ᠪᠠᠶᠠᠨᠨᠠᠭᠤᠷ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠣᠶᠢᠵᠢᠭᠤᠯᠤᠨ ᠪᠤᠵᠠᠭᠠᠶᠢᠷᠠᠭᠤᠯᠪᠠ
ᠨᠡᠶᠢᠲᠡᠯᠡᠭᠰᠡᠨ ᠴᠠᠭ᠄
2023/7/26

    ᠡᠨᠡ ᠵᠢᠯ ᠠᠴᠠ ᠨᠠᠰᠢ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠡᠷᠦᠩᠬᠡᠢ ᠬᠡᠮᠵᠢᠶ᠎ᠡ 17 ᠲᠦᠮᠡᠨ ᠡᠷᠦᠬᠡ ᠶᠢ ᠳᠠᠪᠠᠪᠠ᠃

    ᠨᠢᠭᠡ ᠳᠤ᠂ ᠠᠮᠢᠵᠢᠷᠠᠯ ᠤᠨ ᠬᠦᠴᠦᠨ ᠢ ︽ᠴᠢᠯᠦᠭᠡᠲᠡᠢ︾ ᠪᠤᠯᠭᠠᠪᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠣᠷᠣᠭᠰᠢ ᠪᠠᠭᠤᠯᠭᠠᠭᠰᠠᠨ 35 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠢᠳᠡᠪᠬᠢᠲᠡᠢ ᠪᠠᠷ ᠵᠠᠯᠭᠠᠨ ᠠᠪᠴᠤ᠂ ᠪᠥᠬᠦ ᠶᠠᠪᠤᠴᠠ ᠢ ᠰᠦᠯᠵᠢᠶ᠎ᠡ ᠪᠠᠷ ᠭᠦᠢᠴᠡᠳᠭᠡᠬᠦ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠢ 68 ᠵᠦᠢᠯ ᠣᠷᠣᠭᠤᠯᠤᠨ᠂ ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ 7 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠪᠡᠶᠡᠯᠡᠭᠦᠯᠵᠦ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠭᠦᠢᠴᠡᠳᠬᠡᠬᠦ ᠶᠢ ᠪᠥᠬᠦ ᠲᠠᠯ᠎ᠠ ᠪᠠᠷ ᠬᠡᠷᠡᠭᠵᠢᠭᠦᠯᠪᠡ᠃

    ᠬᠤᠶᠠᠷ ᠲᠤ᠂ ᠭᠤᠣᠯᠴᠢ ︽ ᠬᠠᠮᠢᠶᠠᠷᠤᠯᠳᠠ ︾ ᠶᠢ ᠴᠢᠬᠤᠯᠠᠴᠢᠯᠠᠪᠠ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ︽ᠲᠣᠪᠴᠢᠶ᠎ᠠ ᠭᠠᠵᠠᠷ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ︾ ︽ᠭᠠᠵᠠᠷ ᠣᠷᠣᠨ ᠬᠤᠯᠪᠤᠭᠠᠯᠠᠨ ᠬᠥᠳᠡᠯᠦᠯᠴᠡᠬᠦ︾ ᠬᠤᠯᠪᠤᠭᠠᠯᠠᠨ ᠰᠤᠭᠤᠴᠢᠨ ᠪᠠᠶᠢᠴᠠᠭᠠᠬᠤ ᠰᠢᠨ᠎ᠡ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ 25 ᠰᠠᠯᠠᠭ᠎ᠠ ᠮᠥᠴᠢᠷ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠰᠤᠭᠤᠴᠢᠨ ᠪᠠᠶᠢᠴᠠᠭᠠᠬᠤ ᠲᠥᠯᠥᠪᠯᠡᠭᠡ᠂ ᠰᠠᠯᠠᠭ᠎ᠠ ᠮᠥᠴᠢᠷ ᠠᠯᠤᠰᠯᠠᠨ ᠰᠤᠭᠤᠴᠢᠨ ᠪᠠᠶᠢᠴᠠᠭᠠᠬᠤ ᠡᠭᠦᠷᠭᠡ ᠶᠢ 344 ᠤᠳᠠᠭ᠎ᠠ ᠂ 1349 ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠤᠭᠤᠴᠢᠨ ᠪᠠᠶᠢᠴᠠᠭᠠᠵᠤ᠂ ᠰᠠᠯᠠᠭ᠎ᠠ ᠮᠥᠴᠢᠷ ᠠᠯᠤᠰᠯᠠᠭᠰᠠᠨ ᠡᠭᠦᠷᠭᠡ ᠶᠢᠨ ᠡᠵᠡᠯᠡᠬᠦ ᠬᠠᠷᠢᠴᠠᠯ 34.61% ᠳᠤ ᠬᠦᠷᠴᠦ᠂ ᠪᠥᠬᠦ ᠣᠷᠣᠨ ᠤ ᠳᠤᠮᠳᠠᠴᠢ ᠪᠠᠷ 11.77 ᠵᠠᠭᠤᠨ ᠤ ᠬᠤᠪᠢ ᠠᠴᠠ ᠥᠨᠳᠥᠷ ᠪᠣᠯᠪᠠ᠃

    ᠭᠤᠷᠪᠠ ᠳᠤ᠂ ︽ᠦᠢᠯᠡᠴᠢᠯᠡᠭᠡ︾ ᠨᠢ ᠦᠷ᠎ᠡ ᠪᠦᠲᠦᠮᠵᠢ ᠶᠢ ᠴᠢᠬᠤᠯᠠᠴᠢᠯᠠᠪᠠ᠃ ᠠᠵᠤ ᠠᠬᠤᠶᠢᠯᠠᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ︽5+2︾ ᠤᠨ ᠴᠠᠭ ᠢ ᠤᠷᠲᠤᠳᠬᠠᠵᠤ ᠭᠦᠢᠴᠡᠳᠬᠡᠬᠦ᠂ ᠭᠠᠷᠠᠭ ᠤᠨ ᠰᠡᠭᠦᠯᠴᠢ ᠶᠢᠨ ᠠᠮᠠᠷᠠᠯᠲᠠ ᠶᠢᠨ ᠡᠳᠦᠷ ᠤᠨ ᠰᠡᠳᠬᠢᠯ ᠢ ᠳᠤᠯᠠᠭᠠᠴᠠᠭᠤᠯᠬᠤ ᠠᠯᠪᠠᠨ ᠭᠡᠷ᠂ ︽7×24 ᠴᠠᠭ︾ ᠤᠨ ᠣᠶᠤᠨᠴᠢ ᠬᠢᠨᠠᠨ ᠵᠥᠪᠰᠢᠶᠡᠷᠡᠯ ᠢ ᠬᠡᠪ ᠤᠨ ᠪᠠᠶᠢᠳᠠᠯ ᠢᠶᠠᠷ ᠬᠡᠷᠡᠭᠵᠢᠭᠦᠯᠦᠨ᠂ ᠰᠦᠯᠵᠢᠶᠡᠨ ᠳᠡᠭᠡᠷ᠎ᠡ ︽ᠲᠤᠪᠴᠢᠳᠠᠵᠦ ᠭᠦᠢᠴᠡᠳᠬᠡᠬᠦ︾᠂ ᠰᠦᠯᠵᠢᠶᠡᠨ ᠭᠠᠳᠠᠨ᠎ᠠ ︽ᠪᠠᠷᠢᠨ ᠭᠦᠢᠴᠡᠳᠬᠡᠵᠦ ᠪᠠᠷᠢᠨ ᠲᠠᠭᠤᠰᠬᠠᠬᠤ︾ 3.89 ᠲᠦᠮᠡᠨ ᠬᠤᠪᠢ ᠶᠢ ᠭᠦᠢᠴᠡᠳᠭᠡᠵᠦ᠂ ᠬᠤᠲᠠ ᠰᠢᠶᠠᠨ ᠬᠤᠶᠠᠷ ᠱᠠᠲᠤᠨ ᠤ ᠣᠯᠠᠨ ᠴᠤᠩᠬᠤᠪᠴᠢ ᠪᠠ ᠠᠵᠢᠯᠲᠠᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠱᠢᠶᠡᠴᠢ ᠴᠤᠩᠬᠤᠪᠴᠢ︾ ᠪᠠ ︽ᠰᠢᠯᠢᠳᠡᠭ ᠦᠢᠯᠡᠴᠢᠯᠡᠭᠡᠨ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠪᠠᠷ ᠦᠨᠡᠯᠡᠭᠳᠡᠪᠡ᠃

 

ᠢᠷᠡᠯᠲᠡ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ