ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/7/18

    ᠡᠨᠡ ᠵᠢᠯ ᠠᠴᠠ ᠨᠠᠭᠠᠱᠢ ᠂ ᠲᠦᠩᠯᠢᠶᠣᠣ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ︽ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠦᠵᠢᠯᠲᠠ ᠶᠢᠨ ᠲᠥᠯᠥᠪᠯᠡᠭᠡ ︵2023᠎-2025ᠣᠨ︶︾ ᠶᠢ ᠲᠤᠤᠱᠯᠠᠭᠤᠯᠤᠨ ᠨᠠᠢᠳᠠᠪᠤᠷᠢᠵᠢᠭᠤᠯᠬᠤ ᠶᠢᠨ ᠲᠣᠭᠤᠷᠢᠨ ᠳᠤ᠂ ᠵᠢᠵᠢᠭ ᠪᠢᠴᠢᠯ ᠠᠵᠤ ᠠᠬᠤᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠯᠡᠭᠦᠨ ᠤ ᠬᠡᠪᠴᠢᠶ᠎ᠡ ᠶᠢ ᠥᠷᠭᠡᠳᠭᠡᠬᠦ ᠪᠠ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠴᠠ ᠭᠠᠷᠳᠠᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠭᠤᠣᠯᠳᠠᠯᠭ᠎ᠠ ᠶᠢ ᠳᠣᠪᠦ᠋ᠯᠭᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠪᠠ᠃

    ᠨᠢᠭᠡ ᠳᠤ᠂ ᠥᠨᠳᠥᠷ ᠲᠦᠪᠰᠢᠨ ᠢᠶᠠᠷ ᠠᠬᠢᠭᠤᠯᠵᠤ᠂ ᠬᠠᠷᠢᠭᠤᠴᠠᠯᠭ᠎ᠠ ᠶᠢ  ᠪᠣᠳᠠᠲᠠᠶᠢᠵᠢᠭᠤᠯᠪᠠ᠃ ᠬᠤᠪᠢᠳᠠᠨ ᠬᠠᠮᠢᠶᠠᠷᠬᠤ ᠳᠡᠳ᠋ ᠬᠤᠲᠠ ᠶᠢᠨ ᠳᠠᠷᠤᠭ᠎ᠠ ᠪᠠᠷ ᠶᠡᠷᠦᠩᠬᠡᠶ ᠬᠤᠷᠠᠯᠳᠤᠭᠤᠯᠤᠭᠴᠢ᠂ 29 ᠰᠠᠯᠠᠭ᠎ᠠ ᠮᠥᠴᠢᠷ ᠢᠶᠠᠷ ᠪᠦᠷᠢᠯᠳᠦᠬᠦᠨ ᠨᠢᠭᠡᠴᠢ ᠪᠣᠯᠭᠠᠭᠰᠠᠨ ︽ᠲᠦᠩᠯᠢᠶᠣᠤ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠬᠦ ᠬᠠᠮᠲᠤᠷᠠᠭᠰᠠᠨ ᠬᠤᠷᠠᠯ ᠤᠨ ᠲᠦᠷᠢᠮ ︾ ᠢ ᠪᠠᠶᠢᠭᠤᠯᠪᠠ᠃ ᠣᠷᠣᠨ ᠨᠤᠲᠤᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠲᠦᠩᠯᠢᠶᠣᠤ ᠬᠤᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ ᠶᠢ ᠨᠠᠶᠢᠳᠠᠪᠤᠷᠢᠵᠢᠭᠤᠯᠬᠤ ︵ 2023-2025 ᠣᠨ ︶ ᠶᠢ ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠵᠤ᠂ ᠮᠠᠨ ᠤ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠵᠢᠨ‌ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠬᠠᠷᠠᠯᠲᠠ ᠶᠢ ᠲᠣᠳᠣᠷᠬᠠᠶᠢᠯᠠᠵᠤ᠂ ᠨᠡᠶᠢᠲᠡ 44 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠣᠭᠲᠠᠭᠠᠵᠤ᠂ ᠰᠠᠯᠠᠭ᠎ᠠ ᠮᠥᠴᠢᠷ ᠪᠠ ᠬᠠᠷᠢᠶ᠎ᠠ ᠭᠠᠵᠠᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠪᠠ᠃

    ᠬᠤᠶᠠᠷ ᠲᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ ︽ᠬᠤᠪᠢ ᠵᠢᠨ‌ᠦᠢᠯᠡᠳᠪᠦᠷᠢ ᠬᠤᠳᠠᠯᠳᠤᠭᠠᠨ ᠤ ᠡᠷᠦᠬᠡ  ᠶᠢ ᠠᠵᠤ ᠠᠬᠤᠶᠢᠯᠠᠯ ᠪᠣᠯᠭᠠᠬᠤ ︾ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ︽ ᠨᠢᠭᠡ ᠪᠦᠯᠦᠭ ᠢ ᠬᠡᠷᠡᠭᠵᠢᠭᠦᠯᠬᠦ᠂ ᠨᠢᠭᠡ ᠪᠦᠯᠦᠭ ᠢ ᠳᠠᠶᠢᠴᠢᠯᠠᠬᠤ᠂ ᠨᠢᠭᠡ ᠪᠦᠯᠦᠭ ᠢ ᠨᠥᠭᠡᠴᠡᠯᠡᠬᠦ ︾ ᠠᠷᠭ᠎ᠠ ᠬᠡᠯᠪᠡᠷᠢ ᠶᠢ ᠠᠪᠴᠤ ᠪᠠᠶᠢᠭᠠᠳ᠂ ᠠᠵᠢᠯ ᠲᠥᠷᠥᠯ᠂ ᠬᠦᠷᠢᠶ᠎ᠡ ᠴᠠᠷᠠᠭ᠎ᠠ ᠬᠤᠪᠢᠶᠠᠨ ︽ᠬᠤᠪᠢ ᠵᠢᠨ‌ᠦᠢᠯᠡᠳᠪᠦᠷᠢ ᠬᠤᠳᠠᠯᠳᠤᠭᠠᠨ ᠤ ᠡᠷᠦᠬᠡ  ᠶᠢ ᠠᠵᠤ ᠠᠬᠤᠶᠢᠯᠠᠯ ᠪᠣᠯᠭᠠᠬᠤ︾ ᠪᠤᠶᠢᠵᠢᠭᠤᠯᠬᠤ ᠬᠥᠮᠥᠷᠭᠡ ᠪᠠᠶᠢᠭᠤᠯᠵᠤ᠂ ᠬᠥᠮᠥᠷᠭᠡ ᠳᠤ ᠣᠷᠣᠭᠤᠯᠤᠭᠰᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠬᠠᠪᠰᠤᠷᠤᠨ ᠵᠢᠯᠣᠭᠤᠳᠬᠤ ᠪᠠ ︽ ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ  ᠦᠷᠨᠢᠬᠦᠯᠪᠡ ᠃ ᠣᠳᠣᠬᠠᠨ ᠳᠤ᠂ ᠨᠢᠭᠡᠨᠲᠡ ᠬᠥᠮᠥᠷᠭᠡ ᠳᠤ ᠣᠷᠣᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 426 ᠪᠠᠶᠢᠵᠤ᠂ ︽ᠬᠤᠪᠢ ᠵᠢᠨ‌ᠦᠢᠯᠡᠳᠪᠦᠷᠢ ᠬᠤᠳᠠᠯᠳᠤᠭᠠᠨ ᠤ ᠡᠷᠦᠬᠡ  ᠶᠢ ᠠᠵᠤ ᠠᠬᠤᠶᠢᠯᠠᠯ ᠪᠣᠯᠭᠠᠬᠤ︾ ᠶᠢ 11 ᠪᠡᠶᠡᠯᠡᠭᠦᠯᠪᠡ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠯ ᠤᠨ ᠮᠡᠳᠡᠭᠦᠯᠦᠯᠲᠡ ᠶᠢᠨ ᠳᠥᠭᠦᠮ ᠳᠥᠲᠡ ᠦᠢᠯᠡᠴᠢᠯᠡᠭᠡᠨ ᠤ ᠲᠣᠭᠲᠠᠴᠠ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ᠂ ᠢᠲᠡᠭᠡᠮᠵᠢ ᠶᠢ ᠰᠡᠷᠭᠦᠭᠡᠬᠦ ᠰᠦᠯᠵᠢᠶᠡᠨ ᠳᠡᠭᠡᠷ᠎ᠡ ᠭᠤᠶᠤᠴᠢᠯᠠᠬᠤ ᠵᠠᠮ ᠢ ᠨᠡᠭᠡᠭᠡᠵᠦ᠂ ᠨᠥᠬᠦᠴᠡᠯ ᠳᠤ ᠨᠡᠶᠢᠴᠡᠬᠦ ᠢᠲᠡᠭᠡᠯ ᠠᠯᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ︽ ᠵᠠᠰᠠᠵᠤ ᠳᠡᠶᠢᠯᠬᠦ ᠶᠢ ᠨᠢ ᠪᠦᠬᠦᠨ ᠢ ᠵᠠᠰᠠᠬᠤ ︾ ᠂ ᠴᠢᠬᠤᠯᠠ ᠨᠥᠬᠦᠴᠡᠯ ᠤᠨ ᠮᠠᠲ᠋ᠧᠷᠢᠶᠠᠯ ᠢ ︽ᠬᠠᠰᠤᠵᠤ ᠳᠡᠶᠢᠯᠬᠦ ᠶᠢ ᠨᠢ ᠪᠦᠬᠦᠨ ᠢ ᠬᠠᠰᠤᠬᠤ ︾ ᠶᠢ ᠪᠡᠶᠡᠯᠡᠭᠦᠯᠵᠦ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ᠂ ᠣᠷᠣᠨ ᠰᠠᠭᠤᠴᠠ ᠪᠠᠨ ᠬᠤᠪᠢᠷᠠᠭᠤᠯᠬᠤ ᠳᠡᠩᠰᠡᠯᠡᠯᠲᠡ ᠵᠡᠷᠭᠡ ᠲᠠᠯ᠎ᠠ ᠪᠠᠷ ᠳᠤᠲᠠᠭᠤ ᠶᠢ ᠨᠢ ᠪᠠᠭᠲᠠᠭᠠᠬᠤ ᠪᠠ ᠠᠮᠠᠯᠳᠠᠭᠰᠠᠨ ᠢ ᠨᠢ ᠪᠠᠶᠢᠴᠠᠭᠠᠵᠤ ᠭᠡᠯᠳᠦᠷᠢᠭᠦᠯᠬᠦ ᠶᠢ ᠬᠡᠷᠡᠭᠵᠢᠭᠦᠯᠵᠦ᠂ ᠡᠵᠡᠩᠨᠡᠯᠲᠡ ᠶᠢᠨ ᠬᠡᠪ ᠤᠨ ᠪᠤᠰᠤ ᠪᠠᠶᠢᠳᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠶᠢᠲᠡ 10825 ᠡᠷᠦᠬᠡ ᠶᠢ ᠬᠠᠪᠰᠤᠷᠤᠨ ᠢᠲᠡᠭᠡᠬᠦ ᠶᠢ ᠨᠢ ᠰᠡᠷᠭᠦᠭᠡᠪᠡ᠃

    ᠭᠤᠷᠪᠠ ᠳᠤ᠂ ᠨᠠᠮ ᠤᠨ ᠪᠠᠶᠢᠭᠤᠯᠤᠯᠲᠠ ᠶᠢᠨ ᠴᠢᠳᠠᠪᠤᠷᠢ ᠶᠢ ᠣᠯᠭᠤᠵᠤ᠂ ᠬᠦᠴᠦᠨ ᠢ ᠲᠥᠪᠯᠡᠷᠡᠭᠦᠯᠦᠨ  ᠬᠥᠭᠵᠢᠭᠦᠯᠪᠡ ᠃ ︽ᠵᠢᠵᠢᠭ ᠪᠢᠴᠢᠯ ᠠᠵᠤ ᠠᠬᠤᠢᠯᠠᠯ ᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠵᠠᠬ᠎ᠠ ᠳᠡᠯᠭᠡᠭᠦᠷ︾ ᠤᠨ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠢ ᠬᠦᠴᠦᠷᠬᠡᠭᠵᠢᠭᠦᠯᠦᠨ ᠬᠦᠴᠦᠷᠬᠡᠭᠵᠢᠭᠦᠯᠬᠦ ᠠᠴᠠ ᠭᠠᠷᠳᠠᠵᠤ᠂ ︽ᠵᠢᠵᠢᠭ ᠪᠢᠴᠢᠯ ᠠᠵᠤ ᠠᠬᠤᠢᠯᠠᠯ ᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ  ᠵᠠᠬ᠎ᠠ ᠳᠡᠯᠭᠡᠭᠦᠷ︾ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢ ᠠᠵᠤ ᠠᠬᠤᠶᠢᠯᠠᠯ ᠤᠨ ᠳᠣᠲᠣᠷ᠎ᠠ᠂ ᠠᠵᠢᠯ ᠲᠥᠷᠥᠯ ᠤᠨ ᠳᠤᠮᠳᠠ᠂ ᠵᠠᠬ᠎ᠠ ᠳᠡᠯᠭᠡᠭᠦᠷ᠂ ᠳᠡᠯᠭᠡᠭᠦᠷ ᠳᠡᠭᠡᠷ᠎ᠡ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ︽ᠵᠢᠵᠢᠭ ᠪᠢᠴᠢᠯ ᠠᠵᠤ ᠠᠬᠤᠢᠯᠠᠯ ᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ  ᠵᠠᠬ᠎ᠠ ᠳᠡᠯᠭᠡᠭᠦᠷ︾ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠨ᠂ ︽ᠵᠢᠵᠢᠭ ᠪᠢᠴᠢᠯ ᠠᠵᠤ ᠠᠬᠤᠢᠯᠠᠯ ᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ  ᠵᠠᠬ᠎ᠠ ᠳᠡᠯᠭᠡᠭᠦᠷ︾ ᠤᠨ ᠡᠷᠡᠭᠦᠯ ᠢᠶᠠᠷ ᠬᠥᠭᠵᠢᠬᠦ ᠶᠢ ᠬᠥᠲᠥᠯᠥᠨ ᠳᠠᠭᠠᠭᠤᠯᠤᠨ᠎ᠠ᠃ ᠣᠲᠣ ᠪᠣᠯᠲᠠᠯ᠎ᠠ᠂ ᠨᠢᠭᠡᠨᠲᠡ 233 ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ︽ᠵᠢᠵᠢᠭ ᠪᠢᠴᠢᠯ ᠠᠵᠤ ᠠᠬᠤᠢᠯᠠᠯ ᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ  ᠵᠠᠬ᠎ᠠ ᠳᠡᠯᠭᠡᠭᠦᠷ ︾ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ 732 ᠡᠷᠦᠬᠡ ᠬᠠᠮᠤᠷᠴᠤ᠂ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠬᠤ ᠥᠷᠲᠡᠭᠡ ᠪᠠᠶᠢᠭᠤᠯᠵᠤ᠂ ᠲᠦᠩᠯᠢᠶᠣᠤ ᠶᠢᠨ ᠪᠣᠬᠢᠷᠲᠤᠯ ᠥᠬᠡᠶ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠵᠢᠯᠣᠭᠤᠳᠤᠨ ᠥᠨᠳᠥᠷ ᠪᠠᠷᠢᠮᠵᠢᠶ᠎ᠠ ᠪᠠᠷ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠪᠠᠶᠢᠭᠤᠯᠪᠠ᠃ ︽ ᠦᠨᠳᠦᠰᠦᠨ ᠱᠠᠲᠤᠨ ᠳᠤ ᠭᠦᠨᠵᠡᠭᠡᠶᠢᠷᠡᠨ ᠪᠣᠳᠠᠲᠤ ᠶᠠᠪᠤᠳᠠᠯ ᠬᠢᠵᠦ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠠᠵᠢᠯᠯᠠᠭ᠎ᠠ ᠳᠤᠮᠳᠠ᠂ ︽ᠵᠢᠵᠢᠭ ᠪᠢᠴᠢᠯ ᠠᠵᠤ ᠠᠬᠤᠢᠯᠠᠯ ᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ  ᠵᠠᠬ᠎ᠠ ᠳᠡᠯᠭᠡᠭᠦᠷ ︾ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠠᠷᠢᠯᠴᠠᠬᠤ ᠬᠤᠷᠠᠯ ᠢ ᠨᠡᠶᠢᠲᠡ 21 ᠤᠳᠠᠭ᠎ᠠ ᠬᠤᠷᠠᠯᠳᠤᠭᠤᠯᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠤᠨ ᠬᠦᠰᠡᠯ ᠱᠠᠭᠠᠷᠳᠠᠯᠭ᠎ᠠ ᠶᠢ ᠦᠨᠡᠨ ᠬᠦ ᠬᠠᠪᠰᠤᠷᠤᠨ ᠰᠢᠢᠳᠪᠦᠷᠢᠯᠡᠵᠦ᠂ ︽ᠵᠢᠵᠢᠭ ᠪᠢᠴᠢᠯ ᠠᠵᠤ ᠠᠬᠤᠢᠯᠠᠯ ᠤᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ  ᠵᠠᠬ᠎ᠠ ᠳᠡᠯᠭᠡᠭᠦᠷ︾ ᠤ ᠨᠠᠮ ᠤᠨ ᠪᠠᠶᠢᠭᠤᠯᠤᠯᠲᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠶᠠᠷ ᠢ ᠠᠬᠢᠭᠤᠯᠬᠤ ᠶᠢ ᠳᠥᠯᠭᠢᠨ ᠠᠬᠢᠭᠤᠯᠵᠤ᠂ ᠭᠤᠤᠯ ᠴᠣᠭᠴᠠ ᠶᠢ ᠲᠣᠭᠲᠠᠪᠤᠷᠢᠵᠢᠭᠤᠯᠬᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃

 

ᠢᠷᠡᠯᠲᠡ᠄ ᠲᠦᠩᠯᠢᠶᠣᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ