ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠲᠤᠰᠬᠠᠶᠢᠯᠠᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/18

    ᠣᠶᠢᠷ᠎ᠠ ᠳᠤ᠂ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠴᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨᠦᠢᠯᠡ ᠠᠵᠢᠯᠯᠠᠭ᠎ᠠ ᠶᠢ ᠲᠤᠰᠬᠠᠶᠢᠯᠠᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠲᠤᠰᠬᠠᠶ ᠠᠵᠢᠯᠯᠠᠭ᠎ᠠ ᠨᠢ 7 ᠳ᠋ᠤᠭᠠᠷ ᠰᠠᠷ᠎ᠠ ᠠᠴᠠ ᠡᠬᠢᠯᠡᠨ᠂ ᠬᠠᠭᠠᠰ ᠵᠢᠯ ᠤᠨ ᠬᠤᠭᠤᠴᠠᠭ᠎ᠠ ᠲᠠᠢ ᠶᠠᠪᠤᠭᠳᠠᠵᠤ᠂ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠢᠳᠡᠭᠡᠨ ᠪᠠ ᠡᠮ ᠤᠨ ᠵᠦᠢᠯ  ᠤᠨ ᠠᠮᠤᠷ ᠲᠦᠪᠰᠢᠨ᠂ ᠬᠤᠳᠠᠯ ᠬᠠᠭᠤᠷᠮᠠᠭ ᠤᠬᠠᠭᠤᠯᠭ᠎ᠠ᠂ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠮᠡᠳᠡᠭᠡ᠂ ᠬᠤᠳᠠᠯ ᠬᠠᠭᠤᠷᠮᠠᠭ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠬᠢᠵᠦ ᠥᠭᠭᠦᠭᠰᠡᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠪᠠ ᠵᠥᠪᠰᠢᠶᠡᠷᠡᠯ ᠦᠭᠡᠢ ᠪᠠᠷ ᠦᠢᠯᠡᠳᠪᠦᠷᠢᠯᠡᠭᠰᠡᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠪᠠ ᠦᠨᠡᠮᠯᠡᠯ ᠦᠭᠡᠢ ᠪᠠᠷ ᠦᠢᠯᠡᠳᠪᠦᠷᠢ ᠠᠴᠠ ᠭᠠᠷᠴᠤ CCC ᠭᠠᠷᠴᠠᠭ ᠤᠨ ᠳᠣᠲᠣᠷᠠᠬᠢ ᠦᠢᠯᠡᠳᠭᠦᠨ ᠢ ᠪᠣᠷᠣᠯᠠᠭᠤᠯᠬᠤ ᠵᠡᠷᠭᠡ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠦᠨᠳᠦ ᠨᠣᠴᠢᠲᠠᠶ ᠬᠠᠯᠳᠠᠭᠰᠠᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠵᠡᠷᠭᠡ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ ︽ ᠣᠯᠠᠨᠲᠠ ᠴᠠᠭᠠᠵᠠᠯᠠᠪᠠᠴᠤ ᠵᠣᠭᠰᠣᠭᠠᠬᠤ ᠥᠬᠡᠶ᠂ ᠣᠯᠠᠨᠲᠠ ᠲᠣᠷᠭᠠᠭᠠᠳ ᠵᠠᠯᠠᠷᠠᠭᠤᠯᠬᠤ ᠥᠬᠡᠶ︾ ᠪᠠᠶᠢᠳᠠᠯ ᠣᠷᠣᠰᠢᠵᠤ ᠪᠠᠶᠢᠭ᠎ᠠ ᠡᠵᠡᠩᠨᠡᠯᠲᠡ ᠶᠢᠨ ᠭᠤᠤᠯ ᠴᠣᠭᠴᠠ ᠶᠢ ᠲᠥᠪᠯᠡᠷᠡᠭᠦᠯᠦᠨ ᠢᠯᠡᠴᠢᠯᠡᠵᠦ᠂ ᠬᠦᠴᠦᠷᠬᠡᠭ ᠶᠡᠭᠡ ᠰᠦᠷᠳᠡᠭᠦᠯᠦᠯ ᠢ ᠪᠣᠶ ᠪᠣᠯᠭᠠᠨ᠎ᠠ᠃ ᠲᠤᠰᠬᠠᠶ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠢᠭᠡ ᠪᠦᠯᠦᠭ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠬᠡᠷᠡᠭ ᠤᠨ ᠰᠦᠪᠡᠭᠴᠢ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠨᠢᠭᠡ ᠪᠦᠯᠦᠭ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠬᠡᠷᠡᠭ ᠢ ᠲᠥᠪᠯᠡᠷᠡᠭᠦᠯᠦᠨ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢ ᠬᠦᠴᠦᠲᠡᠶ ᠵᠠᠯᠬᠠᠭᠠᠨ ᠴᠡᠭᠡᠷᠯᠡᠭᠦᠯᠵᠦ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠨᠢᠭᠡ ᠪᠦᠯᠦᠭ ᠲᠦᠷᠢᠮ ᠲᠣᠭᠲᠠᠴᠠ ᠶᠢᠨ ᠦᠷ᠎ᠡ ᠪᠦᠲᠦᠭᠡᠯ ᠢ ᠪᠣᠶ ᠪᠣᠯᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃

 

ᠢᠷᠡᠯᠲᠡ᠄ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ