ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠢ ᠡᠯᠰᠡᠬᠦ ᠲᠤᠬᠠᠢ‌ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/7/18

    ᠥᠪᠥᠷ ᠵᠠᠬ᠎ᠠ ᠬᠢᠨᠠᠯᠳᠠ ᠮᠡᠳᠡᠯᠭᠡ ᠬᠡᠷᠡᠭᠵᠢᠭᠦᠯᠦᠯᠳᠡ ᠶᠢᠨ ᠦᠰᠦᠭ ﹇ 2023 ﹈ 396 ᠳ᠋ᠤᠭᠠᠷ ᠲᠣᠭᠠᠲᠤ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

    ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ‍ᠦᠨ‌ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 36 ᠳ᠋ᠤᠭᠠᠷ ᠲᠣᠭᠠᠲᠤ︶ ᠵᠢᠴᠢ ︽ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠵᠠᠬ᠎ᠠ ᠬᠢᠨᠠᠯᠲᠠ ᠮᠡᠳᠡᠯᠭᠡ ᠬᠡᠷᠡᠭᠵᠢᠭᠦᠯᠦᠯᠳᠡ ᠶᠢᠨ ᠲᠣᠭᠲᠠᠭᠠᠯ ﹇2023﹈ 6 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ‌ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠯᠭᠠᠷᠠᠭᠤᠯᠬᠤ ᠠᠵᠢᠯ ᠤᠨ ᠡᠷᠬᠡ ᠲᠡᠭᠰᠢ᠂ ᠢᠯᠡ ᠲᠣᠳᠣ᠂ ᠲᠥᠪ ᠭᠤᠥᠯᠴᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠵᠢᠨ‌ᠥᠮᠴᠢᠯᠡᠯ  ᠤᠨ ᠡᠷᠬᠡ ᠶᠢᠨ ᠲᠣᠪᠴᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠠᠴᠠ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠢ ᠡᠯᠰᠡᠬᠦ ᠪᠠᠷ ᠲᠣᠭᠲᠠᠪᠠ᠃ ᠡᠳᠦᠭᠡ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄

ᠨᠢᠭᠡ᠂ ᠡᠯᠰᠡᠬᠦ ᠬᠡᠪᠴᠢᠶ᠎ᠡ

    ᠡᠯ᠎ᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠤᠰᠬᠠᠢ ᠠᠰᠢᠭ ᠤᠨ ᠬᠢᠨᠠᠨ ᠪᠠᠶᠢᠴᠠᠭᠠᠭᠴᠢ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ᠂ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠠᠵᠤ ᠠᠬᠤᠢ ᠶᠢᠨ ᠲᠤᠰᠬᠠᠢ ᠮᠡᠷᠭᠡᠵᠢᠯᠲᠡᠨ᠂ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠵᠡᠷᠭᠡ᠃

ᠬᠤᠶᠠᠷ᠂ ᠭᠤᠣᠯ ᠡᠭᠦᠷᠭᠡ ᠬᠠᠷᠢᠭᠤᠴᠠᠯᠭ᠎ᠠ

    ︵ᠨᠢᠭᠡ︶ ᠰᠢᠯᠭᠠᠷᠠᠭᠤᠯᠤᠯᠲᠠ ᠳᠤ ᠣᠷᠣᠯᠴᠠᠬᠤ ᠲᠦᠷᠦᠯ ᠵᠦᠢᠯ ᠢ ᠬᠢᠨᠠᠨ ᠲᠣᠭᠲᠠᠭᠠᠨ᠎ᠠ ᠃

    ︵ᠬᠤᠶᠠᠷ︶ ᠱᠠᠩᠨᠠᠯ ᠤᠯᠭᠤᠬᠤ ᠭᠡᠵᠦ ᠪᠠᠶᠢᠭ᠎ᠠ ᠲᠤᠰᠬᠠᠢ ᠠᠰᠢᠭ ᠬᠢᠭᠡᠳ ᠱᠠᠩᠨᠠᠯ ᠤᠨ ᠲᠡᠰ ᠤᠨ ᠲᠤᠬᠠᠢ ᠰᠠᠨᠠᠯ ᠢᠶᠠᠨ ᠳᠤᠷᠠᠳᠤᠨ᠎ᠠ ᠃

    ︵ᠭᠤᠷᠪᠠ︶ ᠬᠢᠨᠠᠨ ᠰᠢᠯᠭᠠᠷᠠᠭᠤᠯᠬᠤ ᠶᠠᠪᠤᠴᠠ ᠳᠤ ᠢᠯᠡᠷᠡᠭᠰᠡᠨ ᠴᠢᠬᠤᠯᠠ ᠶᠡᠭᠡ ᠠᠰᠠᠭᠤᠳᠠᠯ ᠢ ᠮᠡᠳᠡᠭᠦᠯᠬᠦ ᠶᠢᠨ ᠬᠠᠮᠲᠤ ᠰᠢᠢᠳᠪᠦᠷᠢᠯᠡᠬᠦ ᠰᠠᠨᠠᠯ ᠢᠶᠠᠨ ᠳᠤᠷᠠᠳᠤᠨ᠎ᠠ ᠃

    ︵ᠳᠥᠷᠪᠡ︶ ᠬᠢᠨᠠᠨ ᠰᠢᠯᠭᠠᠷᠠᠭᠤᠯᠬᠤ ᠠᠵᠢᠯ ᠳᠤ ᠬᠠᠯᠠᠨ ᠰᠠᠶᠢᠵᠢᠷᠠᠭᠤᠯᠬᠤ ᠰᠠᠨᠠᠯ ᠵᠢᠴᠢ ᠪᠤᠰᠤᠳ ᠬᠤᠯᠪᠤᠭᠳᠠᠯ ᠪᠦᠬᠦᠢ ᠠᠵᠢᠯ ᠢ ᠳᠤᠷᠠᠳᠤᠨ᠎ᠠ᠃

ᠭᠤᠷᠪᠠ᠂ ᠡᠯᠰᠡᠬᠦ ᠨᠥᠬᠦᠴᠡᠯ

    ︵ᠨᠢᠭᠡ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢ ᠬᠠᠶᠢᠷᠠᠯᠠᠳᠠᠭ ᠂ ᠤᠯᠤᠰ ᠤᠨ ᠬᠠᠮᠢᠶ᠎ᠠ ᠪᠦᠬᠦᠢ ᠮᠡᠳᠡᠯᠭᠡ ᠵᠢᠨ‌ᠥᠮᠴᠢᠯᠡᠯ  ᠤᠨ ᠡᠷᠬᠡ᠂ ᠬᠤᠯᠪᠤᠭᠳᠠᠯ ᠪᠦᠬᠦᠢ ᠠᠵᠤ ᠦᠢᠯᠡᠰ ᠤᠨ ᠬᠦᠷᠢᠶ᠎ᠡ ᠴᠠᠷᠠᠭ᠎ᠠ ᠶᠢᠨ ᠬᠠᠤᠯᠢ ᠴᠠᠭᠠᠵᠠ᠂ ᠬᠠᠤᠯᠢ ᠲᠦᠷᠢᠮ ᠪᠠ ᠬᠠᠤᠯᠢ ᠲᠣᠭᠲᠠᠭᠠᠯ ᠢ ᠰᠠᠶᠢᠨ ᠣᠶᠢᠯᠠᠭᠠᠬᠤ᠂ ᠬᠠᠷᠢᠴᠠᠩᠭᠤᠢ ᠥᠨᠳᠥᠷ ᠣᠨᠣᠯ ᠤᠨ ᠬᠢᠷᠢ ᠬᠡᠮᠵᠢᠶ᠎ᠡ᠂ ᠲᠤᠰᠬᠠᠢ ᠮᠡᠷᠭᠡᠵᠢᠯ ᠤᠨ ᠴᠢᠳᠠᠪᠤᠷᠢ ᠪᠠ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠲᠠᠢ᠂ 65 ᠠᠴᠠ ᠳᠣᠷᠣᠭᠰᠢ ︵ᠠᠺᠠᠳᠧᠮᠢᠴᠢ ᠶᠢ ᠪᠠᠭᠲᠠᠭᠠᠬᠤ ᠦᠭᠡᠢ︶ ᠨᠠᠰᠤ ᠲᠠᠢ᠃ᠮᠥᠨ ᠴᠤ ᠲᠤᠰᠬᠠᠢ ᠠᠰᠢᠭ ᠤᠨ ᠱᠠᠩᠨᠠᠯ ᠢ ᠰᠢᠯᠭᠠᠷᠠᠭᠤᠯᠬᠤ ᠬᠤᠯᠪᠤᠭᠳᠠᠯ ᠪᠦᠬᠦᠢ ᠠᠵᠢᠯ ᠢ ᠪᠡᠶᠡᠯᠡᠭᠦᠯᠬᠦ ᠴᠠᠭ ᠪᠠ ᠪᠡᠶ᠎ᠡ ᠮᠠᠬᠠᠪᠤᠳ ‍ᠤᠨ‌ᠨᠥ᠋ᠬᠦᠴᠡᠯ‌‍ᠲ᠋ᠠᠢ ᠪᠠᠶᠢᠬᠤ ᠬᠡᠷᠡᠭᠲᠡᠢ᠃

    ︵ᠬᠤᠶᠠᠷ︶ ᠲᠣᠰ ᠬᠦᠷᠢᠶ᠎ᠡ ᠴᠠᠷᠠᠭ᠎ᠠ ᠶᠢᠨ ᠠᠵᠢᠯ ᠢ 8 ᠵᠢᠯ ᠠᠴᠠ ᠳᠡᠭᠡᠭᠰᠢ ᠬᠢᠭᠰᠡᠨ ᠂ ᠬᠤᠯᠪᠤᠭᠳᠠᠯ ᠪᠦᠬᠦᠢ ᠬᠦᠷᠢᠶ᠎ᠡ ᠴᠠᠷᠠᠭ᠎ᠠ ᠶᠢᠨ ᠢᠶᠠᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ︵ᠡᠰᠡᠬᠦᠯ᠎ᠡ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠬᠢᠷᠢ ᠬᠡᠮ ᠪᠤᠶᠤ ᠬᠢᠷᠢ ᠬᠡᠮᠵᠢᠶ᠎ᠡ ᠶᠢᠨ ᠬᠢᠷᠢ ᠬᠡᠮ ︶ ᠲᠠᠢ᠂ ᠲᠤᠬᠠᠶᠢᠯᠠᠭᠰᠠᠨ ᠠᠵᠢᠯ ᠲᠥᠷᠥᠯ ᠤᠨ ᠢᠶᠠᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠳᠠᠭ ᠂ ᠲᠤᠰ ᠲᠤᠰᠬᠠᠢ ᠮᠡᠷᠭᠡᠵᠢᠯ ᠤᠨ ᠢᠶᠠᠨ ᠬᠤᠰᠢᠭᠤᠷᠠᠯ ᠪᠠ ᠬᠥᠭᠵᠢᠯᠲᠡ ᠶᠢᠨ ᠬᠠᠨᠳᠤᠰᠢ ᠶᠢ ᠡᠵᠡᠮᠰᠢᠭᠰᠡᠨ ᠵᠡᠷᠭᠡ ᠨᠦᠭᠦᠴᠡᠯ ᠲᠠᠢ ᠪᠠᠶᠢᠬᠤ ᠬᠡᠷᠡᠭᠳᠡᠢ᠃

    ︵ᠭᠤᠷᠪᠠ︶ ᠲᠤᠬᠠᠶᠢᠯᠠᠭᠰᠠᠨ ᠠᠵᠢᠯ ᠲᠥᠷᠥᠯ‌‍ᠳᠤ ᠪᠠᠨ ᠨᠡᠯᠢᠶᠡᠳ ᠥᠨᠳᠥᠷ ᠨᠡᠷ᠎ᠡ ᠠᠯᠳᠠᠷ ᠲᠠᠢ᠂ ᠲᠤᠬᠠᠶᠢᠯᠠᠭᠰᠠᠨ ᠠᠵᠢᠯ ᠲᠥᠷᠥᠯ ᠤᠨ ᠢᠶᠠᠨ ᠡᠷᠳᠡᠮ ᠰᠢᠨᠵᠢᠯᠡᠭᠡᠨ ᠤ ᠳᠠᠭᠠᠭᠤᠯᠤᠭᠴᠢ ᠪᠤᠶᠤ ᠴᠢᠬᠤᠯᠠ ᠶᠡᠭᠡ ᠲᠥᠷᠥᠯ ᠵᠦᠢᠯ ᠤᠨ ᠬᠠᠷᠢᠭᠤᠴᠠᠯᠭᠠᠲᠠᠨ ᠤ ᠲᠤᠰᠢᠶᠠᠯ ᠢ‌ᠡᠭᠦᠷᠭᠡᠯᠡᠵᠦ ᠪᠠᠶᠢᠭ᠎ᠠ ᠡᠰᠡᠭᠦᠯ᠎ᠡ ᠡᠭᠦᠷᠭᠡᠯᠡᠵᠦ ᠥᠩᠭᠡᠷᠡᠭᠰᠡᠨ᠂ ᠭᠤᠣᠯᠯᠠᠨ ᠤᠳᠤᠷᠢᠳᠤᠭᠰᠠᠨ ᠪᠤᠶᠤ ᠲᠦᠷᠦᠭᠦᠯᠡᠨ ᠬᠠᠷᠢᠭᠤᠴᠠᠭᠰᠠᠨ ᠰᠤᠳᠤᠯᠭᠠᠨ ᠤ ᠲᠥᠷᠥᠯ ᠵᠦᠢᠯ ᠨᠢ ᠲᠡᠷᠢᠭᠦᠨ ᠤ ᠬᠢᠷᠢ ᠲᠦᠪᠰᠢᠨ‌‍ᠲ᠋ᠠᠢ ᠪᠠᠶᠢᠬᠤ ᠬᠡᠷᠡᠭᠲᠡᠢ᠃

    ︵ᠳᠥᠷᠪᠡ︶ ᠰᠢᠨᠵᠢᠯᠡᠬᠦ ᠤᠬᠠᠭᠠᠨ ᠤ ᠰᠤᠳᠤᠯᠭᠠᠨ ‍ᠤ‌ᠢᠳᠡᠭᠡᠮᠵᠢ‌ᠠᠯᠳᠠᠭᠰᠠᠨ᠂ ᠬᠤᠯᠪᠤᠭᠳᠠᠯ ᠪᠦᠬᠦᠢ ᠬᠢᠨᠠᠨ ᠲᠣᠭᠲᠠᠭᠠᠬᠤ ᠰᠠᠬᠢᠯᠭ᠎ᠠ ᠪᠠᠲᠤ ᠪᠠ ᠪᠤᠰᠤᠳ ᠵᠦᠢᠯ ᠤᠨ ᠰᠠᠬᠢᠯᠭ᠎ᠠ ᠪᠠᠲᠤ‌ᠬᠠᠤᠯᠢ ᠲᠦᠷᠢᠮ ᠢ ᠵᠥᠷᠢᠴᠡᠭᠰᠡᠨ ᠦᠶᠯᠡ ᠠᠵᠢᠯᠯᠠᠭ᠎ᠠ ᠦᠭᠡᠢ ᠪᠠᠶᠢᠬᠤ ᠬᠡᠷᠡᠭᠲᠡᠢ᠃

    ︵ᠲᠠᠪᠤ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠬᠢᠨᠠᠨ ᠰᠢᠯᠠᠭᠠᠷᠠᠭᠤᠯᠬᠤ ᠺᠣᠮᠢᠰ ᠤᠨ ᠭᠡᠰᠢᠭᠦᠨ ᠢᠶᠠᠷ ᠨᠢᠭᠡᠨᠲᠡ ᠰᠤᠩᠭᠤᠭᠳᠠᠭᠰᠠᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ‌‍ᠲ᠋ᠤᠰ ᠲᠤᠰᠢᠶᠠᠯ ᠢ ᠲᠠᠬᠢᠨᠳᠠ ᠡᠬᠦᠷᠭᠡᠯᠡᠵᠦ ᠪᠤᠯᠬᠤ ᠦᠭᠡᠢ᠃

ᠳᠥᠷᠪᠡ᠂ ᠡᠯᠰᠡᠬᠦ ᠲᠠᠰ ᠳᠠᠷᠠᠭᠠᠯᠠᠯ

    ︵ᠨᠢᠭᠡ︶ ᠨᠢᠭᠡᠴᠢ ᠠᠴᠠ ᠲᠠᠨᠢᠯᠴᠠᠭᠤᠯᠵᠤ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠲᠠᠨᠢᠯᠴᠠᠭᠤᠯᠭ᠎ᠠ ᠶᠢᠨ ᠬᠦᠰᠦᠨᠦᠭ︾ ︵ᠳᠠᠭᠠᠯᠳᠤᠭᠤᠯᠤᠯ ᠳᠤ ᠦᠵᠡ᠂ ᠳᠣᠷᠣᠭᠰᠢ ᠲᠠᠨᠢᠯᠴᠠᠭᠤᠯᠭ᠎ᠠ ᠶᠢᠨ ᠬᠦᠰᠦᠨᠦᠭᠲᠦ ᠭᠡᠵᠦ ᠲᠣᠪᠴᠢᠯᠠᠨ᠎ᠠ︶ ᠢ ᠲᠠᠭᠯᠠᠨ  ᠪᠢᠴᠢᠬᠦ ᠶᠢᠨ ᠬᠠᠮᠲᠤ᠂ ᠬᠤᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ︵ᠨᠡᠶᠢᠲᠡᠯᠡᠵᠦ ᠥᠩᠭᠡᠷᠡᠭᠰᠡᠨ ᠥᠭᠦᠯᠡᠯ᠂ ᠲᠤᠰᠬᠠᠢ ᠵᠣᠬᠢᠶᠠᠯ᠂ ᠡᠭᠦᠷᠭᠡᠯᠡᠵᠦ ᠪᠠᠶᠢᠭ᠎ᠠ ᠴᠢᠬᠤᠯᠠ ᠶᠡᠭᠡ ᠲᠥᠷᠥᠯ ᠵᠦᠢᠯ ᠵᠡᠷᠭᠡ ᠰᠤᠳᠤᠯᠭᠠᠨ ᠤ ᠦᠷ᠎ᠡ ᠪᠦᠲᠦᠭᠡᠯ᠂ ᠱᠠᠩᠨᠠᠯ ᠭᠥᠷᠳᠡᠭᠰᠡᠨ ᠵᠢᠴᠢ ᠡᠳ᠋ ᠤᠨ ᠵᠠᠰᠠᠭ ᠤᠨ ᠪᠡᠯᠡ ᠮᠥᠩᠭᠦ ᠶᠢᠨ ᠲᠤᠰᠠᠯᠠᠮᠵᠢ ᠶᠢᠨ ᠪᠠᠶᠢᠳᠠᠯ︶ ᠢ ᠬᠠᠩᠭᠠᠨ᠎ᠠ︔

    ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠠᠴᠠ ᠲᠠᠨᠢᠯᠴᠠᠭᠤᠯᠤᠭᠰᠠᠨ ᠲᠤᠰᠬᠠᠢ ᠮᠡᠷᠭᠡᠵᠢᠯᠲᠡᠨ ᠤ ᠬᠢᠷᠢ ᠬᠡᠮ ᠢ ᠬᠢᠨᠠᠨ ᠬᠠᠷᠭᠤᠭᠤᠯᠵᠤ  ᠪᠠᠲᠤᠯᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠬᠦᠮᠦᠷᠭᠡ ᠶᠢ ᠵᠤᠬᠢᠶᠠᠨ ᠪᠠᠶᠢᠭᠤᠯᠤᠨ᠎ᠠ ᠃

ᠲᠠᠪᠤ᠂ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ

    2023 ᠣᠨ ᠤ 7 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠠᠨᠢᠯᠴᠠᠭᠤᠯᠭ᠎ᠠ ᠶᠢᠨ ᠬᠦᠰᠦᠨᠦᠭᠲᠦ ᠶᠢᠨ ᠴᠠᠭᠠᠰᠤᠨ ᠮᠠᠲ᠋ᠧᠷᠢᠶᠠᠯ ᠪᠠ ᠬᠤᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ  ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠳᠡ ᠶᠢ ᠠᠬᠢᠭᠤᠯᠬᠤ ᠭᠠᠵᠠᠷ ᠲᠤ ᠮᠡᠳᠡᠭᠦᠯᠦᠨ ᠬᠦᠷᠭᠡᠬᠦ ᠶᠢᠨ ᠬᠠᠮᠲᠤ ᠲᠠᠨᠢᠯᠴᠠᠭᠤᠯᠭ᠎ᠠ ᠶᠢᠨ ᠬᠦᠰᠦᠨᠦᠭᠲᠦ ᠶᠢᠨ ᠡᠯᠧᠺᠲᠷᠣᠨ ᠬᠡᠪᠯᠡᠯ ︵Word ᠬᠡᠪᠯᠡᠯ ᠪᠠ PDF ᠲᠠᠮᠠᠭ᠎ᠠ‌‍ᠲ᠋ᠠᠷᠤᠭᠰᠠᠨ ᠬᠡᠪᠯᠡᠯ︶ ᠢ ᠬᠠᠷᠢᠯᠴᠠᠬᠤ ᠬᠥᠮᠥᠨ ‍ᠦ‌ᠢᠮᠧᠯ ᠳᠤ ᠢᠯᠡᠭᠡᠭᠡᠷᠡᠢ᠃

    ᠬᠠᠷᠢᠯᠴᠠᠬᠤ ᠬᠥᠮᠥᠨ᠄ ᠠᠯᠲᠠᠨᠲᠠᠨ᠎ᠠ 0471-6385195᠂ 18647751516

    ᠪᠢ ᠶᠤᠸᠠᠨ ᠰᠢᠶᠠᠩ 0471-6628927᠂ 18747664593

    ᠢᠮᠧᠯ ᠄ nmgzzqzljpszj@163.com 

    ᠰᠢᠤᠳᠠᠨ‌ᠬᠠᠶ᠋ᠢᠭ᠄ ᠬᠥᠬᠡᠬᠤᠲᠠ ᠶᠢᠨ ᠶᠢᠨ ᠴᠢᠶᠣᠤ ᠨᠡᠭᠡᠭᠡᠯᠲᠡ ᠶᠢᠨ ᠲᠣᠭᠤᠷᠢᠭ ᠤᠨ ᠱᠢ ᠵᠢᠢ ᠳᠥᠷᠪᠡᠳᠦᠭᠡᠷ ᠵᠠᠮ ᠳᠠᠬᠢ     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠵᠢᠭᠦᠯᠦᠯᠳᠡ  ᠶᠢ ᠠᠬᠢᠭᠤᠯᠬᠤ ᠭᠠᠵᠠᠷ ᠤᠨ ᠯᠢ ᠸᠧᠢ ᠱᠧᠩ ᠬᠤᠷᠢᠶᠠᠨ᠎ᠠ ︵ᠬᠠᠷᠢᠯᠴᠠᠬᠤ ᠬᠡᠯᠪᠡᠷᠢ᠄ 18748165660︶

    ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠢ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠲᠠᠨᠢᠯᠴᠠᠭᠤᠯᠭ᠎ᠠ ᠶᠢᠨ ᠬᠦᠰᠦᠨᠦᠭ

 

 

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

ᠮᠡᠳᠡᠯᠭᠡ  ᠶᠢᠨ ᠥᠮᠴᠢᠯᠡᠯ  ᠤᠨ ᠡᠷᠬᠡ  ᠶᠢᠨ ᠲᠣᠪᠴᠢᠶ᠎ᠠ

 

            2023 ᠣᠨ ᠤ 7 ᠳ᠋ᠤᠭᠠᠷ ᠰᠠᠷ᠎ᠠ ᠶᠢᠨ 12 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠵᠢ᠊