ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠠᠵᠤ ᠠᠬᠤᠢ ᠶᠢᠨ ᠪᠠᠶᠢᠳᠠᠯ ᠳᠤ ᠵᠠᠳᠠᠯᠤᠯᠲᠠ ᠬᠢᠵᠥ ᠬᠤᠳᠠᠯᠳᠤᠭ᠋᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠷᠢᠯᠠᠭᠤᠯᠪᠠ ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2023/7/25

    7ᠳ᠋ᠤᠭᠠᠷ ᠰᠠᠷ᠎ᠠ ᠶᠢᠨ 19 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦᠯᠢ ᠡᠳᠦᠷ ᠤᠨ ᠴᠠᠭ ᠢ ᠠᠰᠢᠭᠯᠠᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠪᠣᠯᠤᠨ ᠬᠤᠳᠠᠯᠳᠤᠭ᠋᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠷᠢᠯᠠᠭᠤᠯᠪᠠ᠃ ᠬᠤᠷᠠᠯ ᠳᠡᠭᠡᠷ᠎ᠡ᠂ 8 ᠲᠢᠩᠬᠢᠮ ᠲᠣᠪᠴᠢᠶ᠎ᠠ᠂ 5 ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠳᠤ ᠠᠵᠤ ᠠᠬᠤᠶᠢᠯᠠᠯ ᠪᠣᠯᠤᠨ ᠡᠯ᠎ᠡ ᠠᠶᠢᠮᠠᠭ ᠬᠤᠲᠠ ᠶᠢᠨ ᠬᠢᠨ ᠦᠭᠡ ᠬᠡᠯᠡᠵᠦ᠂ ᠳᠡᠳ᠋ ᠲᠡᠷᠢᠭᠦᠯᠡᠭᠴᠢ ᠨᠡᠷ ᠦᠨᠡᠯᠡᠯᠲᠡ ᠬᠢᠵᠦ᠂ ᠵᠥᠷᠢᠶ᠎ᠡ ᠪᠠᠨ ᠡᠷᠢᠵᠦ᠂ ᠠᠰᠠᠭᠤᠳᠠᠯ ᠢ ᠪᠠᠶᠢᠴᠠᠭᠠᠨ᠂ ᠠᠷᠭᠠᠴᠠᠭᠠᠬᠤ ᠪᠣᠳᠣᠯᠭ᠋᠎ᠠ ᠶᠢᠨ ᠳᠤᠬᠠᠢ ᠶᠠᠷᠢᠯᠴᠠᠪᠠ᠃ ᠸᠠᠩ ᠯᠢ ᠰᠢᠶᠠ ᠪᠠᠶᠢᠨ ᠪᠠᠶᠢᠨ ᠬᠤᠯᠪᠣᠭᠳᠠᠯ ᠪᠦᠬᠦᠢ ᠪᠠᠶᠢᠳᠠᠯ ᠢ ᠠᠰᠠᠭᠤᠵᠤ᠂ ᠲᠤᠬᠠᠢ ᠶᠢᠨ ᠲᠠᠯᠠᠪᠠᠢ ᠳᠤ ᠣᠷᠣᠨ ᠨᠤᠲᠤᠭ ᠪᠣᠯᠤᠨ ᠰᠠᠯᠠᠭ᠋᠎ᠠ ᠮᠥᠴᠢᠷ ᠤᠨ ᠠᠩᠬᠠᠷᠴᠤ ᠪᠠᠶᠢᠭ᠋᠎ᠠ ᠠᠰᠠᠭᠤᠳᠠᠯ ᠳᠤ ᠬᠠᠷᠢᠭᠤᠯᠲᠠ ᠥᠭᠪᠡ᠃

    ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠣᠷᠣᠨ ᠳᠠᠶᠠᠭᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠤ ᠳᠤᠮᠳᠠ ᠠᠬᠢᠯᠲᠠ ᠲᠠᠢ ᠪᠠᠶᠢᠬᠤ ᠰᠠᠶᠢᠨ ᠬᠠᠨᠳᠤᠰᠢ ᠪᠠᠨ ᠪᠠᠳᠤᠯᠠᠵᠥ᠂ ᠪᠠᠶᠠᠷᠯᠠᠭᠤᠰᠢᠲᠠᠶ ᠪᠥᠭᠡᠳ ᠰᠠᠨᠠᠭᠠᠰᠢᠷᠠᠭᠤᠰᠢᠳᠠᠢ ᠪᠠᠶᠢᠳᠠᠯ ᠪᠦᠷ ᠢᠯᠡᠷᠡᠵᠥ᠂ ᠣᠯᠠᠨ ᠵᠦᠶᠯ ᠤᠨ ᠭᠤᠤᠯ ᠪᠣᠯᠬᠤ ᠠᠵᠤ ᠠᠬᠤᠶ ᠶᠢᠨ ᠭᠦᠶᠴᠡᠳᠭᠡᠯ ᠲᠤᠭ᠋᠎ᠠ  ᠶᠢᠨ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠲᠦᠪᠰᠢᠨ ᠠᠴᠠ ᠳᠠᠪᠠᠵᠤ᠂ ᠵᠠᠬ᠎ᠠ ᠳᠡᠯᠭᠡᠭᠦᠷ ᠤᠨ ᠬᠡᠯᠪᠡᠯᠵᠡᠯ ᠵᠡᠷᠭᠡ ᠲᠣᠭᠳᠠᠭᠠᠯᠳᠤ ᠪᠤᠰᠤ ᠲᠣᠭᠲᠠᠭᠤᠨ ᠪᠤᠰᠤ ᠬᠦᠴᠦᠨ ᠵᠦᠶᠯ ᠤᠨ ᠠᠵᠤ ᠠᠬᠤᠶ ᠳᠤ ᠦᠵᠡᠭᠦᠯᠬᠦ ᠨᠥᠯᠥᠭᠡ ᠶᠢ ᠤᠮᠳᠤᠭᠠᠶᠢᠯᠠᠵᠦ ᠪᠣᠯᠬᠤ ᠥᠬᠡᠶ᠃ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠬᠠᠮᠤᠭ ᠤᠨ ᠦᠨᠳᠦᠰᠦᠨ ᠵᠦᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠋᠎ᠠ ᠶᠢ ᠪᠣᠳᠠᠲᠤ ᠠᠵᠢᠯᠯᠠᠭ᠋᠎ᠠ ᠪᠣᠯᠭᠠᠵᠦ᠂ ᠪᠣᠳᠠᠲᠠᠶ ᠠᠬᠤᠢ ᠪᠤᠯᠭᠠᠵᠤ᠂ ︽ᠰᠢᠨ᠋᠎ᠡ ᠵᠠᠮ ᠢ ᠨᠡᠭᠡᠭᠡᠬᠦ᠂ ᠳᠤᠮᠳᠠ ᠶᠢᠨ ᠳᠦᠪᠰᠢᠨ ᠳᠤ ᠣᠷᠣᠬᠤ︾ ᠬᠠᠷᠠᠯᠲᠠ ᠶᠢᠨ ᠲᠣᠭᠤᠷᠢᠨ ᠳᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠲᠣᠭᠲᠠᠭᠠᠯ︾ ᠶᠣᠰᠣᠭᠠᠷ᠂ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠤᠯᠳᠠ ᠶᠢ ᠠᠳᠬᠤᠵᠤ᠂ ᠬᠤᠪᠤᠷ ᠲᠤᠬᠢᠶᠠᠯᠳᠤᠬᠤ ᠠᠵᠠ ᠲᠣᠬᠢᠶᠠᠯ ᠢ ᠬᠤᠪᠢ ᠳᠠᠬᠢᠨ ᠢᠶᠠᠷ ᠨᠠᠨᠳᠢᠩᠨᠠᠨ ᠠᠵᠠ ᠲᠣᠬᠢᠶᠠᠯ ᠢ ᠴᠢᠷᠮᠠᠶᠢᠨ ᠠᠳᠬᠤᠵᠦ᠂ ᠲᠡᠷᠢᠭᠦᠨ ᠤ ᠪᠣᠯᠬᠤ ᠪᠠᠷ ᠴᠢᠷᠮᠠᠶᠢᠨ ᠪᠠᠶᠢᠷᠢ ᠳᠠᠪᠰᠢᠵᠥ᠂ ᠥᠷᠢᠰᠥᠯᠳᠦᠨ ᠬᠥᠭᠵᠢᠵᠥ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠯᠳᠠᠰᠢ ᠦᠭᠡᠢ ᠴᠢᠩᠭ᠎ᠠ ᠠᠩᠬᠠᠷᠤᠨ᠂ ᠠᠯᠢ ᠲᠦᠷᠭᠡᠨ ᠢᠶᠠᠷ ᠴᠢᠩᠭ᠎ᠠ ᠠᠳᠬᠤᠵᠤ᠂ 16 ᠵᠤᠷᠪᠤᠰ ᠭᠤᠤᠯᠳᠠᠯᠭ᠋᠎ᠠ ᠲᠠᠢ ᠠᠵᠤ ᠦᠶᠯᠡᠰ ᠤᠨ ᠬᠡᠯᠬᠢᠶ᠎ᠡ ᠬᠡᠬᠦ ︽ᠵᠠᠩᠬᠢᠯᠠᠭ᠋᠎ᠠ︾ ᠶᠢ ᠠᠳᠬᠤᠵᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠵᠥ ᠠᠪᠴᠢᠷᠠᠬᠤ ᠠᠵᠢᠯ ᠢ ᠴᠢᠩᠭ᠎ᠠ ᠠᠳᠬᠤᠵᠥ᠂ ︽ᠲᠠᠷᠢᠮᠠᠯ ᠨᠢ ᠡᠬᠢᠨ ᠳᠤ ᠪᠦᠳᠦᠭᠡᠭᠳᠡᠭᠦᠨ ᠨᠢ ᠰᠡᠭᠦᠯ ᠳᠤ︾ ᠪᠠᠶᠢᠬᠤ ᠶᠢ ᠴᠢᠩᠭ᠎ᠠ ᠠᠩᠬᠠᠷᠴᠤ ᠮᠠᠯ ᠠᠵᠤ ᠠᠬᠤᠶ ᠲᠠᠷᠢᠶᠠᠯᠠᠩ ᠤᠨ ᠠᠵᠤ ᠦᠶᠯᠡᠰ ᠤᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ  ᠶᠢ ᠠᠬᠢᠭᠤᠯᠵᠥ᠂ ︽ᠨᠡᠭᠦᠷᠡᠰᠦ ᠨᠢ ᠡᠬᠢᠨ ᠳᠤ ᠬᠢᠮᠢ ᠶᠢᠨ ᠪᠦᠲᠦᠭᠡᠭᠳᠡᠭᠦᠨ ᠨᠢ ᠰᠡᠭᠦᠯ ᠳᠤ︾ ᠪᠠᠶᠢᠬᠤ ᠶᠢ ᠴᠢᠩᠭ᠎ᠠ ᠠᠩᠬᠠᠷᠴᠤ ᠤᠯᠠᠮᠵᠢᠯᠠᠯᠲᠤ ᠠᠵᠤ ᠦᠢᠯᠡᠰ ᠤᠨ ︽ᠬᠥᠭᠰᠢᠨ ᠮᠣᠳᠣᠨ ᠠᠴᠠ ᠰᠢᠨ᠋᠎ᠠ ᠨᠠᠬᠢᠶ᠎ᠡ ᠭᠠᠷᠬᠤ︾  ᠶᠢ ᠠᠬᠢᠭᠤᠯᠵᠥ᠂ ᠰᠢᠨ᠋᠎ᠡ ᠡᠨᠧᠷᠭᠢ ᠶᠢ ᠴᠢᠩᠭ᠎ᠠ ᠠᠩᠬᠠᠷᠴᠤ ᠰᠢᠨ᠋᠎ᠡ ᠪᠠᠷ ᠮᠠᠨᠳᠤᠭᠰᠠᠨ ᠠᠵᠤ ᠦᠢᠯᠡᠰ ᠤᠨ ︽ᠳᠤᠯᠭᠠᠭᠤᠷᠢᠯᠠᠯ ᠪᠤᠯᠬᠤ︾ ᠶᠢ ᠳᠠᠶᠢᠴᠢᠯᠠᠵᠥ᠂ ᠠᠮᠤᠷ ᠲᠦᠪᠰᠢᠨ ᠤ ᠬᠤᠷᠢᠭ᠎ᠠ ᠱᠤᠭᠤᠮ᠂ ᠠᠮᠢ ᠠᠬᠤᠶ ᠶᠢᠨ ᠬᠤᠷᠢᠭ᠎ᠠ ᠱᠤᠭᠤᠮ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠵᠥ᠂ ᠠᠷᠠᠳ ᠤᠨ ᠠᠮᠢᠳᠤᠷᠠᠯ ᠤᠨ 43 ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠥ᠂ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠋᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠳᠡᠢ ᠬᠡᠵᠥ ᠵᠢᠭᠠᠨ ᠭᠠᠷᠭᠠᠪᠠ᠃

    ᠬᠤᠷᠠᠯ ᠳᠡᠭᠡᠷ᠎ᠡ᠂ ᠸᠠᠩ ᠯᠢ ᠰᠢᠶᠠ ᠡᠯ᠎ᠡ ᠠᠶᠢᠮᠠᠭ ᠬᠤᠲᠠ ᠶᠢᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠵᠥ ᠠᠪᠴᠢᠷᠠᠬᠤ ᠠᠮᠠᠯᠠᠯᠲᠠ ᠪᠠᠨ ᠪᠡᠶᠡᠯᠡᠭᠦᠯᠦᠭᠰᠡᠨ ᠨᠢ ᠪᠣᠳᠠᠲᠠᠶ ᠪᠢᠰᠢ᠂ ᠠᠵᠤ ᠠᠬᠤᠶᠢᠯᠠᠯ ᠳᠤ ᠥᠷᠢᠲᠦᠵᠦ ᠪᠠᠶᠢᠭ᠋᠎ᠠ ᠲᠠᠩᠰᠠ ᠵᠣᠭᠤᠰ ᠢᠶᠠᠨ ᠴᠠᠭ ᠲᠤᠬᠠᠶ ᠳᠤᠨᠢ ᠪᠤᠳᠤᠵᠥ ᠥᠭᠭᠦᠭᠰᠡᠨ ᠥᠬᠡᠶ᠂ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠋᠎ᠠ ᠠᠷᠭ᠋᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠭᠦᠢᠴᠡᠳ ᠦᠭᠡᠶ ᠪᠠ ᠠᠵᠤ ᠠᠬᠤᠶᠢᠯᠠᠯ ᠳᠤ ᠦᠢᠯᠡᠴᠢᠯᠡᠬᠦ ᠣᠯᠠᠨ ᠲᠦᠮᠡᠨ ᠳᠤ ᠦᠢᠯᠡᠴᠢᠯᠡᠬᠦ ᠦᠵᠡᠯ ᠤᠬᠠᠮᠰᠠᠷ ᠢᠶᠠᠷ ᠴᠢᠩᠭ᠎ᠠ ᠪᠢᠰᠢ ᠪᠠᠶᠢᠬᠤ᠂ ᠠᠷᠭ᠋᠎ᠠ ᠬᠡᠮᠵᠢᠶ᠎ᠡ ᠰᠤᠯᠠ ᠪᠠᠶᠢᠬᠤ ᠵᠡᠷᠭᠡ ᠲᠠᠯ᠎ᠠ ᠶᠢᠨ ᠪᠣᠳᠠᠲᠠᠶ ᠠᠰᠠᠭᠤᠳᠠᠯ ᠢ ᠣᠪᠣᠭ ᠨᠡᠷ᠎ᠡ ᠶᠢ ᠨᠢ ᠳᠤᠷᠠᠳᠴᠤ᠂ ᠰᠡᠳᠦᠪ ᠤᠴᠢᠷ ᠢ ᠨᠢ ᠵᠢᠭᠠᠵᠥ᠂ ︽ᠠᠯᠳᠠᠭ᠋᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾᠂ ᠠᠰᠠᠭᠤᠳᠠᠯ ᠢ ᠰᠢᠶᠳᠪᠦᠷᠢᠯᠡᠬᠦ ᠪᠣᠯ ᠳᠠᠷᠤᠶ ᠬᠤᠳᠠᠯᠳᠤᠭ᠋᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠥ ᠪᠠᠶᠢᠭ᠋᠎ᠠ ᠶᠠᠪᠤᠳᠠᠯ ᠮᠥᠨ᠂ ᠺᠠᠳ᠋ᠷᠴᠤᠳ ︽ᠬᠤᠶᠢᠷᠭᠤᠰᠢᠵᠥ︾ ᠪᠣᠯᠬᠤ ᠦᠭᠡᠢ᠂ ᠠᠵᠤ ᠠᠬᠤᠶᠢᠯᠠᠯ ᠴᠤ ︽ᠬᠤᠶᠢᠷᠭᠤᠰᠢᠵᠥ︾ ᠪᠣᠯᠬᠤ ᠦᠭᠡᠢ᠂ ᠠᠵᠤ ᠠᠬᠤᠶᠢᠯᠠᠯ ᠪᠣᠯ ᠵᠠᠰᠠᠭ ᠤᠨ ᠣᠷᠳᠣᠨ ᠤ ᠦᠢᠯᠡᠴᠢᠯᠡᠬᠦ ᠡᠲᠡᠭᠡᠳ ᠮᠥᠨ᠂ ᠵᠠᠰᠠᠭ ᠤᠨ ᠣᠷᠳᠣᠨ ᠣᠮᠤᠭ ᠲᠡᠭᠦᠯᠳᠡᠷ ᠢᠶᠠᠷ ᠠᠵᠤ ᠠᠬᠤᠶᠢᠯᠠᠯ ᠳᠤ ᠦᠢᠯᠡᠴᠢᠯᠡᠬᠦ ᠬᠡᠷᠡᠭᠲᠡᠢ᠂ ᠵᠠᠩᠭᠢᠯᠠᠭ᠋᠎ᠠ ᠶᠢᠨ ᠦᠶ᠎ᠡ ᠳᠤ ᠬᠠᠪᠰᠤᠷᠤᠭᠴᠢ ᠪᠤᠯᠵᠥ᠂ ᠬᠠᠮᠵᠢᠵᠥ ᠳᠡᠮᠵᠢᠬᠦ ᠬᠡᠷᠡᠭᠳᠡᠢ᠂ ᠠᠵᠤ ᠠᠬᠤᠶᠢᠯᠠᠯ ᠢᠯᠠᠩᠭᠤᠶ᠎ᠠ ᠳᠠᠭᠠᠭᠤᠯᠤᠬᠴᠢ ᠠᠵᠤ ᠠᠬᠤᠶᠢᠯᠠᠯ᠂ ᠬᠡᠯᠬᠢᠶ᠎ᠡ ᠶᠢᠨ ᠭᠤᠤᠯ ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠦᠶᠯᠡᠴᠢᠯᠡᠭᠡ ᠪᠠᠨ ᠴᠢᠩᠭᠠᠳᠬᠠᠵᠥ᠂ ᠠᠵᠤ ᠦᠶᠯᠡᠰ ᠤᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠥᠷᠢᠯᠡᠬᠦ ᠬᠡᠯᠬᠢᠶ᠎ᠡ ᠶᠢ ᠴᠢᠩᠭᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠪᠠᠷᠢᠮᠵᠢᠶ᠎ᠠ ᠶᠢᠨ ᠲᠦᠪᠰᠢᠨ ᠢ ᠳᠡᠭᠡᠭᠰᠢᠯᠡᠭᠦᠯᠵᠥ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠋᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠵᠥ᠂ ᠠᠷᠠᠯᠵᠢᠶᠠᠴᠢᠨ ᠤᠷᠢᠬᠤ᠂ ᠠᠷᠠᠯᠵᠢᠶᠠᠴᠢᠨ ᠤ ᠠᠮᠤᠷ ᠳᠦᠪᠰᠢᠨ ᠠᠵᠥ ᠳᠦᠷᠦᠬᠦ ᠳᠤ ᠦᠢᠯᠡᠴᠢᠯᠡᠬᠦ ︽ᠢᠵᠢᠯᠢ ᠳᠠᠭᠤᠤ︾ ᠶᠢ ᠰᠠᠶᠢᠳᠤᠷ ᠬᠠᠩᠬᠢᠨᠠᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃

 

ᠢᠷᠡᠯᠲᠡ᠄ ᠲᠣᠲᠣᠷᠬᠠᠢ ᠦᠭᠡᠢ