᠴᠠ ᠲᠣᠭᠲᠠᠭᠰᠠᠨ ᠬᠦᠷᠢᠶ᠎ᠡ ᠬᠡᠪᠴᠢᠶ᠎ᠡ ᠳᠤ ᠬᠡᠷᠡᠭᠯᠡᠬᠦ ᠱᠠᠭᠠᠷᠳᠠᠯᠭ᠎ᠠ ᠶᠢ ᠦᠨᠳᠦᠰᠦᠯᠡᠨ᠂ ᠪᠤᠭᠤᠲᠤ ᠬᠤᠲᠠ ᠶᠢᠨ ᠤᠰᠤᠨ ᠤ ᠡᠷᠬᠡ ᠶᠢ ᠬᠤᠷᠢᠶᠠᠨ ᠬᠠᠳᠠᠭᠠᠯᠠᠬᠤ ᠰᠢᠯᠵᠢᠭᠦᠯᠦᠨ ᠥᠭᠬᠦ ᠲᠥᠪ ᠤᠨ ᠬᠢᠵᠠᠭᠠᠷᠲᠤ ᠺᠣᠮᠫᠠᠨᠢ ᠶᠢ ᠤᠷᠤᠭᠰᠢᠲᠠᠢ ᠬᠠᠪᠰᠤᠷᠤᠨ  ᠪᠠᠶᠢᠭᠣᠯᠵᠣ  ᠂ ᠡᠨᠡ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠵᠢᠱᠢᠶ᠎ᠡ ᠪᠣᠯᠤᠨ᠎ᠠ᠃

    ᠲᠣᠰ ᠺᠣᠮᠫᠠᠨᠢ ᠶᠢ ᠪᠠᠶᠢᠭᠤᠯᠤᠭᠰᠠᠨ ᠨᠢ ᠤᠰᠤᠨ ᠤ ᠡᠬᠢ ᠪᠠᠶᠠᠯᠢᠭ ᠤᠨ  ᠪᠠᠲᠤᠯᠠᠭ᠎ᠠ  ᠲᠠᠢ ᠬᠢᠵᠠᠭᠠᠷᠯᠠᠯ ᠤᠨ ᠦᠢᠯᠡᠳᠦᠯ ᠢ ᠲᠣᠪᠤᠶᠢᠮ᠎ᠠ ᠢᠯᠡᠷᠡᠭᠦᠯᠵᠦ᠂ ᠮᠠᠨ ᠤ ᠬᠤᠲᠠ ᠶᠢᠨ ᠤᠰᠤᠨ ᠤ ᠡᠷᠬᠡ ᠶᠢ ᠬᠤᠳᠠᠯᠳᠤᠨ ᠠᠪᠴᠤ ᠨᠥᠭᠡᠴᠡᠯᠡᠬᠦ ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠬᠤᠲᠠ ᠶᠢᠨ ᠱᠠᠲᠤᠨ ᠤ ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠤᠰᠤᠨ ᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠤᠰᠤᠨ ᠤ ᠡᠷᠬᠡ ᠶᠢᠨ ᠠᠷᠠᠯᠵᠢᠶᠠᠨ ᠤ ᠠᠵᠢᠯ ᠢ ᠪᠡᠶᠡᠯᠡᠭᠦᠯᠵᠦ᠂ ︽ ᠬᠤᠶᠠᠷ ᠲᠥᠪ ︾ ᠤᠨ ᠪᠥᠲᠥᠭᠡᠨ ᠪᠠᠶᠢᠭᠤᠯᠤᠯᠲᠠ᠂ ︽ ︿ ᠬᠤᠶᠠᠷ ᠢ ᠡᠯᠰᠡᠵᠦ ᠬᠤᠶᠠᠷ ᠢ ᠲᠠᠲᠠᠬᠤ ﹀ ᠨᠢᠭᠡ ᠶᠢ ᠰᠢᠯᠢᠳᠡᠭᠵᠢᠭᠦᠯᠬᠦ︾ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠳᠡᠮᠵᠢᠨ ᠪᠠᠲᠤᠯᠠᠵᠤ᠂ ᠪᠤᠭᠤᠲᠤ ᠬᠤᠲᠠ ᠳᠤ ᠰᠢᠨᠵᠢᠯᠡᠬᠦ ᠤᠬᠠᠭᠠᠨᠴᠢ ᠤᠰᠤ ᠬᠡᠷᠡᠭᠯᠡᠬᠦ ᠪᠠᠲᠤᠯᠠᠭ᠎ᠠ ᠬᠠᠩᠭᠠᠬᠤ ᠪᠣᠯᠤᠨ᠎ᠠ᠃

    ᠣᠶᠢᠷ᠎ᠠ ᠳᠤ᠂ ᠪᠤᠭᠤᠲᠤ ᠬᠤᠲᠠ ᠶᠢᠨ ᠤᠰᠤᠨ ᠤ ᠶᠠᠪᠤᠳᠠᠯ ︵ ᠪᠦᠯᠦᠭᠯᠡᠯ︶ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠤᠰᠤᠨ ᠤ ᠡᠷᠬᠡ ᠶᠢ ᠬᠤᠷᠢᠶᠠᠨ ᠬᠠᠳᠠᠭᠠᠯᠠᠬᠤ ᠰᠢᠯᠵᠢᠭᠦᠯᠦᠨ ᠥᠭᠬᠦ ᠲᠥᠪ ᠤᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ ᠲᠥᠯᠥᠭᠡᠯᠡᠭᠴᠢ︽ ᠦᠨᠡᠨᠴᠢ ᠰᠢᠳᠤᠷᠭᠤ ᠪᠠᠷ ᠠᠵᠤ ᠠᠬᠤᠶᠢᠯᠠᠯ ᠲᠥᠯᠥᠭᠡ ᠂ ᠪᠣᠭᠤᠮᠲᠠ ᠶᠢ ᠴᠢᠩᠭ᠎ᠠ ᠡᠵᠡᠮᠳᠡᠵᠦ ᠬᠥᠭᠵᠢᠯᠲᠡ ᠶᠢ ᠠᠬᠢᠭᠤᠯᠬᠤ︾ ᠶᠢᠨ ᠲᠤᠭ ᠢ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠭᠡᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠴᠢᠩ ᠰᠡᠳᠭᠢᠯ ᠤᠨ ᠲᠠᠯᠠᠷᠬᠠᠯ ᠢᠶᠠᠨ ᠢᠯᠡᠳᠭᠡᠪᠡ᠃

    ᠡᠨᠡ ᠵᠢᠯ ᠠᠴᠠ  ᠨᠠᠭᠠᠰᠢ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠬᠢᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠳᠠᠩᠰᠠᠯᠠᠭᠤᠯᠵᠤ᠂ ᠤᠷᠢᠳ ᠬᠤᠵᠢᠳ ᠱᠢᠶᠧ ᠱᠢᠨ ᠵᠡᠷᠭᠡ 120 ᠭᠠᠷᠤᠢ ᠠᠵᠤ ᠠᠬᠤᠶᠢᠯᠠᠯ ᠰᠠᠭᠠᠳ ᠦᠭᠡᠢ ᠨᠡᠪᠲᠡᠷᠡᠬᠦ ᠵᠠᠮ᠂ ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠰᠢᠭ ᠣᠯᠵᠠᠪᠤᠷᠢ ᠶᠢ ᠬᠦᠷᠲᠡᠪᠡ᠃

 

ᠢᠷᠡᠯᠲᠡ᠄ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ