ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠲᠡᠭᠡᠮᠵᠢ ᠶᠢᠨ ᠰᠡᠷᠭᠦᠭᠡᠯᠲᠡ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/7/28

    ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠨ ᠠᠷᠠᠯᠵᠢᠶᠠᠯᠠᠬᠤ ᠣᠷᠴᠢᠨ ᠤ ᠨᠥᠬᠦᠴᠡᠯ ᠢᠶᠠᠨ ᠰᠢᠯᠢᠳᠡᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠢᠲᠡᠭᠡᠮᠵᠢ ᠶᠢ ᠰᠡᠷᠭᠦᠭᠡᠬᠦ ᠠᠵᠢᠯ ᠤᠨ ᠬᠦᠴᠢᠷ ᠠᠰᠠᠭᠤᠳᠠᠯ᠂ ᠲᠦᠭᠵᠢᠷᠡᠯ ᠤᠨ ᠴᠡᠭ ᠪᠠ ᠡᠪᠡᠷᠰᠢᠶᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠲᠡᠭᠡᠮᠵᠢ ᠶᠢ ᠰᠡᠷᠭᠦᠭᠡᠬᠦ ᠶᠠᠪᠤᠴᠠ ᠶᠢ ᠳᠠᠬᠢᠨ ᠲᠣᠭᠲᠠᠭᠠᠵᠤ᠂ ᠰᠢᠢᠳᠪᠦᠷᠢᠯᠡᠬᠦ ᠴᠠᠭ ᠢ ᠪᠣᠭᠤᠨᠢᠰᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠢᠲᠡᠭᠡᠮᠵᠢ ᠶᠢᠨ ᠣᠷᠴᠢᠨ ᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ᠃

    ᠨᠢᠭᠡ ᠳᠤ᠂ ᠣᠨ ᠤ ᠮᠡᠳᠡᠭᠦᠯᠦᠯᠲᠡ ᠶᠢᠨ ᠤᠬᠠᠭᠤᠯᠭ᠎ᠠ ᠶᠢ ᠴᠢᠩᠭᠠᠷᠠᠭᠤᠯᠵᠤ᠂ ᠠᠵᠤ ᠠᠬᠤᠶᠢᠯᠠᠯ ᠢ ᠢᠲᠡᠭᠡᠮᠵᠢ ᠶᠢᠨ ᠬᠤᠬᠢᠷᠠᠯ ᠠᠴᠠ ᠵᠠᠶᠢᠯᠠᠭᠤᠯᠤᠨ᠎ᠠ᠃ ᠸᠢᠴᠠᠲ ᠤᠨ ᠨᠡᠶᠢᠲᠡ ᠶᠢᠨ ᠳ᠋ᠤᠭᠠᠷ᠂ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠴᠤᠭᠯᠠᠷᠠᠯ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠠᠵᠤ ᠠᠬᠤᠶᠢᠯᠠᠯ ᠳᠤ ᠣᠨ ᠤ ᠮᠡᠳᠡᠭᠦᠯᠦᠯᠲᠡ ᠶᠢ ᠨᠡᠶᠢᠲᠡᠯᠡᠬᠦ ᠰᠠᠨᠠᠭᠤᠯᠤᠮᠵᠢ ᠶᠢᠨ ᠮᠡᠳᠡᠭᠡ ᠵᠠᠩᠭᠢ ᠶᠢ ᠳᠠᠮᠵᠢᠭᠤᠯᠤᠨ ᠬᠦᠷᠭᠡᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠲᠤᠰᠬᠠᠶ ᠪᠠᠶᠢᠴᠠᠭᠠᠯᠲᠠ᠂ ᠠᠵᠤ ᠠᠬᠤᠶᠢᠯᠠᠯ ᠤᠨ ᠰᠤᠷᠪᠤᠯᠵᠢᠯᠠᠬᠤ ᠶᠠᠪᠤᠴᠠ ᠳᠤ ᠣᠨ ᠤ ᠮᠡᠳᠡᠭᠦᠯᠦᠯᠲᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠨᠡᠶᠢᠲᠡᠯᠡᠬᠦ ᠡᠭᠦᠷᠭᠡ ᠪᠠᠨ ᠬᠠᠤᠯᠢ ᠶᠣᠰᠣᠭᠠᠷ ᠭᠦᠢᠴᠡᠳᠭᠡᠬᠦ ᠶᠢ ᠰᠢᠮᠳᠠᠭᠤᠯᠵᠤ᠂ ᠢᠲᠡᠭᠡᠮᠵᠢ ᠶᠢᠨ ᠲᠦᠭᠰᠢᠭᠦᠷᠢ ᠶᠢ ᠪᠠᠭᠤᠷᠠᠭᠤᠯᠵᠤ᠂ ᠠᠵᠤ ᠠᠬᠤᠶᠢᠯᠠᠯ ᠤᠨ ᠬᠡᠪ ᠤᠨ ᠶᠣᠰᠣᠭᠠᠷ ᠦᠢᠯᠡᠳᠪᠦᠷᠢᠯᠡᠯ ᠡᠵᠡᠩᠨᠡᠯᠲᠡ ᠳᠤ ᠣᠷᠣᠬᠤ ᠶᠢ ᠰᠡᠷᠭᠦᠭᠡᠪᠡ᠃ 2022 ᠣᠨ ᠤ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠨᠣᠷᠮ᠎ᠠ 87.3% ᠳᠤ ᠬᠦᠷᠴᠦ᠂ ᠣᠨᠴᠠᠭᠠᠶᠢᠯᠠᠨ ᠪᠠᠶᠢᠭᠤᠯᠤᠭᠰᠠᠨ ᠠᠵᠤ ᠠᠬᠤᠶᠢᠯᠠᠯ᠂ ᠲᠣᠮᠣ ᠬᠡᠯᠪᠡᠷᠢ ᠶᠢᠨ ᠠᠵᠤ ᠠᠬᠤᠶᠢᠯᠠᠯ ᠪᠠ ᠪᠣᠭᠤᠮᠲᠠ ᠶᠢᠨ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠨᠣᠷᠮ᠎ᠠ 100% ᠳᠤ ᠬᠦᠷᠪᠡ᠃

    ᠬᠤᠶᠠᠷ ᠲᠤ᠂ ᠢᠲᠡᠭᠡᠮᠵᠢ ᠶᠢ ᠰᠡᠷᠭᠦᠭᠡᠬᠦ ᠠᠵᠢᠯ ᠤᠨ ᠰᠠᠨᠠᠯ ᠢ ᠨᠡᠶᠢᠲᠡᠯᠡᠵᠦ᠂ ᠳᠠᠬᠢᠨ ᠵᠠᠰᠠᠨ ᠰᠡᠷᠭᠦᠭᠡᠬᠦ ᠶᠠᠪᠤᠴᠠ ᠶᠢ ᠲᠣᠭᠲᠠᠭᠠᠵᠤ᠂ ᠲᠤᠰᠢᠶᠠᠬᠤ ᠮᠠᠲ᠋ᠧᠷᠢᠶᠠᠯ ᠢ ᠪᠠᠭᠠᠰᠬᠠᠬᠤ ᠬᠡᠮᠵᠢᠶ᠎ᠡ ᠶᠢ 50% ᠠᠴᠠ ᠳᠠᠪᠠᠭᠤᠯᠤᠨ᠎ᠠ᠃ 2023 ᠣᠨ ᠠᠴᠠ ᠨᠠᠭᠠᠰᠢ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢᠨ 68 ᠠᠵᠤ ᠠᠬᠤᠶᠢᠯᠠᠯ ᠢ ᠰᠢᠯᠵᠢᠭᠦᠯᠦᠨ ᠭᠠᠷᠭᠠᠵᠤ᠂ ᠲᠠᠷᠢᠶᠠᠴᠢᠨ ᠤ ᠲᠤᠰᠬᠠᠶ ᠬᠤᠷᠰᠢᠶᠠᠵᠢᠯ ᠤᠨ 23 ᠡᠷᠦᠬᠡ ᠶᠢ ᠰᠢᠯᠵᠢᠭᠦᠯᠦᠨ ᠭᠠᠷᠭᠠᠵᠤ᠂ ᠬᠡᠪ ᠤᠨ ᠪᠤᠰᠤ ᠡᠵᠡᠩᠨᠡᠯᠲᠡ ᠶᠢᠨ ᠪᠠᠶᠢᠳᠠᠯ ᠲᠠᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ 10268 ᠡᠷᠦᠬᠡ ᠶᠢ ᠬᠦᠴᠦᠨ ᠥᠬᠡᠶ ᠪᠣᠯᠭᠠᠵᠤ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ 129 ᠡᠷᠦᠬᠡ ᠶᠢ ᠰᠢᠯᠵᠢᠭᠦᠯᠦᠨ ᠭᠠᠷᠭᠠᠪᠠ᠃

    ᠭᠤᠷᠪᠠ ᠳᠤ᠂ ︽ᠠᠭᠤᠯᠵᠠᠬᠤ ᠥᠬᠡᠶ︾ ᠬᠡᠯᠪᠡᠷᠢ ᠪᠠᠷ ᠢᠲᠡᠭᠡᠮᠵᠢ ᠶᠢ ᠰᠡᠷᠭᠦᠭᠡᠬᠦ ᠶᠢ ᠠᠬᠢᠭᠤᠯᠤᠨ᠎ᠠ᠃ ︽ᠰᠦᠯᠵᠢᠶᠡᠨ ᠳᠡᠭᠡᠷ᠎ᠡ ᠭᠦᠢᠴᠡᠳᠭᠡᠬᠦ᠂ ᠤᠲᠠᠰᠤ ᠪᠠᠷ ᠭᠦᠢᠴᠡᠳᠭᠡᠬᠦ᠂ ᠰᠢᠤᠳᠠᠨ ᠢᠶᠠᠷ ᠭᠦᠢᠴᠡᠳᠭᠡᠬᠦ︾ ᠵᠠᠭᠪᠤᠷ ᠢ ᠬᠡᠷᠡᠭᠯᠡᠬᠦ ᠶᠢ ᠵᠣᠷᠢᠭᠵᠢᠭᠤᠯᠵᠤ᠂ ᠢᠲᠡᠭᠡᠮᠵᠢ ᠶᠢ ᠰᠡᠷᠭᠦᠭᠡᠬᠦ ᠶᠢ ᠰᠦᠯᠵᠢᠶᠡᠨ ᠳᠡᠭᠡᠷ᠎ᠡ ᠭᠦᠢᠴᠡᠳᠭᠡᠵᠦ ᠳᠠᠭᠤᠰᠬᠠᠬᠤ ᠨᠣᠷᠮ᠎ᠠ ᠶᠢ 50% ᠠᠴᠠ ᠳᠡᠭᠡᠭᠰᠢ ᠳᠤ ᠬᠦᠷᠭᠡᠪᠡ᠃

    ᠲᠦᠷᠪᠡ ᠳᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠶᠠᠪᠤᠴᠠ ᠶᠢᠨ ᠲᠥᠰᠦᠯ ᠢ ᠦᠨᠳᠦᠰᠦᠯᠡᠨ᠎ᠡ᠃ ᠨᠥᠬᠦᠴᠡᠯ ᠳᠤ ᠨᠡᠶᠢᠴᠡᠬᠦ ᠲᠤᠬᠠᠶ ᠶᠢᠨ ᠬᠥᠮᠦᠨ ᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠨᠡᠷᠡᠰ ᠢ ᠤᠷᠢᠳᠴᠢᠯᠠᠨ ᠰᠢᠯᠵᠢᠭᠦᠯᠦᠨ ᠭᠠᠷᠭᠠᠵᠤ᠂ ᠨᠥᠬᠦᠴᠡᠯ ᠳᠤ ᠨᠡᠶᠢᠴᠡᠬᠦ ᠲᠤᠬᠠᠶ ᠶᠢᠨ ᠬᠥᠮᠦᠨ ᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠯ ᠤᠨ ᠰᠢᠰᠲ᠋ᠧᠮ ᠢᠶᠠᠷ ᠳᠠᠮᠵᠢᠭᠤᠯᠤᠨ ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢᠨ ᠬᠤᠶᠠᠷ ᠵᠦᠢᠯ ᠤᠨ ᠢᠲᠡᠭᠡᠮᠵᠢ ᠶᠢ ᠰᠡᠷᠭᠦᠭᠡᠬᠦ ᠵᠦᠢᠯᠡᠰ ᠢ ᠰᠢᠭᠤᠳ ᠳᠣᠷᠣᠭᠰᠢ ᠪᠠᠭᠤᠯᠭᠠᠬᠤ ᠬᠡᠯᠪᠡᠷᠢ ᠪᠠᠷ ᠡᠯ᠎ᠡ ᠬᠤᠰᠢᠭᠤ ︵ᠲᠣᠭᠤᠷᠢᠭ︶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ︶ ᠳᠤ ᠪᠠᠭᠤᠯᠭᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠷᠢᠶ᠎ᠠ ᠭᠠᠵᠠᠷ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠳᠥᠭᠦᠮ ᠦᠵᠡᠭᠦᠯᠪᠡ᠃

 

ᠢᠷᠡᠯᠲᠡ᠄ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ